ᠮᠤᠩᠭᠤᠯ ᠭᠢᠳᠡᠳ ᠬᠤᠯᠢᠯᠳᠤᠨ ᠰᠠᠭᠤᠷᠢᠰᠢᠭᠰᠠᠨ ᠭᠠᠵᠠᠷ ᠤᠷᠤᠨ ᠤ ᠮᠤᠩᠭᠤᠯ ᠭᠡᠯᠡ ᠪᠢᠴᠢᠭ ᠤᠨ ᠠᠵᠢᠯ ᠢ ᠰᠠᠶᠢᠳᠤᠷ ᠭᠢᠭᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ
ᠨᠡᠶᠢᠲᠡᠯᠡᠭᠰᠡᠨ ᠴᠠᠭ᠄
2018/8/1
                ᠦᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠥᠨᠳᠥᠰᠥᠳᠡᠨ ᠤ ᠭᠡᠷᠡᠭ ᠡᠷᠭᠢᠯᠡᠭᠦ ᠵᠥᠪᠯᠡᠯ ᠤᠨ ᠲᠡᠳ᠋ ᠲᠤᠭᠤᠷᠢᠨ ᠪᠠᠶᠢᠴᠠᠭᠠᠭᠴᠢ                                                                     ᠤᠷᠴᠢᠯᠠᠩ                                                                                 2009 ᠤᠨ ᠤ 8 ᠰᠠᠷ᠎ᠠ ᠶᠢᠨ 25 ᠤ ᠡᠳᠦᠷ        ᠥᠨᠥᠳᠥᠷ᠂ ᠠᠳᠡ ︽ᠥᠪᠥᠷ ᠮᠤᠩᠭᠤᠯ ᠤᠨ ᠴᠡᠩᠭᠡᠯᠳᠡᠢ ᠮᠤᠩᠭᠤᠯ ᠭᠡᠯᠡ ᠰᠤᠶᠤᠯ ᠤᠨ ᠰᠠᠭᠤᠷᠢ ᠮᠥᠩᠭᠦᠨ ᠨᠡᠶᠢᠭᠡᠮᠯᠢᠭ︾ ᠤᠨ ᠱᠠᠩᠨᠠᠯ ᠢᠶᠠᠷ ᠮᠢᠯᠢᠶᠠᠬᠤ ᠶᠤᠰᠤᠯᠠᠯ ᠳᠤ ᠤᠷᠤᠯᠴᠠᠭᠠᠳ ᠰᠡᠳᠭᠢᠯ ᠥᠨᠳᠥᠷ᠂ ᠰᠠᠨᠠᠭ᠎ᠠ ᠲᠤᠭᠳᠤᠯᠤᠨ  ᠪᠠᠶᠢᠨ᠎ᠠ᠃       ᠨᠢᠩᠴᠧᠩ ᠰᠢᠶᠠᠨ ᠨᠢ ᠮᠠᠨ ᠤ ᠤᠷᠤᠨ ᠤ 101 ᠬᠤᠰᠢᠭᠤ ᠰᠢᠶᠠᠨ ᠤ ᠲᠤᠳᠤᠷ᠎ᠠ᠂ ᠤᠯᠠᠭᠠᠨᠬᠠᠳᠠ ᠬᠤᠳᠠ  ᠶᠢᠨ ᠡᠮᠥᠨᠡᠳᠤ ᠭᠡᠰᠡᠭ ᠲᠤ ᠪᠠᠶᠢᠷᠢᠰᠢᠵᠤ᠂ ᠵᠠᠬ᠎ᠠ ᠭᠢᠵᠠᠭᠠᠷ ᠢᠶᠠᠷ ᠢᠶᠠᠨ ᠯᠢᠶᠤᠤᠨᠢᠩ᠂ ᠾᠧᠪᠸᠢ ᠵᠡᠷᠭᠡ ᠮᠤᠵᠢ ᠲᠠᠢ ᠭᠥᠷᠰᠢᠯᠡᠨ᠂ ᠮᠤᠩᠭᠤᠯ ᠭᠡᠯᠡᠨ ᠤ ᠰᠠᠭᠤᠷᠢ ᠨᠢᠮᠭᠡᠷᠡᠵᠤ᠂ ᠥᠰᠥᠭ ᠪᠢᠴᠢᠭ ᠢᠶᠠᠨ ᠭᠡᠭᠡᠵᠤ ᠠᠯᠳᠠᠵᠤ ᠪᠠᠶᠢᠭ᠎ᠠ ᠭᠠᠵᠠᠷ ᠤᠷᠤᠨ ᠳᠤ ᠴᠡᠩᠭᠡᠯᠳᠡᠢ ᠪᠠᠭᠰᠢ ᠰᠢᠭ᠋ ᠮᠡᠷᠭᠡᠨ ᠴᠡᠴᠡᠨ ᠭᠥᠮᠥᠨ ᠴᠤᠯᠭᠤᠷᠠᠵᠤ᠂ ᠮᠤᠩᠭᠤᠯ ᠭᠡᠯᠡ ᠰᠤᠶᠤᠯ ᠤᠨ ᠨᠡᠶᠢᠭᠡᠮᠯᠢᠭ ᠪᠠᠶᠢᠭᠤᠯᠤᠨ᠂ ᠥᠨᠳᠥᠰᠥᠳᠡᠨ ᠤ ᠪᠠᠨ ᠥᠭᠡ ᠭᠡᠯᠡ ᠥᠰᠥᠭ ᠪᠢᠴᠢᠭ ᠤᠨ ᠲᠥᠯᠥᠭᠡ ᠴᠢᠷᠮᠠᠶᠢᠨ ᠵᠢᠳᠬᠦᠵᠦ ᠪᠠᠶᠢᠭ᠎ᠠ ᠳᠤ ᠪᠢᠰᠢᠷᠠᠨ ᠪᠠᠭ᠋ᠠᠷᠬᠠᠵᠤ ᠪᠠᠶᠢᠨ᠎ᠠ᠃         ᠡᠩ ᠲᠡᠷᠢᠭᠦᠨ ᠳᠤ᠂ ᠪᠢ ᠥᠪᠡᠷᠳᠡᠭᠡᠨ ᠵᠠᠰᠠᠬᠤ ᠤᠷᠤᠨ ᠤ ᠭᠡᠷᠡᠭ ᠡᠷᠭᠢᠯᠡᠭᠦ ᠵᠥᠪᠯᠡᠯ ᠵᠢᠴᠢ ᠥᠪᠡᠷᠳᠡᠭᠡᠨ  ᠵᠠᠰᠠᠬᠤ ᠤᠷᠤᠨ ᠤ ᠮᠤᠩᠭᠤᠯ ᠭᠡᠯᠡ ᠪᠢᠴᠢᠭ ᠤᠨ ᠠᠵᠢᠯ ᠤᠨ ᠵᠥᠪᠯᠡᠯ ᠢ ᠲᠥᠯᠥᠭᠡᠯᠡᠵᠤ᠂ ᠴᠡᠩᠭᠡᠯᠳᠡᠢ ᠪᠠᠭᠰᠢ ᠵᠢᠴᠢ ᠮᠤᠩᠭᠤᠯ ᠭᠡᠯᠡ ᠥᠰᠥᠭ ᠪᠢᠴᠢᠭ ᠤᠨ ᠠᠵᠢᠯ ᠢ ᠲᠤᠰᠠᠯᠠᠨ ᠲᠡᠮᠵᠢᠵᠤ ᠪᠠᠶᠢᠭ᠎ᠠ ᠨᠢᠩᠴᠧᠩ ᠰᠢᠶᠠᠨ ᠤ ᠤᠳᠤᠷᠢᠳᠤᠯᠭ᠎ᠠ᠂ ︽ᠥᠪᠥᠷ ᠮᠤᠩᠭᠤᠯ ᠤᠨ ᠴᠡᠩᠭᠡᠯᠳᠡᠢ ᠮᠤᠩᠭᠤᠯ ᠭᠡᠯᠡ ᠰᠤᠶᠤᠯ ᠤᠨ ᠰᠠᠭᠤᠷᠢ ᠮᠥᠩᠭᠦᠨ ᠤ ᠨᠡᠶᠢᠭᠡᠮᠯᠢᠭ︾ ᠤᠨ ᠨᠥᠭᠦᠳ ᠲᠤ ᠪᠠᠶᠠᠷ ᠲᠠᠯᠠᠷᠬᠠᠯ ᠢᠶᠠᠨ ᠲᠡᠪᠰᠢᠭᠦᠯᠵᠤ ᠪᠠᠶᠢᠨ᠎ᠠ︕        ᠲᠠᠷᠠᠭ᠎ᠠ ᠳᠤᠨᠢ᠂ ᠡᠭᠡ ᠭᠡᠯᠡᠨ ᠤ ᠪᠠᠨ ᠲᠥᠯᠥᠭᠡ ᠭᠡᠵᠤ ᠴᠢᠷᠮᠠᠶᠢᠨ ᠵᠢᠳᠭᠦᠵᠤ ᠪᠠᠶᠢᠭ᠎ᠠ ᠨᠢᠩᠴᠧᠩ ᠰᠢᠶᠠᠨ ᠤ ᠮᠤᠩᠭᠤᠯ ᠭᠡᠯᠡ ᠪᠢᠴᠢᠭ ᠤᠨ ᠠᠵᠢᠯᠳᠠᠨ᠂ ᠮᠤᠩᠭᠤᠯ ᠭᠡᠯᠡ ᠪᠠᠨ ᠭᠡᠵᠤ ᠵᠢᠷᠤᠭᠡᠨ ᠲᠠᠮᠢᠷ ᠢᠶᠠᠨ ᠰᠢᠪᠬᠠᠵᠤ ᠶᠠᠪᠤᠭ᠎ᠠ ᠮᠤᠩᠭᠤᠯ ᠰᠤᠷᠭᠠᠭᠤᠯᠢ ᠶᠢᠨ ᠤᠳᠤᠷᠢᠳᠤᠯᠭ᠎ᠠ᠂ ᠮᠤᠩᠭᠤᠯ ᠭᠡᠯᠡᠨ ᠤ ᠪᠠᠭᠰᠢ ᠵᠢᠴᠢ ᠡᠭᠡ ᠭᠡᠯᠡ ᠪᠠᠨ ᠰᠤᠷᠤᠯᠴᠠᠵᠤ  ᠪᠠᠶᠢᠭ᠎ᠠ ᠰᠤᠷᠤᠭᠴᠢ ᠨᠥᠭᠦᠳ ᠲᠤ ᠲᠠᠯᠠᠷᠬᠠᠬᠤ ᠰᠡᠳᠭᠢᠯᠭᠡ ᠪᠠᠨ ᠢᠯᠡᠳᠭᠡᠵᠤ ᠪᠠᠶᠢᠨ᠎ᠠ᠃         ᠮᠤᠩᠭᠤᠯ ᠦᠬᠡ ᠭᠡᠯᠡ ᠦᠰᠦᠭ ᠪᠢᠴᠢᠭ ᠪᠤᠯ ᠥᠪᠡᠷᠳᠡᠭᠡᠨ ᠵᠠᠰᠠᠬᠤ ᠤᠷᠤᠨ ᠤ ᠨᠡᠶᠢᠳᠡᠮ ᠭᠡᠷᠡᠭᠯᠡᠵᠤ ᠪᠠᠶᠢᠭ᠎ᠠ ᠬᠠᠤᠯᠢ ᠶᠤᠰᠤᠨ ᠤ ᠦᠭᠡ ᠭᠡᠯᠡ ᠦᠰᠦᠭ ᠪᠢᠴᠢᠭ ᠤᠨ ᠨᠢᠭᠡ ᠮᠥᠨ ᠪᠥᠭᠡᠳ ᠥᠪᠡᠷᠳᠡᠭᠡᠨ ᠵᠠᠰᠠᠬᠤ ᠥᠨᠳᠥᠰᠥᠳᠡᠨ ᠤ ᠥᠪᠡᠷᠳᠡᠭᠡᠨ ᠵᠠᠰᠠᠬᠤ ᠡᠷᠭᠡ ᠮᠡᠳᠡᠯ ᠢᠶᠠᠨ ᠭᠡᠷᠡᠭᠵᠢᠭᠦᠯᠭᠦ ᠶᠢᠨ ᠴᠢᠬᠤᠯᠠ ᠪᠠᠭᠠᠵᠢ ᠭᠡᠷᠡᠭᠯᠡᠭᠦᠷ ᠮᠥᠨ ᠃ ᠮᠥᠨ ᠴᠤ ᠮᠠᠨ ᠤ ᠥᠨᠳᠥᠰᠥᠳᠡᠨ ᠤ ᠪᠤᠰᠤᠳ ᠥᠨᠳᠥᠰᠥᠳᠡᠨ ᠠᠴᠠ ᠢᠯᠭᠠᠭᠳᠠᠬᠤ ᠬᠠᠮᠤᠭ ᠢᠯᠡᠷᠭᠡᠢ ᠪᠡᠯᠭᠡ ᠲᠡᠮᠳᠡᠭ ᠮᠥᠷᠳᠡᠭᠡᠨ ᠮᠠᠨ ᠤ ᠥᠨᠳᠥᠰᠥᠳᠡᠨ ᠤ ᠰᠡᠳᠭᠢᠭᠦᠢ ᠶᠢᠨ ᠪᠠᠭᠠᠵᠢ᠂ ᠰᠤᠶᠤᠯ ᠤᠨ ᠬᠠᠮᠤᠭ ᠴᠢᠬᠤᠯᠠ ᠠᠴᠢᠶᠠᠯᠠᠪᠤᠷᠢ ᠮᠥᠨ᠃ ᠤᠶᠢᠷ᠎ᠠ ᠶᠢᠨ ᠭᠡᠳᠥᠨ ᠵᠢᠯ ᠳᠤ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠮᠤᠩᠭᠤᠯ ᠭᠡᠯᠡ ᠪᠢᠴᠢᠭ ᠤᠨ ᠠᠵᠢᠯ ᠢ ᠲᠡᠭᠡᠳᠤ ᠭᠡᠮᠵᠢᠶ᠎ᠡ ᠪᠠᠷ ᠴᠢᠬᠤᠯᠠᠴᠢᠯᠠᠨ ᠥᠵᠡᠵᠤ᠂ ᠥᠨᠳᠥᠰᠥᠳᠡᠨ ᠤ ᠥᠭᠡ ᠭᠡᠯᠡ ᠥᠰᠥᠭ  ᠪᠢᠴᠢᠭ ᠤᠨ ᠲᠥᠷᠥ ᠶᠢᠨ ᠪᠤᠳᠤᠯᠭ᠎ᠠ ᠶᠢ ᠨᠠᠷᠢᠨ ᠭᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠮᠤᠩᠭᠤᠯ ᠭᠡᠯᠡ ᠪᠢᠴᠢᠭ ᠤᠨ ᠠᠵᠢᠯ ᠤᠨ ᠲᠥᠷᠢᠮ︾ ᠵᠡᠷᠭᠡ ᠬᠠᠤᠯᠢ ᠲᠥᠷᠢᠮ ᠢ ᠲᠤᠭᠳᠠᠭᠠᠨ ᠭᠡᠷᠡᠭᠵᠢᠭᠦᠯᠥᠭᠰᠡᠨ ᠠᠴᠠ ᠮᠤᠩᠭᠤᠯ ᠭᠡᠯᠡ ᠪᠢᠴᠢᠭ ᠤᠨ ᠠᠵᠢᠯ ᠯᠤᠳᠤ ᠶᠡᠭᠡ ᠠᠮᠵᠢᠯᠳᠠ  ᠪᠥᠳᠥᠮᠵᠢ ᠶᠢ ᠤᠯᠤᠭᠰᠠᠨ ᠪᠠᠶᠢᠨ᠎ᠠ᠃         ᠮᠤᠩᠭᠤᠯ ᠭᠡᠯᠡ ᠪᠢᠴᠢᠭ ᠤᠨ ᠠᠵᠢᠯ ᠢ ᠰᠠᠶᠢᠳᠤᠷ ᠭᠢᠭᠦ ᠨᠢ ᠮᠠᠨ ᠤ ᠤᠷᠤᠨ ᠤ ᠥᠨᠳᠥᠰᠥᠳᠡᠨ ᠤ ᠲᠤᠬᠠᠢ  ᠨᠠᠮ ᠤᠨ ᠲᠥᠷᠥ ᠶᠢᠨ ᠪᠤᠳᠤᠯᠭ᠎ᠠ ᠶᠢ ᠭᠡᠷᠡᠭᠵᠢᠭᠦᠯᠵᠤ ᠪᠠᠶᠢᠬᠤ ᠶᠢᠨ ᠪᠤᠳᠠᠳᠠᠢ ᠢᠯᠡᠷᠡᠯ ᠪᠤᠯᠬᠤ ᠮᠥᠷᠳᠡᠭᠡᠨ ᠥᠨᠳᠥᠰᠥᠳᠡᠨ ᠤ ᠡᠷᠭᠡ ᠲᠡᠭᠰᠢ ᠶᠢ ᠪᠠᠳᠤᠯᠠᠬᠤ ᠶᠢᠨ ᠴᠢᠬᠤᠯᠠ ᠪᠡᠯᠭᠡ ᠲᠡᠮᠳᠡᠭ ᠪᠤᠯᠬᠤ ᠶᠤᠮ᠃ ᠨᠢᠩᠴᠧᠩ ᠰᠢᠶᠠᠨ  ᠨᠢ ︽ᠥᠪᠥᠷ ᠮᠤᠩᠭᠤᠯ ᠤᠨ ᠴᠡᠩᠭᠡᠯᠳᠡᠢ ᠮᠤᠩᠭᠤᠯ ᠭᠡᠯᠡ ᠰᠤᠶᠤᠯ ᠤᠨ ᠰᠠᠭᠤᠷᠢ ᠮᠥᠩᠭᠦᠨ ᠤ ᠨᠡᠶᠢᠭᠡᠮᠯᠢᠭ︾ ᠢ ᠪᠠᠶᠢᠭᠤᠯᠤᠨ  ᠂ ᠱᠠᠩᠨᠠᠯ ᠤᠯᠭᠤᠬᠤ ᠶᠤᠰᠤᠯᠠᠯ ᠢ ᠭᠢᠵᠤ ᠪᠠᠶᠢᠭ᠎ᠠ ᠨᠢ 2008 ᠤᠨ ᠤ 11 ᠰᠠᠷ᠎ᠠ ᠶᠢᠨ 28 ᠤ ᠡᠳᠥᠷ ᠭᠥᠭᠡᠬᠤᠳᠠ   ᠳᠤ ᠪᠤᠯᠤᠭᠰᠠᠨ ᠠᠩᠬᠠᠳᠤᠭᠠᠷ ᠤᠳᠠᠭᠠᠨ ᠤ ︽ᠤᠯᠠᠭᠠᠨᠭᠦᠥ ᠶᠢᠨ ᠮᠤᠩᠭᠤᠯ ᠭᠡᠯᠡ ᠪᠢᠴᠢᠭ ᠤᠨ ᠱᠠᠩᠨᠠᠯ︾ ᠤᠨ ᠭᠥᠭᠢᠭᠦᠯᠥᠨ ᠰᠠᠶᠢᠰᠢᠶᠠᠬᠤ ᠶᠡᠭᠡ ᠬᠤᠷᠠᠯ ᠤᠨ ᠲᠠᠷᠠᠭᠠᠭᠢ ᠮᠠᠨ ᠤ ᠤᠷᠤᠨ ᠤ ᠮᠤᠩᠭᠤᠯ ᠭᠡᠯᠡ ᠪᠢᠴᠢᠭ ᠤᠨ ᠹᠷᠤᠨᠲ ᠳᠠᠬᠢ ᠪᠠᠰᠠ ᠨᠢᠭᠡᠨ ᠤᠳᠠᠭᠠᠨ ᠤ ᠯᠤᠳᠤ ᠶᠡᠭᠡ ᠠᠴᠢ ᠬᠤᠯᠪᠤᠭᠳᠠᠯ ᠲᠠᠢ ᠱᠠᠩᠨᠠᠨ ᠭᠥᠭᠢᠭᠦᠯᠭᠦ ᠠᠵᠢᠯᠯᠠᠭᠠᠨ ᠪᠤᠯᠤᠨ᠎ᠠ᠃         ᠤᠶᠢᠷ᠎ᠠ ᠶᠢᠨ ᠭᠡᠳᠥᠨ ᠵᠢᠯ ᠳᠤ᠂ ᠨᠢᠩᠴᠧᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ  ᠬᠠᠮᠢᠶ᠎ᠠ ᠪᠥᠭᠦᠢ ᠪᠠᠶᠢᠭᠤᠯᠭ᠎ᠠ ᠨᠢᠭᠡᠴᠡ ᠨᠢ ᠨᠠᠮ ᠤᠨ ᠥᠨᠳᠥᠰᠥᠳᠡᠨ ᠤ ᠥᠭᠡ ᠭᠡᠯᠡ ᠥᠰᠥᠭ ᠪᠢᠴᠢᠭ ᠤᠨ ᠲᠤᠬᠠᠢ  ᠲᠥᠷᠥ ᠶᠢᠨ ᠪᠤᠳᠤᠯᠭ᠎ᠠ ᠶᠢ ᠭᠡᠷᠡᠭᠵᠢᠭᠦᠯᠥᠨ ᠨᠠᠶᠢᠳᠠᠪᠤᠷᠢᠵᠢᠭᠤᠯᠵᠤ᠂ ᠪᠥᠭᠦ ᠤᠷᠤᠨ ᠳᠤ ᠴᠤᠷ ᠤᠨ ᠭᠠᠭᠴᠠ ᠮᠤᠩᠭᠤᠯ ᠭᠡᠯᠡ ᠰᠤᠶᠤᠯ ᠤᠨ ᠰᠠᠭᠤᠷᠢ ᠮᠥᠩᠭᠦᠨ ᠤ ᠨᠡᠶᠢᠬᠡᠮᠯᠢᠭ — ︽ᠥᠪᠥᠷ ᠮᠤᠩᠭᠤᠯ ᠤᠨ ᠴᠡᠩᠭᠡᠯᠳᠡᠢ ᠮᠤᠩᠭᠤᠯ ᠭᠡᠯᠡ ᠰᠤᠶᠤᠯ ᠤᠨ ᠰᠠᠭᠤᠷᠢ ᠮᠥᠩᠭᠦᠨ ᠤ ᠨᠡᠶᠢᠭᠡᠮᠯᠢᠭ︾ ᠢ ᠪᠠᠶᠢᠭᠤᠯᠵᠤ᠂ ᠪᠥᠭᠦ ᠤᠷᠤᠨ ᠤ ᠴᠤᠷ ᠤᠨ ᠭᠠᠭᠴᠠ ᠬᠤᠰᠢᠭᠤ ᠰᠢᠶᠠᠨ ᠤ ᠲᠡᠰ ᠤᠨ ᠨᠡᠶᠢᠭᠡᠮ ᠤᠨ ᠭᠠᠳᠠᠷ ᠬᠡᠷᠡᠭᠯᠡᠭᠡᠨ ᠤ ᠮᠤᠩᠭᠤᠯ ᠭᠢᠳᠡᠳ ᠬᠤᠶᠠᠷ ᠵᠥᠢᠯ ᠤᠨ ᠥᠰᠥᠭ ᠪᠢᠴᠢᠭ ᠢ  ᠪᠠᠶᠢᠴᠠᠭᠠᠬᠤ ᠠᠩᠭᠢ ᠶᠢ ᠪᠠᠶᠢᠭᠤᠯᠵᠤ᠂ ᠮᠤᠩᠭᠤᠯ ᠭᠡᠯᠡᠨ ᠤ ᠰᠤᠨᠢᠨ ᠰᠡᠳᠭᠦᠯ ᠡᠷᠭᠢᠯᠡᠨ᠂ ᠮᠤᠩᠭᠤᠯ ᠺᠠᠳ᠋ᠷ ᠤᠯᠠᠨ  ᠲᠥᠮᠡᠨ ᠳᠤ ᠮᠤᠩᠭᠤᠯ ᠰᠤᠨᠢᠨ ᠰᠡᠳᠭᠦᠯ ᠢ ᠵᠠᠭᠢᠶᠠᠯᠠᠨ ᠤᠩᠰᠢᠭᠤᠯᠵᠤ᠂ ᠮᠤᠩᠭᠤᠯ ᠭᠡᠯᠡᠨ ᠤ ᠷᠠᠳᠢᠤ᠋ ᠨᠡᠪᠳᠡᠷᠡᠭᠦᠯᠭᠡ ᠪᠠᠨ  ᠪᠠᠷᠢᠮᠳᠠᠯᠠᠨ᠂ ᠬᠠᠷᠠᠴᠢᠨ ᠰᠤᠶᠤᠯ ᠤᠨ ᠲᠤᠬᠠᠢ ᠲᠡᠤᠭᠡ ᠶᠢᠨ ᠲᠤᠷᠠᠰᠬᠠᠯᠳᠤ ᠵᠥᠢᠯ ᠢ ᠡᠮᠭᠢᠳᠭᠡᠨ ᠴᠤᠭᠯᠠᠭᠤᠯᠵᠤ᠂ ᠺᠠᠳ᠋ᠷ ᠤᠯᠠᠨ ᠲᠥᠮᠡᠨ ᠤ ᠲᠤᠮᠳᠠ ᠮᠤᠩᠭᠤᠯ ᠥᠭᠡ ᠭᠡᠯᠡ ᠪᠠᠨ ᠰᠤᠷᠤᠯᠴᠠᠬᠤ ᠭᠥᠳᠡᠯᠭᠡᠭᠡᠨ ᠦᠷᠨᠢᠭᠦᠯᠦᠭᠡᠳ᠂ ᠮᠤᠩᠭᠤᠯ ᠭᠡᠯᠡ  ᠪᠢᠴᠢᠭ ᠤᠨ ᠠᠵᠢᠯ ᠤᠨ ᠲᠠᠯ᠎ᠠ ᠪᠠᠷ ᠪᠥᠭᠦ ᠤᠷᠤᠨ  ᠳᠤ ᠲᠤᠯᠤᠭᠠᠶᠢᠯᠠᠭᠴᠢ ᠵᠢᠱᠢᠶᠡᠴᠢ ᠥᠢᠯᠡᠳᠥᠯ ᠥᠵᠡᠭᠦᠯᠥᠭᠰᠡᠨ ᠪᠠᠶᠢᠨ᠎ᠠ᠃ ᠨᠡᠩ ᠢᠯᠠᠩᠭᠤᠶ᠎ᠠ᠂ ᠤᠶᠢᠷ᠎ᠠ ᠶᠢᠨ ᠭᠡᠳᠥᠨ ᠵᠢᠯ ᠳᠤ ᠪᠥᠭᠦ ᠤᠷᠤᠨ ᠤ ᠭᠡᠪᠴᠢᠶᠡᠨ ᠳᠤ ᠮᠤᠩᠭᠤᠯ ᠰᠤᠷᠭᠠᠭᠤᠯᠢ ᠴᠥᠭᠡᠷᠡᠵᠤ᠂ ᠮᠤᠩᠭᠤᠯ ᠭᠡᠯᠡ ᠪᠠᠨ ᠰᠤᠷᠤᠯᠴᠠᠬᠤ ᠰᠤᠷᠤᠭᠴᠢ ᠴᠥᠭᠡᠷᠡᠭᠰᠡᠨ ᠪᠠᠶᠢᠳᠠᠯ ᠲᠤᠤᠷ᠎ᠠ᠂ ᠮᠤᠩᠭᠤᠯ   ᠢᠶᠠᠷ ᠭᠢᠴᠢᠶᠡᠯᠯᠡᠭᠦ ᠰᠤᠷᠭᠠᠭᠤᠯᠢ ᠪᠠᠨ ᠪᠠᠳᠤᠯᠠᠵᠤ᠂ ᠮᠤᠩᠭᠤᠯ ᠭᠡᠯᠡ ᠪᠠᠨ ᠨᠡᠮᠡᠵᠤ ᠰᠤᠷᠤᠯᠴᠠᠬᠤ ᠭᠢᠴᠢᠶᠡᠯᠯᠡᠭᠡ ᠪᠠᠨ ᠪᠠᠳᠤᠯᠠᠭᠰᠠᠭᠠᠷ ᠢᠷᠡᠭᠰᠡᠨ ᠨᠢ ᠨᠢᠩᠴᠧᠩ ᠰᠢᠶᠠᠨ ᠤ ᠰᠤᠷᠭᠠᠨ ᠭᠥᠮᠥᠵᠢᠯ ᠤᠨ ᠪᠥᠭᠦ ᠤᠷᠤᠨ ᠤ ᠥᠨᠳᠥᠰᠥᠳᠡᠨ ᠤ  ᠰᠤᠷᠭᠠᠨ ᠭᠥᠮᠥᠵᠢᠯ ᠳᠤ ᠥᠵᠡᠭᠦᠯᠥᠭᠰᠡᠨ ᠠᠤᠭ᠎ᠠ ᠶᠡᠭᠡ ᠠᠴᠢ ᠬᠤᠯᠪᠤᠭᠳᠠᠯ ᠪᠠᠶᠢᠭ᠎ᠠ ᠶᠤᠮ᠃         ᠤᠯᠠᠨ ᠤ ᠮᠡᠳᠡᠭᠡᠵᠢ ᠪᠠᠷ᠂ ᠨᠢᠩᠴᠧᠩ ᠰᠢᠶᠠᠨ ᠢ ᠪᠠᠭᠳᠠᠭᠠᠭᠰᠠᠨ ᠬᠠᠷᠠᠴᠢᠨ ᠤᠷᠤᠨ ᠪᠤᠯ ᠰᠤᠶᠤᠯ ᠰᠤᠷᠭᠠᠨ ᠭᠥᠮᠥᠵᠢᠯ ᠢ ᠭᠥᠨᠳᠥᠳᠭᠡᠭᠦ ᠰᠠᠶᠢᠨ ᠰᠠᠶᠢᠬᠠᠨ ᠤᠯᠠᠮᠵᠢᠯᠠᠯ ᠲᠠᠢ ᠤᠷᠤᠨ ᠪᠠᠶᠢᠭ᠎ᠠ ᠶᠤᠮ᠃ ᠡᠨᠡ ᠤᠷᠤᠨ  ᠠᠴᠠ ᠰᠡᠭᠡᠭᠡᠷᠡᠭᠰᠡᠨ ᠸᠠᠩ ᠭᠥᠩᠰᠠᠩᠨᠤᠷᠪᠤ᠂ ᠭᠡᠯᠡᠨ ᠤ ᠡᠷᠳᠡᠮᠳᠡᠨ ᠴᠡᠩᠭᠡᠯᠳᠡᠢ᠂ ᠠᠯᠳᠠᠷᠳᠤ ᠲᠡᠤᠭᠡᠴᠢᠨ ᠵᠠᠭᠴᠢᠳᠰᠡᠴᠡᠨ᠂ ᠵᠠᠩ ᠥᠢᠯᠡ ᠶᠢᠨ ᠤᠬᠠᠭᠠᠨᠳᠠᠨ ᠯᠤᠪᠰᠠᠩᠴᠤᠶᠢᠳᠠᠨ᠂ ᠮᠤᠩᠭᠤᠯ ᠡᠮᠨᠡᠯᠭᠡ ᠶᠢᠨ ᠤᠬᠠᠭᠠᠨᠳᠠᠨ ᠢᠤᠢ ᠴᠢᠩ ᠰᠢᠶᠠᠩ ᠵᠡᠷᠭᠡ ᠡᠷᠳᠡᠮᠳᠡᠨ ᠮᠡᠷᠭᠡᠳ ᠴᠤᠯᠭᠤᠷᠠᠨ ᠭᠠᠷᠴᠠᠢ᠃ ᠮᠤᠩᠭᠤᠯ ᠥᠨᠳᠥᠰᠥᠳᠡᠨ ᠤ ᠤᠷᠴᠢᠨ ᠥᠶ᠎ᠡ ᠶᠢᠨ ᠠᠯᠳᠠᠷᠳᠤ ᠵᠤᠭᠢᠶᠠᠯᠴᠢ᠂ ᠪᠤᠳᠤᠯᠭᠠᠳᠠᠨ ᠢᠨᠵᠠᠠᠨᠠᠰᠢ ᠴᠤ ᠡᠨᠡ ᠭᠠᠵᠠᠷ ᠤᠨ ᠰᠤᠶᠤᠯ ᠰᠤᠷᠭᠠᠨ ᠭᠥᠮᠥᠵᠢᠯ ᠢ ᠭᠥᠷᠳᠡᠭᠰᠡᠨ ᠠᠴᠠ ︽ᠭᠥᠭᠡ ᠰᠤᠳᠤᠷ︾ ᠵᠡᠷᠭᠡ ᠲᠤᠮᠤ ᠪᠥᠳᠥᠭᠡᠯ ᠢᠶᠠᠨ ᠲᠤᠭᠤᠷᠪᠢᠨ ᠪᠥᠳᠥᠭᠡᠭᠰᠡᠨ ᠶᠤᠮ᠃        ᠭᠥᠰᠡᠭᠦ ᠨᠢ ᠨᠢᠩᠴᠧᠩ ᠰᠢᠶᠠᠨ ᠤ ᠨᠠᠮ᠂ ᠵᠠᠰᠠᠭ ᠤᠨ ᠤᠳᠤᠷᠢᠳᠤᠯᠭ᠎ᠠ ᠨᠠᠷ᠂ ᠬᠠᠷᠠᠴᠢᠨ ᠮᠤᠩᠭᠤᠯ ᠤᠨ ᠰᠢᠯᠢᠳᠡᠭ ᠰᠠᠶᠢᠬᠠᠨ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠮᠤᠩᠭᠤᠯ ᠭᠡᠯᠡ ᠪᠢᠴᠢᠭ ᠤᠨ ᠠᠵᠢᠯ ᠳᠠᠭᠠᠨ ᠰᠢᠨ᠎ᠡ ᠶᠢ ᠡᠭᠦᠳᠥᠨ ᠰᠢᠷᠭᠠᠭᠤ ᠴᠢᠷᠮᠠᠶᠢᠵᠤ᠂ ᠪᠥᠭᠦ ᠤᠷᠤᠨ ᠤ ᠮᠤᠩᠭᠤᠯ ᠭᠡᠯᠡ ᠪᠢᠴᠢᠭ ᠤᠨ ᠠᠵᠢᠯ ᠳᠤ ᠰᠢᠨ᠎ᠡ ᠨᠡᠮᠡᠷᠢ ᠥᠵᠡᠭᠦᠯᠭᠦ   ᠶᠢ ᠭᠥᠰᠡᠨ ᠵᠥᠩᠨᠡᠵᠤ ᠪᠠᠶᠢᠨ᠎ᠠ᠃         ᠥᠨᠥᠳᠥᠷ ᠤᠨ ᠱᠠᠩᠨᠠᠯ ᠤᠨ ᠬᠤᠷᠠᠯ ᠲᠡᠭᠡᠷ᠎ᠡ ᠡᠩᠭᠡᠷ ᠢᠶᠠᠨ ᠮᠢᠯᠢᠶᠠᠯᠭᠠᠭᠰᠠᠨ ᠰᠤᠷᠭᠠᠭᠤᠯᠢ ᠪᠤᠯᠤᠨ ᠰᠤᠷᠤᠭᠴᠢ ᠨᠥᠭᠦᠳ ᠲᠤ ᠬᠠᠯᠠᠭᠤᠨ ᠪᠠᠶᠠᠷ ᠭᠥᠷᠭᠡᠭᠦ ᠶᠢᠨ ᠬᠠᠮᠳᠤ ᠬᠤᠵᠢᠮ ᠤᠨ ᠠᠵᠢᠯ ᠰᠤᠷᠤᠯᠴᠠᠯᠭ᠎ᠠ ᠲᠤᠮᠳᠠ  ᠪᠠᠨ ᠨᠡᠩ ᠶᠡᠭᠡ ᠥᠨᠳᠥᠷ ᠠᠮᠵᠢᠯᠳᠠ ᠤᠯᠬᠤ ᠶᠢ ᠢᠷᠤᠭᠡᠨ ᠲᠠᠭᠠᠳᠬᠠᠵᠤ ᠪᠠᠶᠢᠨ᠎ᠠ᠃                       ᠲᠠ ᠪᠥᠭᠦᠨ ᠳᠤ ᠲᠠᠯᠠᠷᠬᠠᠯ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号