| ᠤᠶᠢᠷ᠎ᠠ ᠶᠢᠨ ᠵᠢᠯ ᠤᠨ ᠲᠤᠷᠰᠢ᠂ ᠨᠢᠩᠴᠧᠩ ᠰᠢᠶᠠᠨ ︽ᠲᠥᠬᠦᠭᠡᠷᠦᠮᠵᠢᠲᠦ ᠲᠠᠷᠢᠶᠠᠯᠠᠩ ᠤᠨ ᠪᠠᠷᠢᠮᠵᠢᠶᠠᠵᠢᠭᠤᠯᠤᠨ | ᠲᠠᠷᠢᠬᠤ ᠮᠡᠷᠭᠡᠵᠢᠯ ᠤᠨ ᠳᠦᠷᠢᠮ︾᠂ ︽ᠵᠢᠮᠢᠰ ᠤᠨ ᠮᠤᠳᠤ ᠠᠵᠤ ᠠᠬᠤᠢ ᠶᠢᠨ ᠤᠢ ᠶᠢᠨ ᠪᠠᠷᠢᠮᠵᠢᠶᠠᠵᠢᠭᠤᠯᠤᠨ | ᠲᠠᠷᠢᠬᠤ ᠬᠠᠮᠢᠶᠠᠷᠤᠯᠲᠠ ᠶᠢᠨ ᠮᠡᠷᠭᠡᠵᠢᠯ ᠤᠨ ᠳᠦᠷᠢᠮ︾᠂ ︽ᠪᠤᠬᠢᠷᠳᠣᠯ ᠦᠭᠡᠢ ᠢᠳᠡᠭᠡᠨ ᠤ ᠲᠦᠭᠦᠬᠡᠶ ᠮᠠᠲ᠋ᠧᠷᠢᠶᠠᠯ | ᠡᠷᠳᠡᠨᠢ ᠰᠢᠰᠢ ᠶᠢᠨ ᠪᠠᠷᠢᠮᠵᠢᠶᠠᠵᠢᠭᠤᠯᠤᠨ ᠦᠢᠯᠡᠳᠪᠤᠷᠢᠯᠡᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠮᠡᠷᠭᠡᠵᠢᠯ ᠤᠨ ᠳᠦᠷᠢᠮ︾ ᠵᠡᠷᠭᠡ ᠠᠯᠢ ᠣᠯᠠᠨ ᠮᠡᠷᠭᠡᠵᠢᠯ ᠤᠨ ᠳᠦᠷᠢᠮ ᠢ ᠤᠷᠢᠳ ᠬᠤᠵᠢᠳ ᠲᠣᠭᠲᠠᠭᠠᠵᠤ᠂ | ᠮᠡᠷᠭᠡᠵᠢᠯ ᠤᠨ ᠳᠦᠷᠢᠮ ᠶᠣᠰᠣᠭᠠᠷ ᠰᠢᠨ᠎ᠡ ᠪᠠᠷ ᠪᠠᠶᠢᠭᠤᠯᠤᠭᠰᠠᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ | ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠣᠢ ᠵᠢᠮᠢᠰ ᠤᠨ ᠰᠠᠭᠤᠷᠢᠨ ᠭᠠᠵᠠᠷ ᠪᠣᠯᠤᠨ ᠮᠠᠯ | ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠰᠢᠶᠠᠨ ᠤ ᠡᠳ᠋ ᠤᠨ ᠵᠠᠰᠠᠭ ᠠᠴᠠ ᠲᠥᠷᠥ ᠶᠢᠨ ᠪᠣᠳᠣᠯᠭ᠎ᠠ ᠶᠢᠨ | ᠳᠡᠮᠵᠢᠯᠭᠡ ᠦᠵᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠡᠬᠢ | ᠡᠭᠦᠰᠦᠯ ᠠᠴᠠ ᠨᠢ ᠪᠠᠲᠤᠯᠠᠪᠠ᠃ ᠣᠳᠣ ᠪᠣᠯᠲᠠᠯ᠎ᠠ᠂ ᠳᠡᠭᠡᠷ᠎ᠡ ᠬᠤᠷᠤᠭ᠎ᠠ ᠶᠢᠨ ᠲᠥᠪᠡᠳ ᠬᠠᠰᠢ᠂ ᠶᠡᠭᠡ ᠵᠦᠩ ᠤᠨ | ᠬᠠᠰᠢ᠂ ᠰᠢᠽᠢ ᠶᠢᠨ ᠭᠤᠭᠤᠳ ᠵᠡᠷᠭᠡ ᠪᠠᠷᠢᠮᠵᠢᠶᠠᠵᠢᠭᠰᠠᠨ ᠲᠦᠮᠡᠨ ᠮᠤ᠋ ᠲᠥᠬᠦᠭᠡᠷᠦᠮᠵᠢᠲᠦ ᠲᠠᠷᠢᠶᠠᠯᠠᠩ ᠤᠨ | ᠬᠦᠷᠢᠶᠡᠯᠡᠩ ᠲᠣᠭᠤᠷᠢᠭ 6᠂ ᠲᠤᠤᠷ᠎ᠠ ᠬᠤᠷᠤᠭ᠎ᠠ᠂ ᠤᠭᠤᠷ᠂ ᠳᠡᠭᠡᠷ᠎ᠡ ᠬᠤᠷᠤᠭ᠎ᠠ ᠵᠡᠷᠭᠡ ᠪᠠᠷᠢᠮᠵᠢᠶᠠᠵᠢᠭᠰᠠᠨ | ᠲᠦᠮᠡᠨ ᠮᠤ᠋ ᠣᠢ ᠵᠢᠮᠢᠰ ᠤᠨ ᠰᠠᠭᠤᠷᠢᠨ ᠭᠠᠵᠠᠷ 5᠂ ᠲᠥᠮᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ | ᠲᠥᠪᠯᠡᠷᠡᠭᠰᠡᠨ ᠲᠣᠭᠤᠷᠢᠭ 2᠂ ᠭᠠᠭ᠋ᠠᠶ ᠲᠡᠵᠢᠭᠡᠨ ᠦᠷᠡᠵᠢᠭᠦᠯᠬᠦ ᠲᠥᠪᠯᠡᠷᠡᠭᠰᠡᠨ ᠲᠣᠭᠤᠷᠢᠭ 4 ᠶᠢ ᠪᠠᠶᠢᠭᠤᠯᠪᠠ᠃ |