ᠳᠦᠷᠦ ᠶᠢᠨ ᠶᠠᠪᠤᠳᠠᠯ ᠤᠨ ᠬᠤᠷᠢᠶ᠎ᠠ ︽ᠬᠦᠬᠡ ᠤᠬᠳᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠭᠤᠷᠪᠠᠨ ᠵᠢᠯ ᠤᠨ ᠠᠵᠢᠯᠯᠠᠭᠠᠨ ᠤ ᠳᠦᠯᠦᠪᠯᠡᠭᠡ︾ ᠶᠢ ᠳᠠᠷᠤᠮᠠᠯᠯᠠᠨ ᠳᠠᠷᠬᠠᠭᠠᠪᠠ
ᠨᠡᠶᠢᠲᠡᠯᠡᠭᠰᠡᠨ ᠴᠠᠭ᠄
2018/7/5
   ᠶᠡᠷᠦᠩᠬᠡᠢ ᠰᠠᠶᠢᠳ ᠯᠢ ᠺᠧ ᠴᠢᠶᠠᠩ ᠢᠶᠠᠷ ᠭᠠᠷ ᠤᠨ ᠦᠰᠦᠭ ᠵᠢᠷᠤᠭᠤᠯᠤᠨ ᠵᠦᠪᠰᠢᠶᠡᠷᠡᠬᠦᠯᠦᠬᠡᠳ᠂ ᠳᠦᠷᠦ ᠶᠢᠨ ᠶᠠᠪᠤᠳᠠᠯ ᠤᠨ ᠬᠤᠷᠢᠶ᠎ᠠ ᠳᠦᠷᠦᠬᠦᠬᠡᠨ ︽ᠬᠦᠬᠡ ᠤᠬᠳᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠭᠤᠷᠪᠠᠨ ᠵᠢᠯ ᠤᠨ ᠠᠵᠢᠯᠯᠠᠭᠠᠨ ᠤ ᠳᠦᠯᠦᠪᠯᠡᠭᠡ︾ ︵ᠳᠤᠷᠤᠬᠰᠢ ︽ᠠᠵᠢᠯᠯᠠᠭᠠᠨ ᠤ ᠳᠦᠯᠦᠪᠯᠡᠭᠡ︾ ᠬᠡᠵᠥ ᠳᠦᠬᠦᠮᠴᠢᠯᠡᠨ᠎ᠡ︶ ᠶᠢ ᠳᠠᠷᠤᠮᠠᠯᠯᠠᠨ ᠳᠠᠷᠬᠠᠭᠠᠵᠥ᠂ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠤᠨ ᠶᠡᠷᠦᠩᠬᠡᠢ ᠰᠡᠳᠬᠢᠴᠡ᠂ ᠦᠨᠳᠦᠰᠦᠨ ᠬᠠᠷᠠᠯᠳᠠ᠂ ᠭᠤᠤᠯ ᠡᠬᠦᠷᠬᠡ ᠪᠤᠯᠤᠨ ᠪᠠᠳᠤᠯᠠᠪᠤᠷᠢ ᠶᠢᠨ ᠠᠷᠭ᠎ᠠ ᠠᠪᠴᠠᠯ ᠢ ᠳᠤᠳᠤᠷᠬᠠᠢᠢᠯᠠᠵᠥ᠂ ᠬᠦᠬᠡ ᠤᠬᠳᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠳᠠ ᠶᠢ ᠤᠯᠬᠤ ᠴᠠᠬ ᠤᠨ ᠬᠦᠰᠦᠨᠦᠭᠳᠤ ᠪᠤᠯᠤᠨ ᠵᠠᠮ ᠱᠤᠭᠤᠮ ᠤᠨ ᠵᠢᠷᠤᠭ ᠢ ᠳᠤᠷᠠᠳᠴᠤ ᠭᠠᠷᠭᠠᠪᠠ᠃ ︽ᠠᠵᠢᠯᠯᠠᠭᠠᠨ ᠤ ᠲᠦᠯᠤᠪᠯᠡᠭᠡ︾ ᠳᠤ ᠂ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠤᠯᠤᠨ ᠪᠦᠭᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠠ ᠭᠦᠭᠵᠢᠯᠳᠠ ᠶᠢᠨ ᠦᠢᠯᠠᠭᠠᠭᠳᠠᠬᠤᠨ ᠢ ᠪᠠᠷᠢᠮᠳᠠᠯᠠᠵᠤ᠂ ᠪᠦᠭᠦ ᠠᠷᠠᠳ ᠬᠠᠮᠳᠤᠪᠡᠷ ᠵᠠᠰᠠᠬᠤ᠂ ᠡᠬᠢ ᠡᠭᠦᠰᠤᠯ ᠠᠴᠠ ᠨᠢ ᠰᠡᠷᠭᠡᠶᠢᠯᠡᠨ ᠵᠠᠰᠠᠬᠤ᠂ ᠦᠩᠬᠡᠨ ᠳᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠳᠠᠯᠠᠵᠤ᠂ ᠪᠡᠭᠡᠵᠢᠩ ᠲᠢᠶᠠᠨᠵᠢᠨ ᠾᠧᠪᠸᠢ ᠵᠢᠴᠢ ᠡᠷᠬᠢᠨ ᠳᠤᠭᠤᠷᠢᠨ ᠤ ᠭᠠᠵᠠᠷ ᠤᠷᠤᠨ᠂ ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠭᠠᠵᠠᠷ ᠤᠷᠤᠨ᠂ ᠹᠧᠨ ᠡᡁᠧ ᠭᠤᠤᠯ ᠸᠧᠢ ᠡᡁᠧ ᠭᠤᠤᠯ ᠤᠨ ᠲᠠᠯ᠎ᠠ ᠭᠠᠵᠠᠷ ᠵᠡᠷᠭᠡ ᠤᠷᠤᠨ ᠪᠦᠰᠡ ᠪᠠᠷ ᠭᠤᠤᠯᠳᠠᠯᠭ᠎ᠠ ᠪᠤᠯᠭᠠᠵᠤ᠂ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠵᠤ᠂ ᠠᠵᠤ ᠠᠬᠤᠢ᠂ ᠬᠠᠤᠯᠢ ᠴᠠᠭᠠᠵᠠ᠂ ᠮᠡᠷᠭᠡᠵᠢᠯ ᠪᠤᠯᠤᠨ ᠴᠢᠬᠤᠯᠠ ᠪᠦᠬᠦᠢ ᠵᠠᠰᠠᠭ ᠵᠠᠬᠢᠷᠭᠠᠨ ᠤ ᠠᠷᠭ᠎ᠠ ᠠᠪᠴᠢᠯ ᠢ ᠶᠡᠷᠤᠩᠭᠡᠶᠢᠯᠡᠨ ᠭᠡᠷᠡᠭᠯᠡᠵᠤ᠂ ᠨᠢᠭᠡᠳᠦᠯᠲᠡᠢ ᠲᠦᠯᠦᠪᠵᠢᠭᠦᠯᠦᠨ ᠨᠡᠶᠢᠲᠡᠮ ᠳᠤ ᠨᠢ ᠬᠠᠷᠠᠭᠠᠯᠵᠠᠵᠤ ᠪᠠᠶᠢᠭᠠᠳ ᠰᠢᠰᠲ᠋ᠧᠮ ᠲᠠᠢ ᠲᠦᠯᠤᠪᠵᠢᠬᠦᠯᠵᠤ᠂ ᠤᠨᠢᠨ ᠳᠡᠬᠡᠷ᠎ᠡ ᠨᠢ ᠠᠷᠭ᠎ᠠ ᠪᠤᠳᠤᠯᠭ᠎ᠠ ᠭᠡᠷᠡᠭᠵᠢᠭᠦᠯᠵᠤ᠂ ᠭᠦᠭᠡ ᠤᠬᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠳᠠ ᠶᠢ ᠡᠷᠡᠰ ᠲᠡᠮᠡᠴᠡᠨ ᠤᠯᠵᠤ᠂ ᠤᠷᠴᠢᠨ ᠲᠤᠭᠤᠷᠢᠨ ᠤ ᠦᠷ᠎ᠠ ᠠᠰᠢᠭ᠂ ᠠᠵᠤ ᠠᠬᠤᠢ ᠶᠢᠨ ᠦᠷ᠎ᠠ ᠠᠰᠢᠭ ᠪᠤᠯᠤᠨ ᠨᠡᠶᠢᠭᠡᠮ ᠤᠨ ᠦᠷ᠎ᠠ ᠠᠰᠢᠭ ᠵᠡᠷᠭᠡ ᠤᠯᠠᠨ ᠲᠠᠯ᠎ᠠ ᠶᠢᠨ ᠥᠷ᠎ᠡ ᠠᠰᠢᠬ ᠤᠯᠬᠤ ᠶᠢ ᠪᠡᠶᠡᠯᠡᠭᠦᠯᠤᠨ᠎ᠡ ᠬᠡᠵᠥ ᠵᠢᠭᠠᠵᠤ ᠭᠠᠷᠭᠠᠪᠠ᠃ ︽ᠠᠵᠢᠯᠯᠠᠭᠠᠨ ᠤ ᠲᠦᠯᠦᠪᠯᠡᠭᠡ︾ ᠳᠤ᠂ 3 ᠵᠢᠯ ᠤᠨ ᠴᠢᠷᠮᠠᠶᠢᠯᠭ᠎ᠠ ᠪᠠᠷ ᠲᠠᠮᠵᠢᠭᠤᠯᠵᠦ᠂ ᠠᠭᠠᠷ ᠮᠠᠠᠲᠠᠯ ᠤᠨ ᠭᠤᠤᠯ ᠪᠤᠯᠬᠤ ᠪᠤᠬᠢᠷᠲᠤᠯ ᠪᠤᠲᠠᠰ ᠭᠠᠲᠠᠭᠰᠢᠯᠠᠭᠤᠯᠬᠤ ᠶᠡᠷᠦᠩᠭᠡᠢ ᠬᠡᠮᠵᠢᠶ᠎ᠠ ᠶᠢ ᠶᠡᠬᠡᠪᠠᠷ ᠪᠠᠭᠠᠰᠬᠠᠠ᠂ ᠬᠦᠯᠡᠮᠵᠢ ᠶᠢᠨ ᠭᠡᠢ ᠪᠡᠶᠡᠲᠦ ᠭᠠᠲᠠᠭᠰᠢᠯᠠᠭᠤᠯᠬᠤ ᠶᠢ ᠬᠠᠮᠵᠢᠠ ᠪᠠᠭᠠᠰᠬᠠᠵᠦ᠂ ᠵᠢᠵᠢᠭ ᠮᠦᠬᠦᠯᠢᠭᠲᠦ ᠪᠤᠲᠠᠰ ︵PM2.5︶ ᠤᠨ ᠦᠳᠭᠡᠴᠡ ᠶᠢ ᠴᠢᠨᠠᠭᠰᠢᠲᠠ ᠮᠡᠲᠡᠭᠲᠡᠮ᠎ᠠ ᠪᠠᠭᠤᠷᠠᠭᠤᠯᠵᠦ᠂ ᠬᠦᠨᠲᠤ ᠪᠤᠬᠢᠷᠲᠤᠯ ᠲᠠᠢ ᠡᠲᠦᠷ ᠤᠨ ᠲᠤᠭ᠎ᠠ ᠶᠢ ᠮᠡᠲᠡᠭᠲᠡᠮ᠎ᠠ ᠪᠠᠭᠠᠰᠬᠠᠠ᠂ ᠤᠷᠴᠢᠨ ᠲᠤᠭᠤᠷᠢᠨ ᠠᠭᠤᠷ ᠠᠮᠢᠰᠬᠤᠯ ᠤᠨ ᠶᠠᠰᠤ ᠴᠢᠨᠠᠷ ᠢ ᠮᠡᠲᠡᠭᠲᠡᠮ᠎ᠠ ᠰᠠᠶᠢᠵᠢᠷᠠᠭᠤᠯᠤᠠ᠂ ᠠᠷᠠᠳ ᠲᠦᠮᠡᠡ ᠤ ᠬᠦᠭᠡ ᠤᠭᠲᠠᠷᠭᠤᠢ ᠶᠢᠨ ᠵᠤᠯ ᠵᠢᠷᠭᠠᠯ ᠤᠨ ᠲᠦᠷᠦᠭᠲᠡᠯ ᠢ ᠮᠡᠲᠡᠭᠲᠡᠮ᠎ᠠ ᠴᠢᠩᠭᠠᠷᠠᠭᠤᠯᠬᠤ ᠬᠡᠷᠡᠭᠲᠡᠢ᠃ 2020 ᠤᠨ ᠪᠤᠯᠬᠤ ᠳᠤ᠂ ᠬᠦᠬᠦᠷ ᠤᠨ ᠲᠠᠪᠬᠤᠷ ᠢᠰᠦᠯ᠂ ᠠᠽᠤᠲ ᠤᠨ ᠢᠰᠦᠯ ᠢ ᠭᠠᠲᠠᠭᠰᠢᠯᠠᠭᠤᠯᠬᠤ ᠶᠡᠷᠦᠩᠭᠡᠢ ᠬᠡᠮᠵᠢᠶ᠎ᠠ ᠶᠢ ᠲᠤᠰ ᠪᠦᠷᠢ 2015 ᠤᠨ ᠤ ᠬᠢ ᠠᠴᠠ 15% ᠪᠠᠭᠤᠷᠠᠭᠤᠯᠤᠨ᠎ᠠ︔ PM2.5 ᠪᠠᠷᠢᠮᠵᠢᠶ᠎ᠠ ᠳᠤ ᠦᠯᠦ ᠬᠦᠷᠬᠦ ᠲᠤᠰᠬᠠᠢ ᠤᠷᠤᠨ ᠤ ᠲᠡᠰ ᠵᠢᠴᠢ ᠲᠡᠭᠦᠨ ᠠᠴᠠ ᠲᠡᠭᠡᠭᠰᠢᠬᠢ ᠬᠤᠲᠠ ᠶᠢᠨ PM2.5 ᠶᠢᠨ ᠦᠳᠭᠡᠴᠡ ᠶᠢ 2015 ᠤᠨ ᠤ ᠬᠢ ᠠᠴᠠ 18% ᠠᠴᠠ ᠲᠡᠭᠡᠭᠰᠢ ᠪᠠᠭᠤᠷᠠᠭᠤᠯᠵᠤ᠂ ᠲᠤᠰᠬᠠᠢ ᠤᠷᠤᠨ ᠤ ᠲᠡᠰ ᠠᠴᠠ ᠲᠡᠭᠡᠭᠰᠢᠬᠢ ᠬᠤᠲᠠ ᠶᠢᠨ ᠠᠭᠤᠷ ᠠᠮᠢᠰᠬᠤᠯ ᠤᠨ ᠶᠠᠰᠤ ᠴᠢᠨᠠᠷ ᠰᠢᠯᠢᠲᠡᠭ ᠪᠠᠶᠢᠬᠤ ᠡᠲᠦᠷ ᠤᠨ ᠲᠤᠭ᠎ᠠ ᠶᠢᠨ ᠬᠠᠷᠢᠴᠠᠯ ᠢ 80% ᠲᠤ ᠬᠦᠷᠭᠡᠵᠦ᠂ ᠬᠦᠨᠳᠦ ᠪᠤᠬᠢᠷᠲᠤᠯ ᠲᠠᠢ ᠪᠠ ᠲᠡᠭᠦᠨ ᠠᠴᠠ ᠲᠡᠭᠡᠭᠰᠢᠬᠢ ᠪᠤᠬᠢᠷᠲᠤᠯ ᠲᠠᠢ ᠡᠲᠦᠷ ᠤᠨ ᠲᠤᠭ᠎ᠠ ᠶᠢᠨ ᠬᠠᠷᠢᠴᠠᠯ ᠢ 2015 ᠤᠨ ᠤ ᠬᠢ ᠠᠴᠠ 25% ᠠᠴᠠ ᠲᠡᠭᠡᠭᠰᠢ ᠪᠠᠭᠤᠷᠠᠭᠤᠯᠤᠨ᠎ᠠ ᠭᠡᠵᠦ ᠲᠤᠷᠠᠳᠴᠠᠢ᠃ ︽ᠠᠵᠢᠯᠯᠠᠭᠠᠨ ᠤ ᠲᠦᠯᠦᠪᠯᠡᠭᠡ︾ ᠳᠤ ᠵᠢᠷᠭᠤᠭᠠᠨ ᠲᠠᠯ᠎ᠠ ᠶᠢᠨ ᠡᠭᠦᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠶᠢᠨ ᠬᠠᠮᠲᠤ ᠲᠤᠭ᠎ᠠ ᠨᠤᠷᠮᠠᠴᠢᠯᠠᠭᠰᠠᠠ ᠭᠦᠢᠴᠡᠳᠭᠡᠬᠦ ᠡᠭᠦᠷᠭᠡ ᠪᠤᠯᠤᠨ ᠪᠡᠶᠡᠯᠡᠭᠦᠯᠬᠦ ᠴᠠᠭ ᠤᠨ ᠬᠢᠵᠠᠭᠠᠷ ᠢ ᠲᠤᠳᠤᠷᠬᠠᠢ ᠲᠤᠭᠲᠠᠭᠠᠪᠠ᠃ ᠨᠢᠭᠡ ᠳᠤ᠂ ᠠᠵᠦ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠠᠵᠦ ᠦᠢᠯᠡᠰ ᠤᠨ ᠪᠤᠬᠢᠷᠳᠤᠯ ᠦᠭᠡᠢ ᠬᠦᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠡᠨᠧᠷᠬᠢ ᠶᠢᠨ ᠪᠦᠲᠦᠴᠡ ᠶᠢᠨ ᠲᠤᠬᠢᠷᠠᠭᠤᠯᠤᠯᠲᠠ ᠶᠢ ᠲᠦᠷᠭᠡᠳᠭᠡᠵᠦ᠂ ᠠᠷᠢᠭᠤᠨ ᠴᠡᠪᠡᠷ ᠳᠤᠤᠷ᠎ᠠ ᠨᠡᠬᠦᠷᠡᠰᠦᠳᠦ᠋ᠷᠦᠭᠴᠢᠲᠦ ᠦᠨᠳᠦᠷ ᠪᠦᠲᠦᠮᠵᠢᠲᠠᠢ ᠡᠨᠧᠷᠬᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠭᠤᠷᠪᠠ ᠳᠤ᠂ ᠵᠦᠭᠡᠭᠡᠪᠦᠷᠢ ᠶᠢᠨ ᠪᠦᠲᠦᠴᠡ ᠶᠢ ᠢᠳᠡᠪᠬᠢᠲᠡᠢ ᠲᠤᠬᠢᠷᠠᠭᠤᠯᠵᠤ᠂ ᠪᠤᠬᠢᠷᠳᠤᠯ ᠦᠭᠡᠢ ᠵᠠᠮ ᠬᠠᠷᠢᠯᠴᠠᠭᠠᠨ ᠤ ᠰᠢᠰᠲ᠋ᠧᠮ ᠢ ᠬᠦ᠋ᠭᠵᠢᠭᠦᠯᠬᠦ ᠬᠡᠷᠡᠭᠲᠡᠢ᠃ ᠳᠦᠷᠪᠡ ᠳᠤ᠂ ᠭᠠᠵᠠᠷ ᠰᠢᠷᠤᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠦᠨ ᠲᠤᠬᠢᠷᠠᠭᠤᠯᠵᠤ᠂ ᠭᠠᠵᠠᠷ ᠤᠨ ᠭᠠᠲᠠᠷᠭᠤ ᠲᠠᠯ᠎ᠠ ᠶᠢᠨ ᠪᠤᠬᠢᠷᠳᠤᠯ ᠤᠨ ᠵᠠᠰᠠᠯᠲᠠ ᠶᠢ ᠠᠬᠢᠭᠤᠯᠬᠤ ᠬᠡᠷᠡᠭᠲᠡᠢ᠃ ᠲᠠᠪᠤ ᠳᠤ᠂ ᠴᠢᠬᠤᠯᠠ ᠶᠡᠭᠡ ᠲᠤᠰᠬᠠᠢ ᠲᠦᠷᠦᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠪᠤᠬᠢᠷᠳᠤᠯ ᠪᠤᠳᠠᠰ ᠤᠨ ᠭᠠᠳᠠᠭᠰᠢᠭᠤᠯᠤᠯᠲᠠ ᠶᠢ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ᠃ ᠵᠢᠷᠭᠤᠭ᠎ᠠ ᠳᠤ᠂ ᠤᠷᠤᠨ ᠪᠦᠰᠡ ᠶᠢᠨ ᠬᠤᠯᠪᠤᠭᠠᠯᠠᠵᠤ ᠰᠡᠷᠭᠡᠶᠢᠯᠡᠬᠦ ᠬᠤᠯᠪᠤᠭᠠᠯᠠᠵᠤ ᠡᠵᠡᠮᠳᠡᠬᠦ ᠶᠢ ᠴᠢᠩᠭᠠᠳᠬᠠᠵᠤ᠂ ᠬᠦᠨᠳᠦ ᠪᠤᠬᠢᠷᠳᠤᠯ ᠲᠠᠢ ᠴᠠᠭ ᠠᠭᠤᠷ ᠢ ᠪᠦᠲᠦᠮᠵᠢᠲᠡᠢ ᠠᠷᠭᠠᠴᠠᠬᠤ ᠬᠡᠷᠡᠭᠲᠡᠢ᠃ ᠤᠷᠤᠨ ᠪᠦᠰᠡ ᠶᠢᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠮᠲᠤᠷᠠᠯᠴᠠᠭᠠᠨ ᠤ ᠲᠤᠭᠲᠠᠴᠠ ᠶᠢ ᠪᠠᠶᠢᠭᠤᠯᠵᠤ ᠲᠡᠭᠦᠯᠳᠡᠷᠵᠢᠭᠦᠯᠦᠨ᠂ ᠬᠦᠨᠳᠦ ᠪᠤᠬᠢᠷᠳᠤᠯ ᠲᠠᠢ ᠴᠠᠭ ᠠᠭᠤᠷ ᠢ ᠪᠠᠴᠢᠮ ᠠᠷᠭᠠᠴᠠᠬᠤ ᠬᠤᠯᠪᠤᠭᠠᠯᠠᠭᠰᠠᠨ ᠠᠵᠢᠯᠯᠠᠭ᠎ᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠭᠠᠳᠠᠭᠰᠢᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠤᠲᠠᠲᠠᠶᠢᠵᠢᠭᠤᠯᠬᠤ ᠬᠡᠷᠡᠭᠲᠡᠢ᠃ ︵ᠰᠢᠨᠬᠤᠸᠠ ᠬᠤᠷᠢᠶᠠᠨ ᠤ ᠪᠡᠬᠡᠵᠢᠩ ᠤᠨ 7 ᠰᠠᠷ᠎ᠠ ᠶᠢᠨ 3 ᠤ ᠴᠠᠬᠢᠯᠭᠠᠨ ᠮᠡᠳᠡᠭᠡ ᠠᠴᠠ︶
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号