| ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 28 ᠤ ᠴᠠᠬᠢᠯᠭᠠᠨ ᠮᠡᠳᠡᠭᠡ ᠠᠴᠠ ᠤᠢᠢᠷ᠎ᠠ ᠶᠢᠨ ᠡᠳᠤᠷ᠂ | ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠡᠷᠡᠴᠢ ᠦᠨᠡᠮᠯᠡᠯ ᠤᠨ ᠵᠦᠢᠯ ᠢ ᠴᠡᠪᠡᠷᠯᠡᠬᠦ ᠠᠵᠢᠯ ᠢ | ᠰᠠᠶᠢᠳᠤᠷ ᠬᠢᠬᠦ ᠲᠤᠬᠠᠢ ᠮᠡᠳᠡᠭᠳᠡᠯ︾ ︵ᠲᠤᠷᠤᠬᠰᠢ ︽ᠮᠡᠳᠡᠭᠳᠡᠯ︾ ᠬᠡᠵᠥ ᠲᠦᠬᠦᠮᠴᠢᠯᠡᠨ᠎ᠠ︶ ᠢ ᠲᠠᠷᠤᠮᠠᠯᠯᠠᠨ | ᠲᠠᠷᠬᠠᠭᠠᠵᠥ᠂ ᠬᠡᠷᠡᠴᠢ ᠦᠨᠡᠮᠯᠡᠯ ᠤᠨ ᠵᠦᠢᠯ ᠢ ᠴᠡᠪᠡᠷᠯᠡᠬᠦ ᠠᠵᠢᠯ ᠢ ᠰᠠᠶᠢᠳᠤᠷ ᠬᠢᠬᠦ ᠲᠤᠬᠠᠢ ᠪᠠᠶᠢᠷᠢᠯᠠᠭᠤᠯᠤᠯᠳᠡ | ᠬᠢᠪᠡ᠃ ︽ᠮᠡᠳᠡᠭᠳᠡᠯ︾ ᠳᠤ᠂ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠡᠨ ᠤ ᠬᠡᠷᠡᠴᠢ | ᠦᠨᠡᠮᠯᠡᠯ ᠢ ᠪᠠᠭᠠᠰᠬᠠᠵᠥ ᠠᠷᠠᠳ ᠲᠤ ᠲᠦᠬᠦᠮ ᠦᠵᠡᠬᠦᠯᠬᠦ᠂ ᠦᠢᠯᠡᠴᠢᠯᠡᠭᠡ ᠶᠢ ᠰᠢᠯᠢᠳᠡᠭᠵᠢᠬᠦᠯᠬᠦ ᠲᠤᠬᠠᠢ | ᠪᠠᠶᠢᠷᠢᠯᠠᠭᠤᠯᠤᠯᠳᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠬᠡᠷᠡᠴᠢ ᠦᠨᠡᠮᠯᠡᠯ ᠤᠨ ᠵᠦᠢᠯ ᠢ | ᠴᠡᠪᠡᠷᠯᠡᠬᠦ ᠠᠵᠢᠯ ᠢ ᠰᠠᠶᠢᠳᠤᠷ ᠬᠢᠵᠥ᠂ ᠬᠠᠤᠯᠢ ᠴᠠᠭᠠᠵᠠ ᠬᠠᠤᠯᠢ ᠲᠤᠭᠳᠠᠭᠠᠯ ᠳᠤ ᠲᠤᠭᠳᠠᠭᠠᠭᠰᠠᠠ ᠦᠭᠡᠢ ᠬᠡᠷᠡᠴᠢ | ᠦᠨᠡᠮᠯᠡᠯ ᠤᠨ ᠵᠦᠢᠯ ᠢ ᠡᠷᠡᠰ ᠬᠦᠴᠦᠨ ᠦᠭᠡᠢ ᠪᠤᠯᠭᠠᠬᠤ ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ | ᠮᠦᠴᠢᠷ ᠤᠨ ᠬᠢᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠲᠤᠭᠳᠠᠭᠠᠭᠰᠠᠠ ᠬᠡᠷᠡᠴᠢ | ᠦᠨᠡᠮᠯᠡᠯ ᠤᠨ ᠵᠦᠢᠯ ᠢ ᠡᠮᠬᠢᠯᠡᠨ ᠲᠢᠭᠯᠡᠵᠤ᠂ ᠠᠯᠬᠤᠮ ᠠᠯᠬᠤᠮ ᠢᠶᠠᠷ ᠬᠦᠴᠦᠨ ᠦᠭᠡᠢ ᠪᠤᠯᠭᠠᠬᠤ ᠪᠤᠶᠤ ᠦᠯᠡᠳᠡᠬᠡᠬᠦ | ᠰᠠᠨᠠᠭᠤᠯᠭ᠎ᠠ ᠲᠤᠷᠠᠳᠬᠤ ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠦᠪᠡᠷ ᠢᠶᠠᠨ | ᠲᠤᠭᠳᠠᠭᠠᠭᠰᠠᠠ ᠬᠡᠷᠡᠴᠢ ᠦᠨᠡᠮᠯᠡᠯ ᠤᠨ ᠵᠦᠢᠯ ᠢ ᠬᠠᠮᠤᠭ ᠤᠨ ᠤᠷᠤᠢ ᠳᠠᠭᠠᠨ 2018 ᠤᠨ ᠤ ᠵᠢᠯ ᠤᠨ | ᠡᠴᠤᠰ ᠠᠴᠠ ᠡᠮᠤᠨ᠎ᠡ ᠬᠦᠴᠦᠨ ᠦᠭᠡᠢ ᠪᠤᠯᠭᠠᠬᠤ ᠬᠡᠷᠡᠭᠳᠡᠢ ᠬᠡᠵᠥ ᠱᠠᠭᠠᠷᠳᠠᠪᠠ᠃ ︽ᠮᠡᠳᠡᠭᠳᠡᠯ︾ ᠳᠤ᠂ ᠬᠠᠤᠯᠢ | ᠴᠠᠭᠠᠵᠠ ᠶᠢᠨ ᠶᠠᠮᠤᠨ ᠵᠤᠬᠢᠶᠠᠨ ᠪᠠᠶᠢᠭᠤᠯᠵᠥ ᠬᠡᠷᠡᠭᠵᠢᠬᠦᠯᠬᠦ ᠠᠵᠢᠯ ᠢ ᠰᠠᠶᠢᠳᠤᠷ ᠬᠢᠵᠥ᠂ 2018 ᠤᠨ ᠤ ᠵᠢᠯ ᠤᠨ | ᠡᠴᠤᠰ ᠠᠴᠠ ᠡᠮᠤᠨ᠎ᠡ ᠬᠡᠷᠡᠴᠢ ᠦᠨᠡᠮᠯᠡᠯ ᠤᠨ ᠵᠦᠢᠯ ᠢ ᠴᠡᠪᠡᠷᠯᠡᠬᠦ ᠠᠵᠢᠯ ᠢ ᠲᠠᠭᠤᠰᠬᠠᠬᠤ ᠶᠢ ᠦᠨᠡᠨᠬᠦ ᠪᠠᠳᠤᠯᠠᠵᠥ᠂ | ᠴᠡᠪᠡᠷᠯᠡᠬᠦ ᠠᠵᠢᠯ ᠲᠠᠭᠤᠰᠤᠭᠰᠠᠠ ᠤ ᠲᠠᠷᠠᠭ᠎ᠠ ᠲᠦᠷᠦ ᠶᠢᠨ ᠶᠠᠪᠤᠳᠠᠯ ᠤᠨ ᠬᠤᠷᠢᠶ᠎ᠡ ᠳᠤ ᠪᠠᠶᠢᠳᠠᠯ ᠢᠶᠠᠨ ᠮᠡᠳᠡᠬᠦᠯᠬᠦ | ᠬᠡᠷᠡᠭᠳᠡᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠰᠠᠨᠠᠭᠤᠯᠭ᠎ᠠ ᠶᠢ ᠦᠨᠳᠦᠰᠦᠯᠡᠨ᠂ ᠦᠨᠡᠨᠬᠦ | ᠦᠯᠡᠳᠡᠬᠡᠬᠦ ᠴᠢᠬᠤᠯᠠᠳᠠᠢ ᠬᠡᠷᠡᠴᠢ ᠦᠨᠡᠮᠯᠡᠯ ᠤᠨ ᠵᠦᠢᠯ ᠢ ᠵᠤᠬᠢᠶᠠᠨ ᠪᠠᠶᠢᠭᠤᠯᠤᠨ ᠨᠠᠷᠢᠨ ᠲᠠᠩᠰᠠ ᠨᠡᠶᠢᠳᠡᠯᠡᠵᠥ᠂ | ᠲᠤᠭᠳᠠᠭᠠᠬᠤ ᠦᠨᠳᠦᠰᠦᠯᠡᠯ᠂ ᠭᠠᠷᠭᠠᠭᠰᠠᠠ ᠨᠢᠬᠡᠴᠡ ᠶᠢ ᠵᠦᠢᠯ ᠲᠠᠷᠠᠭᠠᠯᠠᠨ ᠲᠤᠳᠤᠷᠬᠠᠢᠢᠯᠠᠬᠤ ᠬᠡᠷᠡᠭᠳᠡᠢ᠃ ᠨᠠᠷᠢᠨ | ᠲᠠᠩᠰᠠ ᠠᠴᠠ ᠭᠠᠳᠠᠨ᠎ᠠ᠂ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠤᠯᠠᠨ ᠨᠡᠶᠢᠳᠡ ᠶᠢᠨ ᠠᠵᠢᠯ ᠦᠢᠯᠡᠰ ᠤᠨ | ᠨᠢᠬᠡᠴᠡ ᠪᠤᠯᠤᠨ ᠦᠢᠯᠡᠴᠢᠯᠡᠬᠡᠨ ᠤ ᠪᠠᠶᠢᠭᠤᠯᠤᠮᠵᠢ ᠬᠡᠷᠡᠴᠢ ᠦᠨᠡᠮᠯᠡᠯ ᠠᠪᠴᠤ ᠪᠤᠯᠬᠤ ᠦᠭᠡᠢ᠃ ᠬᠦᠴᠦᠨ ᠦᠭᠡᠢ | ᠪᠤᠯᠭᠠᠭᠰᠠᠠ ᠬᠡᠷᠡᠴᠢ ᠦᠨᠡᠮᠯᠡᠯ ᠤᠨ ᠵᠦᠢᠯ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ | ᠵᠠᠰᠠᠪᠤᠷᠢ ᠤᠷᠤᠭᠤᠯᠬᠤ ᠳᠤ ᠬᠤᠯᠪᠤᠭᠳᠠᠭᠰᠠᠠ ᠪᠤᠯ ᠴᠠᠭ ᠲᠤᠬᠠᠢ ᠳᠤᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠤᠭᠳᠠᠭᠠᠯ ᠳᠤ ᠵᠠᠰᠠᠪᠤᠷᠢ ᠤᠷᠤᠭᠤᠯᠬᠤ ᠲᠡᠰ ᠲᠠᠷᠠᠭᠠᠯᠠᠯ ᠢ ᠡᠬᠢᠯᠡᠬᠦᠯᠬᠦ ᠬᠡᠷᠡᠭᠳᠡᠢ ᠬᠡᠵᠥ ᠲᠤᠷᠠᠳᠪᠠ᠃ | |