| ᠴᠡᠩᠭᠡᠯᠲᠡᠶ ᠰᠣᠶᠣᠯ ᠤᠨ ᠳᠤᠷᠠᠰᠬᠠᠯ ᠤᠨ ᠣᠷᠳᠣᠨ ᠪᠣᠯ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ | ᠳᠣᠣᠷ᠎ᠠ ᠬᠤᠷᠤᠭ᠎ᠠ ᠪᠠᠯᠭᠠᠰᠤ ᠶᠢᠨ ᠪᠤᠷᠭᠠᠰᠤᠲᠠᠶ ᠠᠶᠢᠯ ᠳᠤ ᠪᠠᠶᠢᠳᠠᠭ᠃ ᠦᠪᠦᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︽ᠠᠷᠪᠠᠨ ᠭᠤᠷᠪᠠᠳᠣᠭᠠᠷ ᠲᠠᠪᠣᠨ ᠵᠢᠯ︾ ᠤᠨ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠲᠣᠲᠣᠷ᠎ᠠ ᠣᠷᠣᠭᠤᠯᠣᠭᠰᠠᠨ ᠨᠢᠩᠴᠧᠩ ᠣᠷᠣᠨ ᠤ ᠴᠣᠷ ᠤᠨ ᠭᠠᠭᠴᠠ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢᠲᠦ ᠭᠠᠵᠠᠷ ᠪᠣᠯᠤᠨ᠎ᠠ᠃ | | | ᠴᠡᠩᠭᠡᠯᠲᠡᠶ ᠰᠣᠶᠣᠯ ᠤᠨ ᠳᠤᠷᠠᠰᠬᠠᠯ ᠤᠨ ᠣᠷᠳᠣᠨ ᠤ ᠪᠦᠬᠦ ᠲᠠᠯᠠᠪᠠᠢ 2600 ᠲᠡᠭᠰᠢ ᠳᠥᠷᠪᠡᠯᠵᠢᠨ ᠮᠧᠲᠷ᠂ | ᠪᠠᠷᠢᠯᠭ᠎ᠠ ᠶᠢᠨ ᠲᠠᠯᠠᠪᠠᠶ 250 ᠲᠡᠭᠰᠢ ᠳᠥᠷᠪᠡᠯᠵᠢᠨ ᠮᠧᠲᠷ᠃ ᠳᠤᠷᠠᠰᠬᠠᠯ ᠤᠨ ᠣᠷᠳᠣᠨ ᠨᠢ ᠭᠤᠣᠯ ᠦᠵᠡᠭᠦᠯᠭᠡ | ᠲᠠᠩᠬᠢᠮ᠂ ᠬᠠᠵᠠᠭᠤ ᠶᠢᠨ ᠦᠵᠡᠭᠦᠯᠭᠡ ᠲᠠᠩᠬᠢᠮ᠂ ᠬᠤᠷᠠᠯ ᠤᠨ ᠭᠡᠷ᠂ ᠪᠠᠶᠢᠷᠢ ᠵᠡᠷᠭᠡ ᠬᠡᠳᠦᠨ ᠬᠡᠰᠡᠭ ᠠᠴᠠ | ᠪᠦᠷᠢᠯᠳᠦᠨ᠂ ᠨᠡᠶᠢᠲᠡ 24 ᠲᠠᠰᠤᠯᠭ᠎ᠠ ᠭᠡᠷ ᠲᠠᠢ᠃ ᠭᠤᠣᠯ ᠦᠵᠡᠭᠦᠯᠭᠡ ᠲᠠᠩᠬᠢᠮ ᠳᠤ ᠴᠡᠩᠭᠡᠯᠲᠡᠶ ᠠᠪᠤᠭᠠᠶ ᠶᠢᠨ | ᠡᠷᠳᠡᠮ ᠰᠢᠨᠵᠢᠯᠡᠭᠡᠨ ᠤ ᠠᠵᠢᠯ ᠤᠨ ᠭᠡᠷᠡᠯ ᠰᠠᠴᠤᠷᠠᠩᠭᠤᠢ ᠠᠮᠵᠢᠯᠲᠠ ᠪᠠ ᠮᠤᠩᠭᠤᠯ ᠬᠡᠯᠡ ᠰᠣᠶᠣᠯ ᠤᠨ ᠦᠢᠯᠡᠰ ᠲᠤ | ᠦᠵᠡᠭᠦᠯᠦᠭᠰᠡᠨ ᠯᠤᠲᠤ ᠶᠡᠭᠡ ᠭᠠᠪᠢᠶ᠎ᠠ ᠵᠢᠳᠬᠦᠯ ᠢ ᠳᠤᠰᠬᠠᠵᠠᠢ᠃ ᠲᠠᠩᠬᠢᠮ ᠤᠨ ᠭᠤᠣᠯ ᠳᠤ ᠴᠡᠩᠬᠡᠯᠲᠡᠢ | ᠠᠪᠤᠭᠠᠢ ᠶᠢᠨ ᠭᠠᠣᠯᠢᠨ ᠬᠦᠷᠦᠭ ᠪᠠᠶᠢᠷᠢᠰᠢᠵᠤ᠂ ᠬᠤᠶᠠᠷ ᠲᠠᠯ᠎ᠠ ᠪᠠᠷ ᠨᠢ ᠲᠡᠭᠦᠨ ᠤ ᠡᠯ᠎ᠡ ᠲᠦᠷᠦᠯ ᠤᠨ ᠡᠷᠳᠡᠮ | ᠰᠢᠨᠵᠢᠯᠡᠭᠡᠨ ᠤ ᠠᠵᠢᠯ ᠳᠤ ᠣᠷᠤᠯᠴᠠᠨ ᠮᠣᠩᠭᠤᠯ ᠬᠡᠯᠡ ᠰᠣᠶᠣᠯ ᠤᠨ ᠬᠦᠭᠵᠢᠯᠲᠡ ᠶᠢᠨ ᠲᠦᠯᠦᠭᠡ ᠵᠢᠳᠬᠦᠵᠦ | ᠶᠠᠪᠤᠭᠰᠠᠨ᠂ ᠳᠡᠯᠡᠬᠡᠢ ᠶᠢᠨ ᠨᠡᠷᠡᠲᠦ ᠶᠡᠭᠡ ᠡᠷᠳᠡᠮᠲᠡᠳ ᠲᠠᠢ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠭᠰᠡᠨ᠂ ᠤᠯᠤᠰ | ᠪᠠ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠬᠠᠷᠢ ᠤᠯᠤᠰ ᠣᠷᠣᠨ ᠯᠤᠭ᠎ᠠ ᠨᠥᠬᠦᠷᠰᠡᠭ ᠶᠠᠪᠤᠯᠴᠠᠭ᠎ᠠ | ᠦᠷᠨᠢᠭᠦᠯᠦᠭᠰᠡᠨ ᠵᠢᠷᠤᠭ ᠰᠡᠭᠦᠳᠡᠷ ᠵᠢᠴᠢ ᠲᠡᠭᠦᠨ ᠤ ᠭᠠᠷ ᠪᠢᠴᠢᠮᠡᠯ᠂ ᠬᠡᠪᠯᠡᠭᠦᠯᠦᠭᠰᠡᠨ ᠨᠤᠮ᠂ ᠬᠦᠷᠲᠡᠭᠰᠡᠨ ᠢᠷᠠᠭᠤ | ᠠᠯᠳᠠᠷ ᠤᠨ ᠮᠧᠲᠡᠯ ᠦᠨᠡᠮᠯᠡᠯ ᠵᠡᠷᠭᠡ ᠶᠢ ᠳᠡᠯᠭᠡᠨ ᠦᠵᠡᠭᠦᠯᠵᠡᠢ᠃ ᠬᠠᠵᠠᠭᠤ ᠶᠢᠨ ᠦᠵᠡᠭᠦᠯᠭᠡ ᠲᠠᠩᠬᠢᠮ ᠳᠤ | ᠴᠡᠩᠬᠡᠯᠲᠡᠢ ᠠᠪᠤᠭᠠᠢ ᠶᠢᠨ ᠠᠮᠢᠳᠤ ᠰᠡᠷᠡᠭᠦᠨ ᠪᠠᠶᠢᠬᠤ ᠳᠠᠭᠠᠨ ᠬᠡᠷᠡᠭᠯᠡᠵᠦ ᠪᠠᠶᠢᠭᠰᠠᠨ ᠠᠮᠢᠳᠤᠷᠠᠯ ᠤᠨ ᠬᠡᠷᠡᠭᠰᠡᠯ ᠤᠳ | ᠢ ᠳᠡᠯᠭᠡᠨ ᠦᠵᠡᠭᠦᠯᠵᠦ᠂ ᠲᠡᠭᠦᠨ ᠤ ᠰᠢᠷᠭᠠᠭᠤ ᠬᠠᠲᠠᠭᠤᠵᠢᠯᠲᠠᠶ ᠠᠵᠢᠯᠴᠢ ᠪᠣᠷᠣᠭᠵᠢᠭᠤᠨ ᠠᠮᠢᠳᠤᠷᠠᠯ ᠤᠨ ᠣᠪᠣᠷ | ᠰᠤᠷᠲᠠᠯ ᠢ ᠢᠯᠡᠷᠡᠭᠦᠯᠵᠡᠢ᠃ ᠬᠤᠷᠠᠯ ᠤᠨ ᠭᠡᠷ ᠲᠤ ᠴᠡᠩᠬᠡᠯᠲᠡᠢ ᠠᠪᠤᠭᠠᠢ ᠶᠢᠨ ᠡᠬᠡ ᠨᠤᠲᠤᠭ ᠡᠬᠡ ᠬᠡᠯᠡ ᠳᠡᠭᠡᠨ | ᠬᠠᠶᠢᠷᠠᠲᠠᠢ ᠪᠠᠶᠢᠵᠤ᠂ ᠮᠤᠩᠭᠤᠯ ᠬᠡᠯᠡ ᠰᠣᠶᠣᠯ ᠢᠶᠠᠨ ᠡᠷᠬᠢᠮᠨᠡᠨ ᠳᠡᠭᠡᠳᠦᠯᠡᠳᠡᠭ ᠡᠭᠡᠯ ᠳᠠᠷᠣᠣᠬᠠᠨ ᠪᠦᠭᠡᠳ ᠠᠭᠤᠤ | ᠶᠡᠭᠡ ᠦᠵᠡᠯ ᠰᠡᠳᠬᠢᠯᠬᠡ ᠶᠢ ᠲᠤᠰᠬᠠᠵᠠᠢ᠃ ᠲᠣᠰ ᠲᠠᠩᠬᠢᠮ ᠳᠤ ᠴᠡᠩᠬᠡᠯᠲᠡᠢ ᠠᠪᠤᠭᠠᠢ ᠶᠢᠨ ᠰᠡᠳᠦᠵᠦ | ᠪᠠᠶᠢᠭᠤᠯᠤᠭᠰᠠᠨ ᠦᠪᠦᠷ ᠮᠤᠩᠭᠤᠯ ᠤᠨ ᠴᠡᠩᠬᠡᠯᠲᠡᠢ ᠮᠤᠩᠭᠤᠯ ᠬᠡᠯᠡ ᠰᠣᠶᠣᠯ ᠤᠨ ᠰᠠᠭᠤᠷᠢ ᠮᠦᠩᠭᠦᠨ ᠤ ᠨᠡᠶᠢᠭᠡᠮᠯᠢᠭ | ᠤᠨ ᠲᠤᠬᠠᠢ ᠬᠠᠮᠢᠶ᠎ᠠ ᠪᠦᠬᠦᠢ ᠮᠠᠲ᠋ᠧᠷᠢᠶᠠᠯ ᠪᠠ ᠲᠡᠭᠦᠨ ᠤ ᠦᠷᠨᠢᠭᠦᠯᠦᠭᠰᠡᠨ ᠠᠯᠢ ᠣᠯᠠᠨ ᠮᠣᠩᠭᠤᠯ ᠬᠡᠯᠡ | ᠰᠣᠶᠣᠯ ᠤᠨ ᠠᠵᠢᠯᠯᠠᠭ᠎ᠠ᠂ ᠤᠯᠤᠰ ᠢᠶᠠᠨ ᠬᠠᠶᠢᠷᠠᠯᠠᠨ ᠦᠨᠳᠦᠰᠦᠲᠡᠨ ᠤ ᠰᠣᠶᠣᠯ ᠢᠶᠠᠨ ᠵᠠᠯᠭᠠᠮᠵᠢᠯᠠᠨ | ᠪᠠᠳᠠᠷᠠᠭᠤᠯᠣᠭᠰᠠᠨ ᠦᠢᠯᠡ ᠬᠡᠷᠡᠭ ᠢ ᠲᠠᠨᠢᠯᠴᠠᠭᠤᠯᠵᠠᠢ᠃ ᠪᠦᠬᠦ ᠦᠵᠡᠭᠦᠯᠭᠡ ᠨᠢ ᠴᠡᠩᠭᠡᠯᠲᠡᠶ ᠠᠪᠣᠭᠠᠢ ᠶᠢᠨ ᠡᠷᠳᠡᠮ | ᠰᠢᠨᠵᠢᠯᠡᠭᠡᠨ ᠤ ᠦᠵᠡᠯ ᠰᠠᠨᠠᠭ᠎ᠠ ᠪᠠᠷ ᠭᠤᠣᠯ ᠰᠢᠵᠢᠮ ᠪᠣᠯᠭᠠᠵᠤ᠂ ᠶᠡᠭᠡ ᠬᠡᠮᠵᠢᠶᠡᠨ ᠤ ᠲᠡᠦᠬᠡᠨ ᠭᠡᠷᠡᠯ ᠵᠢᠷᠤᠭ ᠪᠠ | ᠪᠣᠳᠠᠲᠤ ᠮᠠᠲ᠋ᠧᠷᠢᠶᠠᠯ ᠢᠶᠠᠷ ᠲᠡᠭᠦᠨ ᠤ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ᠂ ᠯᠤᠲᠤ ᠶᠡᠭᠡ ᠭᠠᠪᠢᠶ᠎ᠠ | ᠵᠢᠳᠬᠦᠯ᠂ ᠡᠭᠡᠯ ᠪᠤᠷᠤᠭᠵᠢᠭᠤᠨ ᠠᠮᠢᠳᠣᠷᠠᠯ ᠠᠬᠤᠢ ᠶᠢ ᠳᠡᠯᠭᠡᠨ ᠦᠵᠡᠭᠦᠯᠦᠭᠰᠡᠨ ᠪᠠᠶᠢᠨ᠎ᠠ᠃ ᠳᠡᠯᠭᠡᠨ ᠦᠵᠡᠭᠦᠯᠵᠦ | ᠪᠠᠶᠢᠭ᠎ᠠ ᠬᠤᠪᠣᠷ ᠨᠠᠨᠳᠢᠨ ᠭᠡᠷᠡᠯ ᠵᠢᠷᠤᠭ᠂ ᠰᠤᠷᠪᠤᠯᠵᠢ ᠪᠢᠴᠢᠭ ᠮᠠᠲ᠋ᠧᠷᠢᠶᠠᠯ ᠨᠢ ᠴᠡᠩᠭᠡᠯᠲᠡᠶ ᠠᠪᠣᠭᠠᠢ ᠶᠢᠨ | ᠥᠭᠡᠳᠡᠯᠡᠨ ᠲᠠᠪᠰᠢᠬᠤ᠂ ᠦᠨᠡᠨ ᠶᠣᠰᠣ ᠶᠢ ᠬᠥᠭᠡᠭᠡᠴᠡᠯᠳᠦᠬᠦ᠂ ᠬᠠᠲᠠᠭᠤᠵᠢᠯᠲᠠᠶ ᠪᠣᠷᠣᠭᠵᠢᠭᠤᠨ ᠦᠵᠡᠯ ᠰᠡᠳᠬᠢᠯᠭᠡ | ᠵᠢᠴᠢ ᠲᠡᠭᠦᠨ ᠤ ᠦᠨᠳᠦᠰᠦᠲᠡᠨ ᠤ ᠬᠡᠯᠡ ᠰᠣᠶᠣᠯ ᠢᠶᠠᠨ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠤᠨ | ᠲᠥᠯᠥᠭᠡ ᠦᠨᠡᠨ ᠰᠡᠳᠬᠢᠯ ᠠᠴᠠ ᠪᠠᠨ ᠴᠢᠷᠮᠠᠶᠢᠨ ᠵᠢᠳᠬᠦᠭᠰᠡᠨ ᠪᠦᠭᠡᠳ ᠯᠤᠲᠤ ᠶᠡᠭᠡ ᠭᠠᠪᠢᠶ᠎ᠠ ᠵᠢᠳᠬᠦᠯ | ᠭᠠᠷᠭᠠᠭᠰᠠᠨ ᠥᠩᠭᠡ ᠭᠡᠷᠡᠯ ᠲᠠᠢ ᠨᠢᠭᠡ ᠨᠠᠰᠤ ᠶᠢ ᠠᠮᠢᠳᠤᠯᠢᠭ ᠢᠶᠠᠷ ᠢᠯᠡᠷᠡᠭᠦᠯᠵᠦ ᠦᠵᠡᠭᠦᠯᠦᠭᠰᠡᠨ ᠶᠣᠮ᠃ | | | ᠴᠡᠩᠭᠡᠯᠲᠡᠶ ᠰᠣᠶᠣᠯ ᠤᠨ ᠳᠤᠷᠠᠰᠬᠠᠯ ᠤᠨ ᠣᠷᠳᠣᠨ ᠨᠢ ᠨᠢᠩᠴᠧᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ᠂ ᠦᠪᠦᠷ ᠮᠤᠩᠭᠤᠯ ᠤᠨ ᠴᠡᠩᠭᠡᠯᠳᠡᠢ ᠮᠤᠩᠭᠤᠯ ᠬᠡᠯᠡ ᠰᠤᠶᠤᠯ ᠤᠨ ᠰᠠᠭᠤᠷᠢ ᠮᠦᠩᠭᠦᠨ ᠤ ᠨᠡᠶᠢᠭᠡᠮᠯᠢᠭ᠂ | ᠳᠣᠣᠷ᠎ᠠ ᠬᠤᠷᠤᠭ᠎ᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠡᠷᠳᠡᠮᠲᠡᠨ ᠮᠡᠷᠭᠡᠳ ᠤᠨ ᠬᠠᠷᠠᠮ | ᠦᠭᠡᠢ ᠳᠡᠮᠵᠢᠯᠭᠡ ᠪᠠ ᠬᠠᠮᠲᠤ ᠶᠢᠨ ᠴᠢᠷᠮᠠᠶᠢᠯᠭ᠎ᠠ ᠳᠣᠣᠷ᠎ᠠ᠂ 2012 ᠣᠨ ᠠᠴᠠ ᠡᠬᠢᠯᠡᠨ ᠪᠠᠶᠢᠭᠤᠯᠵᠤ᠂ ᠤᠷᠢᠳ | ᠬᠤᠵᠢᠳ 400 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠣᠨ᠂ 2017 ᠣᠨ ᠤ 5 ᠰᠠᠷ᠎ᠠ ᠶᠢᠨ | 10 ᠳᠤ ᠪᠠᠷᠢᠵᠤ ᠳᠠᠭᠤᠰᠤᠭᠰᠠᠨ ᠪᠥᠭᠡᠳ ᠣᠷᠳᠣᠨ ᠨᠡᠭᠡᠭᠡᠵᠦ ᠳᠡᠯᠭᠡᠨ ᠦᠵᠡᠭᠦᠯᠭᠡ ᠬᠢᠭᠰᠡᠨ ᠪᠠᠶᠢᠨ᠎ᠠ᠃ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠤᠯ ᠤᠨ ᠳᠡᠳ᠋ | ᠬᠤᠷᠢᠶᠠᠨ ᠳᠠᠷᠤᠭ᠎ᠠ ᠪᠥᠬᠡ ᠨᠥᠬᠦᠷ ᠠᠴᠠ ᠴᠡᠩᠭᠡᠯᠲᠡᠶ ᠰᠣᠶᠣᠯ ᠤᠨ ᠳᠤᠷᠠᠰᠬᠠᠯ ᠤᠨ ᠣᠷᠳᠣᠨ ᠳᠤ ︽ᠡᠷᠲᠡᠨ | ᠠᠴᠠ ᠢᠨᠠᠭᠰᠢ ᠲᠡᠣᠬᠡ ᠰᠣᠳᠣᠷ ᠢ ᠬᠡᠨ ᠡᠰᠡ ᠦᠵᠡᠯᠦᠭᠡ᠂ ᠡᠳᠦᠭᠡ ᠬᠠᠷᠠᠬᠤᠶ᠎ᠠ ᠠᠯᠳᠠᠷ ᠭᠠᠪᠢᠶ᠎ᠠ ᠠᠨᠣ ᠡᠷᠲᠡᠨ | ᠤ ᠬᠦᠮᠦᠨ ᠠᠴᠠ ᠬᠡᠳᠦᠶᠢᠳᠴᠦᠬᠦᠢ︾ ᠭᠡᠰᠡᠨ ᠢᠯᠡᠷᠬᠡᠶᠢᠯᠡᠯ ᠢ ᠪᠢᠴᠢᠵᠦ᠂ ᠴᠡᠩᠭᠡᠯᠲᠡᠶ ᠠᠪᠤᠭᠠᠶ ᠶᠢᠨ ᠣᠶᠢᠯᠡ | ᠠᠵᠢᠯᠯᠠᠭ᠎ᠠ ᠠᠯᠳᠠᠷ ᠨᠡᠷ᠎ᠡ ᠳᠤ ᠦᠨᠳᠦᠷ ᠦᠨᠡᠯᠡᠯᠲᠡ ᠦᠭᠭᠦᠭᠰᠡᠨ ᠶᠣᠮ᠃ ᠵᠢᠷᠭᠤᠭᠠᠨ ᠵᠢᠯ ᠰᠢᠬᠠᠮ ᠴᠤᠭᠯᠠᠭᠤᠯᠵᠤ | ᠡᠮᠬᠢᠳᠬᠡᠬᠦ ᠪᠠᠷ ᠳᠠᠮᠵᠢᠨ᠂ ᠴᠡᠩᠭᠡᠯᠲᠡᠶ ᠰᠣᠶᠣᠯ ᠤᠨ ᠳᠤᠷᠠᠰᠬᠠᠯ ᠤᠨ ᠣᠷᠳᠣᠨ ᠳᠤ ᠬᠠᠳᠠᠭᠠᠯᠠᠵᠤ ᠪᠠᠶᠢᠭ᠎ᠠ | ᠲᠡᠦᠬᠡ ᠶᠢᠨ ᠳᠤᠷᠠᠰᠬᠠᠯᠲᠤ ᠵᠦᠢᠯ ᠤᠳᠤ ᠨᠢᠭᠡᠨᠲᠡ 500 ᠭᠠᠷᠤᠢ ᠵᠦᠢᠯ ᠳᠤ ᠬᠦᠷᠴᠦ᠂ ᠨᠣᠮ ᠪᠢᠴᠢᠭ 5000 | ᠭᠠᠷᠤᠢ ᠳᠡᠪᠲᠡᠷ ᠪᠣᠯᠣᠭᠰᠠᠨ ᠪᠠᠶᠢᠨ᠎ᠠ᠃ ᠴᠡᠩᠬᠡᠯᠲᠡᠢ ᠠᠪᠤᠭᠠᠢ ᠶᠢᠨ ᠡᠳᠡᠭᠡᠷ ᠳᠤᠷᠠᠰᠬᠠᠯᠲᠤ ᠵᠦᠢᠯᠡᠰ ᠢ | ᠰᠤᠳᠤᠯᠭᠠᠨ ᠤ ᠪᠦᠲᠦᠭᠡᠯ᠂ ᠲᠡᠦᠬᠡᠨ ᠭᠡᠷᠡᠯ ᠵᠢᠷᠤᠭ ᠪᠢᠴᠢᠭ ᠮᠠᠲ᠋ᠧᠷᠢᠶᠠᠯ᠂ ᠣᠷᠴᠢᠨ ᠣᠳᠣ ᠦᠶ᠎ᠡ ᠶᠢᠨ ᠮᠣᠩᠭᠤᠯ | ᠬᠡᠯᠡᠨ ᠤ ᠲᠣᠯᠢ ᠪᠢᠴᠢᠭ᠂ ᠮᠣᠩᠭᠤᠯ ᠦᠨᠳᠦᠰᠦᠲᠡᠨ ᠤ ᠠᠮᠢᠳᠤᠷᠠᠯ ᠤᠨ ᠬᠡᠷᠡᠭᠰᠡᠯ ᠵᠡᠷᠭᠡ ᠬᠡᠳᠦᠨ ᠲᠣᠮᠣ | ᠲᠥᠷᠥᠯ ᠳᠤ ᠬᠤᠪᠢᠶᠠᠵᠠᠢ᠃ | | | ᠣᠳᠣᠬᠠᠨ ᠳᠤ ᠴᠡᠩᠭᠡᠯᠲᠡᠶ ᠰᠣᠶᠣᠯ ᠤᠨ ᠳᠤᠷᠠᠰᠬᠠᠯ ᠤᠨ ᠣᠷᠳᠣᠨ ᠨᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠪᠣᠯᠤᠨ ᠬᠠᠷᠠᠴᠢᠨ ᠰᠣᠶᠣᠯ ᠤᠨ ᠤᠬᠠᠭᠤᠯᠭ᠎ᠠ ᠬᠥᠮᠦᠵᠢᠯ ᠤᠨ ᠴᠢᠬᠤᠯᠠ ᠲᠠᠪᠴᠠᠩ ᠪᠣᠯᠣᠭᠰᠠᠨ | ᠪᠠᠶᠢᠨ᠎ᠠ᠃ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ᠂ ᠡᠪ ᠬᠠᠮᠲᠣ ᠵᠠᠯᠠᠭᠤᠴᠣᠳ ᠤᠨ ᠡᠪᠯᠡᠯ ᠤᠨ | ᠰᠢᠶᠠᠨ ᠤ ᠬᠤᠷᠢᠶ᠎ᠠ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠶᠠᠨ ᠤ ᠰᠤᠷᠭᠠᠨ ᠬᠥᠮᠦᠵᠢᠯ ᠤᠨ | ᠲᠣᠪᠴᠢᠶ᠎ᠠ᠂ ᠰᠢᠶᠠᠨ ᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ᠂ ᠰᠢᠶᠠᠨ ᠤ ᠰᠣᠶᠣᠯ | ᠲᠠᠮᠢᠷ ᠤᠨ ᠲᠣᠪᠴᠢᠶ᠎ᠠ᠂ ᠰᠢᠶᠠᠨ ᠤ ᠵᠢᠭᠤᠯᠴᠢᠯᠠᠯ ᠤᠨ ᠲᠣᠪᠴᠢᠶ᠎ᠠ ᠵᠡᠷᠭᠡ ᠪᠠᠶᠢᠭᠤᠯᠭ᠎ᠠ ᠨᠢᠭᠡᠴᠡ ᠠᠴᠠ ᠡᠭᠡ ᠣᠯᠣᠰ | ᠢᠶᠠᠨ ᠬᠠᠶᠢᠷᠠᠯᠠᠬᠤ᠂ ᠦᠨᠳᠦᠰᠦᠲᠡᠨ ᠢᠶᠠᠨ ᠬᠠᠶᠢᠷᠠᠯᠠᠬᠤ᠂ ᠮᠣᠩᠭᠤᠯ ᠦᠭᠡ ᠬᠡᠯᠡ ᠦᠰᠦᠭ ᠪᠢᠴᠢᠭ ᠢᠶᠠᠨ ᠡᠷᠬᠢᠮᠨᠡᠵᠦ | ᠳᠡᠭᠡᠳᠦᠯᠡᠬᠦ᠂ ᠨᠤᠲᠤᠭ ᠤᠰᠤ ᠪᠠᠨ ᠬᠠᠶᠢᠷᠠᠯᠠᠬᠤ ᠬᠥᠮᠦᠵᠢᠯ ᠤᠨ ᠰᠠᠭᠤᠷᠢᠨ ᠭᠠᠵᠠᠷ ᠪᠣᠯᠭᠠᠭᠰᠠᠨ ᠮᠦᠷᠲᠡᠭᠡᠨ ᠮᠦᠨ | ᠴᠣ᠋ ᠥᠷᠭᠡᠨ ᠤᠯᠠᠨ ᠺᠠᠳ᠋ᠷ ᠪᠠ ᠤᠯᠠᠨ ᠲᠦᠮᠡᠨ ᠳᠤ ᠲᠡᠰᠪᠦᠷᠢ ᠬᠠᠲᠠᠭᠤᠵᠢᠯᠲᠠᠶ ᠲᠡᠮᠡᠴᠡᠬᠦ᠂ ᠠᠷᠢᠭᠤᠨ ᠴᠢᠬᠡᠴᠢ ᠪᠠᠷ | ᠠᠵᠢᠯᠯᠠᠬᠤ ᠲᠣᠬᠠᠢ ᠬᠥᠮᠦᠵᠢᠯ ᠤᠨ ᠰᠠᠭᠤᠷᠢᠨ ᠭᠠᠵᠠᠷ᠂ ᠥᠷᠭᠡᠨ ᠤᠯᠠᠨ ᠵᠠᠯᠠᠭᠤᠴᠤᠳ ᠪᠠᠭᠠᠴᠤᠳ ᠲᠤ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠬᠢᠬᠦ ᠰᠠᠭᠤᠷᠢᠨ ᠭᠠᠵᠠᠷ ᠪᠣᠯᠭᠠᠭᠰᠠᠨ ᠶᠣᠮ᠃ | ᠡᠭᠦᠨ ᠤ ᠬᠠᠮᠲᠣ ᠴᠡᠩᠭᠡᠯᠲᠡᠶ ᠰᠣᠶᠣᠯ ᠤᠨ ᠳᠤᠷᠠᠰᠬᠠᠯ ᠤᠨ ᠣᠷᠳᠣᠨ ᠨᠢ ᠨᠢᠭᠡᠨᠲᠡ ᠨᠢᠩᠴᠧᠩ ᠰᠢᠶᠠᠨ ᠤ ᠰᠣᠶᠣᠯ | ᠤᠨ ᠵᠢᠭᠤᠯᠴᠢᠯᠠᠯ ᠤᠨ ᠤᠮᠠᠷᠠᠲᠤ ᠬᠡᠰᠡᠭ ᠤᠨ ᠱᠤᠭᠤᠮ ᠤᠨ ᠠᠩᠬᠠᠨ ᠤ ᠥᠷᠲᠡᠭᠡ ᠪᠠ ᠬᠤᠪᠢᠰᠬᠠᠯ ᠤᠨ | ᠳᠤᠷᠠᠰᠬᠠᠯᠲᠤ ᠵᠢᠭᠤᠯᠴᠢᠯᠠᠯ ᠤᠨ ᠪᠡᠶᠡᠳᠡᠨ ᠣᠷᠣᠯᠴᠠᠬᠤ ᠠᠵᠢᠯᠯᠠᠭᠠᠨ ᠤ ᠰᠣᠩᠭᠤᠳᠠᠭ ᠦᠵᠡᠮᠵᠢ ᠶᠢᠨ ᠭᠠᠵᠠᠷ ᠤᠨ | ᠨᠢᠭᠡ ᠨᠢ ᠪᠣᠯᠵᠠᠢ᠃ ᠡᠳᠦᠷ ᠪᠦᠷᠢ ᠣᠷᠣᠨ ᠤ ᠲᠣᠲᠣᠷ ᠭᠠᠳᠠᠨᠠᠬᠢ ᠬᠥᠮᠦᠰ ᠲᠡᠭᠦᠨ ᠤ ᠠᠯᠳᠠᠷ ᠢᠶᠠᠷ ᠳᠤᠷᠠᠰᠬᠠᠯ ᠤᠨ | ᠣᠷᠳᠣᠨ ᠳᠤ ᠢᠷᠡᠨ᠂ ᠬᠦᠨᠳᠦᠳᠬᠡᠨ ᠪᠢᠰᠢᠷᠡᠬᠦ ᠪᠠ ᠳᠤᠷᠠᠰᠤᠨ ᠰᠠᠨᠠᠭᠠᠯᠵᠠᠬᠤ ᠰᠡᠳᠬᠢᠯᠭᠡ ᠪᠠᠨ ᠢᠯᠡᠳᠭᠡᠳᠡᠭ᠃ | ᠴᠡᠩᠭᠡᠯᠲᠡᠶ ᠰᠣᠶᠣᠯ ᠤᠨ ᠳᠤᠷᠠᠰᠬᠠᠯ ᠤᠨ ᠣᠷᠳᠣᠨ ᠨᠢ ᠪᠦᠭᠦ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ | ᠢ ᠦᠷᠨᠢᠭᠦᠯᠬᠦ᠂ ᠰᠣᠶᠣᠯ ᠤᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ᠂ ᠡᠶ᠎ᠡ ᠵᠣᠬᠢᠴᠠᠯ ᠲᠠᠢ ᠨᠡᠶᠢᠭᠡᠮ ᠢ | ᠪᠠᠶᠢᠭᠤᠯᠬᠤ᠂ ᠨᠤᠲᠤᠭ ᠣᠷᠣᠨ ᠢᠶᠠᠨ ᠨᠡᠩ ᠪᠣᠯᠪᠠᠰᠤᠨ ᠪᠠᠶᠠᠨ ᠬᠦᠴᠦᠷᠬᠡᠭ ᠪᠣᠯᠭᠠᠬᠤ ᠰᠣᠶᠣᠯ ᠤᠨ ᠳᠠᠷᠬᠠᠨ | ᠣᠷᠣᠨ ᠪᠠ ᠵᠣᠷᠢᠭ ᠰᠠᠨᠠᠭᠠᠨ ᠤ ᠬᠦᠷᠢᠶᠡᠯᠡᠩ ᠪᠣᠯᠣᠭᠰᠠᠨ ᠪᠠᠶᠢᠨ᠎ᠠ᠃ | | | |