| ᠬᠠᠯᠠᠭᠤᠨ ᠷᠠᠰᠢᠶᠠᠨ ᠨᠢ ᠤᠯᠠᠭᠠᠨᠬᠠᠳᠠ ᠬᠤᠲᠠ ᠶᠢᠨ ᠨᠢᠩᠴᠧᠩ ᠰᠢᠶᠡᠨ ᠤ ᠬᠠᠯᠠᠭᠤᠨ ᠷᠠᠰᠢᠶᠠᠨ ᠪᠠᠯᠭᠠᠰᠤᠨ ᠳᠤ | ᠪᠤᠢ᠃ ᠲᠡᠷᠡ ᠨᠢ ᠴᠧᠩ ᠳ᠋ᠧ ᠠᠴᠠ 150km᠂ ᠪᠡᠭᠡᠵᠢᠩ ᠠᠴᠠ 380km᠂ ᠤᠯᠠᠭᠠᠨᠬᠠᠳᠠ ᠬᠤᠲᠠᠨ ᠠᠴᠠ | 110km ᠵᠠᠶᠢᠲᠠᠢ᠃ ᠬᠠᠯᠠᠭᠤᠨ ᠷᠠᠰᠢᠶᠠᠨ ᠤ ᠡᠬᠢ ᠪᠠᠶᠠᠯᠢᠭ ᠨᠢ ᠭᠤᠴᠣ ᠰᠠᠶᠢᠨ ᠨᠥᠬᠦᠴᠡᠯ ᠲᠠᠢ ᠪᠠᠶᠢᠵᠤ᠂ | ᠷᠠᠰᠢᠶᠠᠨ ᠤ ᠤᠰᠤᠨ ᠤ ᠳᠤᠯᠠᠭᠠᠨ ᠨᠢ 96 ℃ ᠣᠷᠴᠢᠮ᠂ ᠭᠤᠣᠯ ᠷᠠᠰᠢᠶᠠᠨ ᠤ ᠰᠦᠪᠡ ᠶᠢᠨ ᠤᠰᠤᠨ ᠤ | ᠳᠤᠯᠠᠭᠠᠨ ᠨᠢ 97℃ ᠬᠦᠷᠴᠦ᠂ ᠪᠦᠬᠦ ᠤᠯᠤᠰ ᠲᠤ ᠤᠰᠤᠨ ᠤ ᠳᠤᠯᠠᠭᠠᠨ ᠢᠶᠠᠷ ᠬᠠᠮᠤᠭ ᠤᠨ ᠦᠨᠳᠦᠷ ᠬᠠᠯᠠᠭᠤᠨ | ᠷᠠᠰᠢᠶᠠᠨ ᠤ ᠨᠢᠭᠡ ᠨᠢ ᠪᠣᠯᠤᠭᠰᠠᠨ ᠪᠠᠶᠢᠨ᠎ᠠ᠃ | ᠬᠠᠯᠠᠭᠤᠨ ᠷᠠᠰᠢᠶᠠᠨ ᠨᠢ ᠲᠢᠶᠠᠨ ᠢ ᠪᠠᠯᠭᠠᠰᠤᠨ ᠠᠴᠠ 30km ᠵᠠᠶᠢᠲᠠᠢ ᠪᠠᠶᠢᠵᠤ᠂ ᠮᠢᠩᠭᠠᠭᠠᠳ ᠵᠢᠯ ᠤᠨ | ᠨᠡᠭᠡᠭᠡᠵᠦ ᠠᠰᠢᠭᠯᠠᠭᠰᠠᠨ ᠳᠡᠦᠬᠡ ᠲᠠᠢ᠃ ᠬᠠᠯᠠᠭᠤᠨ ᠷᠠᠰᠢᠶᠠᠨ ᠤ ᠤᠰᠤᠨ ᠳᠤ ᠹᠯᠣᠷ᠂ ᠷᠠᠳᠢ ᠵᠡᠷᠭᠡ ᠬᠢᠮᠢ ᠶᠢᠨ | ᠡᠯᠧᠮᠧᠨ᠋ᠲ᠂ ᠷᠠᠳᠤᠨ᠂ ᠬᠦᠬᠦᠷᠲᠦ ᠤᠰᠤᠲᠥ᠋ᠷᠥᠭᠴᠢ ᠵᠡᠷᠭᠡ ᠬᠡᠢ ᠪᠡᠶᠡᠲᠦ᠂ ᠬᠤᠪᠣᠷ ᠡᠯᠧᠮᠧᠨ᠋ᠲ ᠭᠠᠯᠢ᠂ ᠸᠣᠯᠹᠷᠠᠮ᠂ | ᠯᠢᠲ᠂ ᠰᠳ᠋ᠷᠤᠨᠲ ᠵᠡᠷᠭᠡ 47 ᠪᠢᠴᠢᠯ ᠡᠯᠧᠮᠧᠨ᠋ᠲ ᠠᠭᠤᠯᠤᠭᠳᠠᠵᠤ ᠪᠤᠢ᠃ ᠷᠠᠰᠢᠶᠠᠨ ᠤ ᠤᠰᠤ ᠨᠢ ᠲᠤᠩᠭᠠᠯᠠᠭ᠂ | ᠬᠦᠬᠦᠷ ᠤᠨ ᠣᠨᠴᠠᠭᠠᠢ ᠦᠨᠦᠷ ᠲᠠᠢ ᠪᠠᠶᠢᠵᠤ᠂ ᠤᠬᠢᠶᠠᠭᠰᠠᠨ ᠤ ᠳᠠᠷᠠᠭ᠎ᠠ ᠬᠦᠮᠦᠨ ᠤ ᠠᠷᠠᠰᠤ ᠬᠦᠷᠦᠰᠦ ᠶᠢ ᠭᠥᠯᠢᠭᠡᠷ | ᠪᠣᠯᠭᠠᠳᠠᠭ ᠦᠪᠡᠷᠮᠢᠴᠡ ᠣᠨᠴᠠᠯᠢᠭ ᠲᠠᠢ ᠡᠮᠨᠡᠨ ᠵᠠᠰᠠᠬᠤ ᠷᠠᠳᠣᠨ ᠴᠢᠨᠠᠷᠲᠠᠢ ᠷᠠᠰᠢᠶᠠᠨ ᠪᠣᠯᠬᠤ ᠶᠤᠮ᠃ | ᠬᠠᠯᠠᠭᠤᠨ ᠷᠠᠰᠢᠶᠠᠨ ᠪᠠᠯᠭᠠᠰᠤᠨ ᠳᠤ ᠥᠵᠡᠮᠵᠢᠲᠦ ᠰᠠᠶᠢᠬᠠᠨ ᠠᠭᠤᠯᠠ ᠤᠰᠤ ᠲᠠᠢ᠂ ᠠᠰᠠᠷ ᠲᠠᠭᠳᠤ ᠲᠢᠩᠬᠢᠮ | ᠪᠠᠭᠤᠳᠠᠯ ᠵᠡᠷᠭᠡᠯᠡᠨ᠂ ᠨᠢᠭᠡᠨᠲᠡ ᠬᠤᠷᠢᠭᠠᠳ ᠢᠯᠡᠭᠦᠦ ᠰᠤᠪᠢᠯᠠᠯᠲᠠ ᠶᠢᠨ ᠬᠦᠷᠢᠶᠡᠯᠡᠩ᠂ ᠺᠠᠳ᠋ᠷᠴᠤᠳ ᠤᠨ | ᠠᠮᠠᠷᠠᠯᠲᠠ ᠶᠢᠨ ᠭᠠᠵᠠᠷ᠂ ᠪᠠᠭᠤᠳᠠᠯ ᠵᠡᠷᠭᠡ ᠶᠢ ᠪᠠᠶᠢᠭᠤᠯᠪᠠ᠃ ᠰᠤᠪᠢᠯᠠᠯᠲᠠ ᠶᠢᠨ ᠲᠣᠭᠤᠷᠢᠭ ᠲᠤ ᠪᠠᠰᠠ | ᠪᠠᠶᠢᠭᠠᠯᠢ ᠶᠢᠨ ᠤᠬᠢᠶᠠᠯᠭ᠎ᠠ ᠶᠢᠨ ᠭᠠᠵᠠᠷ᠂ ᠤᠮᠪᠠᠯᠲᠠ ᠶᠢᠨ ᠥᠷᠭᠦᠭᠡ᠂ ᠠᠭᠤᠷ ᠤᠨ ᠤᠬᠢᠶᠠᠯᠭ᠎ᠠ᠂ ᠢᠯᠢᠵᠦ | ᠨᠤᠬᠤᠯᠠᠬᠤ ᠵᠡᠷᠭᠡ ᠪᠡᠶ᠎ᠡ ᠪᠣᠯᠪᠠᠰᠤᠷᠠᠭᠤᠯᠬᠤ ᠬᠥᠳᠡᠯᠭᠡᠭᠡᠨ ᠤ ᠲᠠᠯᠠᠪᠠᠢ ᠲᠠᠢ᠃ | ᠠᠳᠡᠬᠢ ᠡᠮᠨᠡᠨ ᠵᠠᠰᠠᠬᠤ᠂ ᠲᠣᠭᠤᠷᠢᠨ ᠵᠤᠭᠠᠴᠠᠬᠤ᠂ ᠠᠮᠠᠷᠠᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠴᠡᠴᠡᠷᠯᠢᠭ | ᠮᠠᠶ᠋ᠢᠭ ᠤᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠨᠢ ᠠᠩᠬ᠎ᠠ ᠠᠯᠬᠤᠮ ᠬᠡᠪᠴᠢᠶᠡᠵᠢᠵᠦ᠂ ᠤᠯᠤᠰ ᠤᠨ | ᠳᠣᠲᠤᠭᠠᠳᠣ ᠭᠠᠳᠠᠭᠠᠳᠣ ᠶᠢᠨ ᠵᠢᠭᠤᠯᠴᠢᠯᠠᠭᠴᠢᠳ ᠤᠨ ᠪᠠᠭ᠋ᠠᠷᠬᠠᠯ ᠢ ᠲᠠᠲᠠᠭᠰᠠᠨ ᠰᠣᠪᠢᠯᠠᠨᠯᠲᠠ ᠠᠮᠠᠷᠠᠯᠲᠠ ᠶᠢᠨ | ᠭᠠᠵᠠᠷ ᠤᠨ ᠨᠢᠭᠡ ᠨᠢ ᠪᠣᠯᠤᠭᠰᠠᠨ ᠪᠠᠶᠢᠨ᠎ᠠ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ︵ᠬᠢᠲᠠᠳ︶ |