| ᠰᠤᠷᠪᠤᠯᠵᠢᠯᠠᠭᠰᠠᠨ ᠵᠣᠴᠢᠨ ᠤ ᠲᠣᠪᠴᠢ ᠲᠠᠨᠢᠯᠴᠠᠭᠤᠯᠭ᠎ᠠ᠄ ᠨᠢᠩᠴᠧᠩ ᠰᠢᠶᠠᠨ ᠤ ᠲᠠᠷᠢᠶᠠᠯᠠᠩ ᠮᠠᠯ ᠠᠵᠦ ᠠᠬᠤᠢ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ ᠢᠦᠢ ᠬᠤᠩ ᠵᠢᠶᠦ᠋ᠨ | ᠰᠤᠷᠪᠤᠯᠵᠢᠯᠠᠭᠰᠠᠨ ᠴᠠᠭ᠄ 2019 ᠣᠨ ᠤ 10 ᠰᠠᠷ᠎ᠠ ᠶᠢᠨ 17 ᠤ ᠡᠳᠤᠷ | ᠰᠤᠷᠪᠤᠯᠵᠢᠯᠠᠭ᠎ᠠ ᠶᠢᠨ ᠭᠠᠵᠠᠷ᠄ ᠨᠢᠩᠴᠧᠩ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢᠨ ᠲᠠᠰᠤᠭ | ᠬᠥᠲᠥᠯᠥᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ 2019 ᠣᠨ ᠪᠣᠯ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠠᠪᠠᠯᠲᠠ ᠶᠢᠨ ᠵᠢᠯ᠂ ᠮᠥᠨᠴᠦ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠤᠷᠢᠲᠦ ᠳᠠᠶᠢᠯᠠᠯᠳᠤᠭᠠᠨ ᠬᠢᠵᠦ ᠰᠢᠢᠳᠪᠤᠷᠢᠲᠦ | ᠢᠯᠠᠯᠲᠠ ᠣᠯᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠂ ᠪᠠᠰᠠ ᠴᠤ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠯ ᠮᠥᠨ᠂ ᠨᠢᠩᠴᠧᠩ ᠰᠢᠶᠠᠨ | ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠵᠦ ᠲᠡᠰ ᠳᠡᠪᠰᠢᠭᠦᠯᠬᠦ ᠶᠢ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠨ | ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ | ᠦᠢᠯᠡᠰ ᠤᠨ ᠲᠤᠯᠭᠠᠭᠤᠷᠢᠯᠠᠯ ᠬᠠᠩᠭᠠᠪᠠ᠃ ᠲᠤᠰ ᠬᠤᠭᠤᠴᠠᠭᠠᠨ ᠳᠤ ᠨᠢᠩᠴᠧᠩ ᠰᠢᠶᠠᠨ ᠤ ᠲᠠᠷᠢᠶᠠᠯᠠᠩ ᠮᠠᠯ ᠠᠵᠦ | ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶᠠᠨ ᠤ ᠳᠡᠳ᠋ ᠲᠣᠪᠴᠢᠶᠠᠨ ᠳᠠᠷᠤᠭ᠎ᠠ ᠢᠦᠢ ᠬᠤᠩ | ᠵᠢᠶᠦ᠋ᠨ ᠢ ᠣᠨᠴᠠᠭᠠᠶᠢᠯᠠᠨ ᠤᠷᠢᠵᠤ ᠣᠯᠠᠨ ᠳᠤ ᠨᠢᠩᠴᠧᠩ ᠰᠢᠶᠠᠨ ᠤ ᠲᠥᠬᠦᠭᠡᠷᠦᠮᠵᠢᠲᠦ ᠲᠠᠷᠢᠶᠠᠯᠠᠩ ᠤᠨ | ᠬᠥᠭᠵᠢᠯᠲᠡ ᠶᠢᠨ ᠴᠢᠭᠯᠡᠯ᠂ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠲᠤᠬᠠᠶ ᠨᠠᠷᠢᠨ ᠲᠣᠳᠣᠷᠬᠠᠶ | ᠬᠠᠷᠢᠭᠤᠯᠲᠠ ᠥᠭᠬᠦ ᠪᠤᠯᠤᠨ᠎ᠠ᠃ ᠲᠠ ᠰᠠᠶᠢᠨ ᠤᠤ᠂ ᠢᠦᠢ ᠲᠣᠪᠴᠢᠶᠠᠨ ᠳᠠᠷᠤᠭ᠎ᠠ᠃ | ᠢᠦᠶ ᠬᠤᠩ ᠵᠢᠶᠦ᠋ᠨ᠄ ᠬᠥᠲᠥᠯᠥᠭᠴᠢ ᠲᠠ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠃ | ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠪᠠᠷ ᠲᠠ ᠪᠦᠬᠦᠨ ᠲᠠᠢ ᠪᠠᠨ ᠵᠣᠯᠭᠠᠬᠤ ᠳᠠᠭᠠᠨ ᠮᠠᠰᠢ ᠪᠠᠶᠠᠷᠯᠠᠵᠤ ᠪᠠᠶᠢᠨ᠎ᠠ᠂ | ᠰᠦᠯᠵᠢᠶᠡᠨ ᠠᠨᠳᠠ ᠨᠠᠷ ᠤᠨ ᠮᠠᠨ ᠤ ᠰᠢᠶᠠᠨ ᠤ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠲᠤᠬᠠᠢ | ᠠᠩᠬᠠᠷᠤᠯ ᠪᠠ ᠳᠡᠮᠵᠢᠯᠭᠡ ᠳᠤ ᠮᠠᠰᠢ ᠲᠠᠯᠠᠷᠬᠠᠵᠤ ᠪᠠᠶᠢᠨ᠎ᠠ᠂ ᠮᠥᠨ ᠴᠦ ᠰᠦᠯᠵᠢᠶᠡᠨ ᠳᠡᠭᠡᠷ᠎ᠡ ᠥᠷᠭᠡᠨ ᠣᠯᠠᠨ | ᠰᠦᠯᠵᠢᠶᠡᠨ ᠠᠨᠳᠠ ᠨᠠᠷ ᠲᠠᠢ ᠰᠠᠨᠠᠯ ᠢᠶᠠᠨ ᠰᠣᠯᠢᠯᠴᠠᠬᠤ ᠲᠣᠬᠢᠶᠠᠯ ᠬᠠᠩᠭᠠᠭᠰᠠᠨ ᠳᠤ ᠲᠠᠯᠠᠷᠬᠠᠵᠤ ᠪᠠᠶᠢᠨ᠎ᠠ᠃ | ᠬᠥᠲᠥᠯᠥᠭᠴᠢ᠄ ᠡᠩ ᠲᠡᠷᠢᠭᠦᠨ ᠳᠤ ᠢᠦᠢ ᠲᠣᠪᠴᠢᠶᠠᠨ ᠳᠠᠷᠤᠭ᠎ᠠ ᠠᠴᠠ ᠨᠢᠩᠴᠧᠩ ᠰᠢᠶᠠᠨ ᠤ 2019 ᠣᠨ ᠳᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠶᠠᠮᠠᠷ ᠶᠠᠮᠠᠷ ᠠᠵᠢᠯ | ᠬᠢᠬᠦ ᠲᠥᠯᠥᠪᠯᠡᠭᠡ ᠶᠢ ᠣᠯᠠᠨ ᠳᠤ ᠲᠠᠨᠢᠯᠴᠠᠭᠤᠯᠤᠭᠠᠳ ᠥᠭᠭᠦᠨ᠎ᠡ︖ | ᠢᠦᠶ ᠬᠤᠩ ᠵᠢᠶᠦ᠋ᠨ᠄ ᠵᠠ᠃ ᠡᠨᠡ ᠵᠢᠯ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠤᠨ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠰᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠬᠤᠲᠠ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠲᠠᠢ ᠨᠢᠭᠲᠠ | ᠵᠣᠯᠭᠠᠭᠤᠯᠵᠤ᠂ ︽ᠨᠢᠩᠴᠧᠩ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠲᠥᠯᠥᠪᠵᠢᠭᠦᠯᠪᠡ ︵2018 — 2022 ᠣᠨ︶︾᠂ ︽ ᠲᠤᠤᠷ᠎ᠠ ᠬᠤᠷᠤᠭ᠎ᠠ ᠪᠠᠯᠭᠠᠰᠤ᠂ | ᠳᠡᠭᠡᠷ᠎ᠡ ᠬᠤᠷᠤᠭ᠎ᠠ ᠪᠠᠯᠭᠠᠰᠤ᠂ ᠭᠤᠷᠪᠠᠨ ᠤᠪᠤᠭ᠎ᠠ ᠪᠠᠯᠭᠠᠰᠤ ᠶᠢ ᠬᠠᠮᠵᠢᠯᠴᠠᠭᠤᠯᠤᠨ ᠬᠦᠭᠵᠢᠬᠦᠯᠬᠦ ᠲᠥᠯᠥᠪᠵᠢᠭᠦᠯᠪᠡ | ︾᠂ ︽ᠰᠢᠩ ᠬᠠ ᠱᠤᠭᠤᠮ ᠤᠨ ᠲᠠᠷᠢᠶᠠᠯᠠᠩ ᠤᠨ ᠠᠵᠤ ᠦᠢᠯᠡᠰ ᠤᠨ ᠲᠥᠪᠯᠡᠷᠡᠭᠰᠡᠨ ᠪᠦᠰᠡ ᠶᠢᠨ | ᠬᠥᠭᠵᠢᠯᠲᠡ ᠶᠢᠨ ᠲᠥᠯᠥᠪᠵᠢᠭᠦᠯᠪᠡ︾ ᠶᠢ ᠨᠠᠶᠢᠷᠠᠭᠤᠯᠤᠨ ᠵᠣᠬᠢᠶᠠᠵᠤ᠂ ᠰᠢᠩ ᠬᠠ ᠱᠤᠭᠤᠮ ᠤᠨ ᠠᠵᠤ | ᠦᠢᠯᠡᠰ ᠤᠨ ᠪᠦᠰᠡ ᠪᠣᠯᠤᠨ ᠲᠤᠤᠷ᠎ᠠ ᠬᠤᠷᠤᠭ᠎ᠠ ᠪᠠᠯᠭᠠᠰᠤ — ᠳᠡᠭᠡᠷ᠎ᠡ ᠬᠤᠷᠤᠭ᠎ᠠ ᠪᠠᠯᠭᠠᠰᠤ — ᠭᠤᠷᠪᠠᠨ | ᠤᠪᠤᠭ᠎ᠠ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ | ᠪᠦᠰᠡ ᠶᠢ ᠲᠥᠪᠯᠡᠷᠡᠭᠦᠯᠦᠨ ᠪᠠᠶᠢᠭᠤᠯᠬᠤ ᠪᠠᠷ ᠲᠥᠯᠥᠪᠯᠡᠵᠦ ᠪᠣᠶ᠃ ᠶᠡᠭᠡ ᠵᠥᠩ᠂ ᠬᠤᠣᠰ ᠰᠦᠮ᠎ᠡ᠂ ᠭᠤᠷᠪᠠᠨ | ᠤᠪᠤᠭ᠎ᠠ ᠰᠤᠩᠬᠢᠨ᠎ᠡ ᠶᠢᠨ ᠭᠤᠤ ᠳᠤ ᠲᠦᠮᠡᠨ ᠮᠦ ᠶᠢᠨ ᠨᠡᠷᠡᠨ ᠭᠡᠷᠡᠯ ᠤᠨ ᠬᠦᠯᠡᠮᠵᠢ ᠶᠢᠨ ᠬᠦᠷᠢᠶᠡᠯᠡᠩ ᠲᠣᠭᠤᠷᠢᠭ | 3 ᠶᠢ ᠡᠬᠢᠯᠡᠨ ᠪᠠᠶᠢᠭᠤᠯᠵᠤ᠂ ᠳᠡᠭᠡᠷ᠎ᠡ ᠬᠤᠷᠤᠭ᠎ᠠ ᠶᠢᠨ ᠲᠥᠪᠡᠳ ᠬᠠᠰᠢ᠂ ᠰᠢᠽᠢ ᠶᠢᠨ ᠲᠦᠮᠡᠨ ᠮᠦ ᠶᠢᠨ ᠨᠡᠷᠡᠨ | ᠭᠡᠷᠡᠯ ᠤᠨ ᠬᠦᠯᠡᠮᠵᠢᠲᠦ ᠭᠤᠭᠤᠳ ᠤᠨ ᠬᠦᠷᠢᠶᠡᠯᠡᠩ ᠲᠣᠭᠤᠷᠢᠭ ᠢ ᠥᠷᠭᠡᠳᠬᠡᠨ ᠪᠠᠶᠢᠭᠤᠯᠵᠤ᠂ ᠳ᠋ᠠ ᠮᠢᠩ ᠤᠨ ᠡᠯ | ᠺᠧᠨ ᠳ᠋ᠦᠩ᠂ ᠰᠢᠽᠢ ᠶᠢᠨ ᠴᠢ ᠶᠢᠩᠽᠢ ᠵᠡᠷᠭᠡ ᠨᠢᠭᠡ ᠪᠦᠯᠦᠭ ᠥᠨᠳᠥᠷ ᠪᠠᠷᠢᠮᠵᠢᠶᠠᠲᠤ ᠮᠢᠩᠭᠠᠨ ᠮᠦ ᠶᠢᠨ ᠬᠦᠢᠲᠡᠨ | ᠫᠧᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠣᠨᠴᠠᠯᠢᠭᠲᠤ ᠲᠠᠷᠢᠮᠠᠯ ᠤᠨ ᠰᠠᠭᠤᠷᠢᠨ ᠭᠠᠵᠠᠷ ᠢ | ᠪᠠᠶᠢᠭᠤᠯᠤᠨ᠎ᠠ᠃ | ᠬᠥᠲᠥᠯᠥᠭᠴᠢ᠄ 2019 ᠣᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠳᠠᠪᠠᠯᠲᠠ ᠶᠢᠨ ᠵᠢᠯ ᠮᠥᠨ᠂ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠶᠢ | ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠮᠥᠨ᠂ ᠨᠢᠩᠴᠧᠩ ᠰᠢᠶᠠᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢ ᠲᠡᠳᠬᠦᠬᠦ ᠲᠠᠯ᠎ᠠ ᠪᠠᠷ ᠶᠠᠮᠠᠷ ᠶᠠᠮᠠᠷ ᠲᠥᠷᠥ ᠶᠢᠨ ᠪᠣᠳᠣᠯᠭ᠎ᠠ ᠪᠠᠶᠢᠬᠤ ᠪᠣᠶ︖ | ᠢᠦᠶ ᠬᠤᠩ ᠵᠢᠶᠦ᠋ᠨ᠄ 2019 ᠣᠨ ᠳᠤ᠂ ᠮᠠᠨ ᠤ ᠰᠢᠶᠠᠨ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠤ | ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ | ᠬᠥᠭᠵᠢᠯᠲᠡ ᠲᠠᠢ ᠤᠶᠠᠯᠳᠤᠭᠤᠯᠵᠤ᠂ ᠶᠠᠳᠠᠭᠤ ᠶᠢ ᠲᠡᠳᠬᠦᠬᠦ ᠪᠠᠯᠠ ᠮᠥᠩᠭᠦ ᠶᠢ ᠲᠥᠪᠯᠡᠷᠡᠭᠦᠯᠦᠨ ᠨᠡᠷᠡᠨ ᠤ ᠭᠡᠷᠡᠯ ᠤᠨ | ᠬᠦᠯᠡᠮᠵᠢ᠂ ᠬᠦᠢᠲᠡᠨ ᠫᠧᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠢᠭᠤᠯᠤᠯᠲᠠ ᠳᠤ | ᠣᠷᠣᠭᠤᠯᠵᠤ᠂ ᠲᠥᠬᠦᠭᠡᠷᠦᠮᠵᠢᠲᠦ ᠲᠠᠷᠢᠶᠠᠯᠠᠩ ᠢ ᠲᠡᠳᠬᠦᠨ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ | ᠡᠭᠦᠨ ᠤ ᠲᠤᠯᠠᠳᠠ᠂ ᠰᠢᠶᠠᠨ ᠤ ᠵᠠᠰᠠᠭ ᠤᠨ ᠣᠷᠳᠣᠨ ︽ᠨᠢᠩᠴᠧᠩ ᠰᠢᠶᠠᠨ ᠤ 2019 ᠣᠨ ᠤ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠯᠡᠭᠡ ᠵᠢᠴᠢ ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ︾ ᠶᠢ ᠨᠡᠶᠢᠲᠡᠯᠡᠵᠦ᠂ ᠪᠠᠷᠢᠮᠵᠢᠶ᠎ᠠ ᠳᠤ ᠨᠡᠶᠢᠴᠡᠭᠰᠡᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ | ᠴᠥᠮ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠪᠡ᠃ ᠡᠭᠦᠨ ᠤ ᠬᠠᠮᠲᠤ᠂ ᠪᠠᠩᠬᠢ ᠬᠢᠭᠡᠳ ᠮᠡᠳᠡᠭᠡ | ᠵᠠᠩᠭᠢ ᠶᠢᠨ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠤᠨ ᠵᠢᠭᠡᠯᠡᠯᠭᠡ ᠶᠢᠨ ᠪᠣᠱᠤᠭ᠎ᠠ ᠶᠢ ᠳᠣᠷᠣᠭᠰᠢᠯᠠᠭᠤᠯᠵᠤ | ᠂ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ ᠵᠢᠭᠡᠯᠡᠯᠭᠡ ᠶᠢᠨ ᠦᠶᠡᠯᠡᠯ ᠤᠨ ᠬᠤᠭᠤᠴᠠᠭ᠎ᠠ ᠶᠢ | ᠤᠷᠲᠤᠳᠬᠠᠵᠤ᠂ ᠥᠷᠭᠡᠨ ᠣᠯᠠᠨ ᠲᠠᠷᠢᠶᠠᠴᠢᠨ ᠡᠷᠦᠬᠡ ᠶᠢ ᠬᠠᠪᠰᠤᠷᠤᠨ ᠬᠥᠭᠵᠢᠯᠲᠡ ᠶᠢᠨ ᠪᠡᠯᠡ ᠮᠥᠩᠭᠦ | ᠴᠤᠭᠯᠠᠭᠤᠯᠬᠤ ᠳᠤ ᠬᠦᠴᠢᠷᠲᠡᠶ ᠪᠠᠶᠢᠭ᠎ᠠ ᠠᠰᠠᠭᠤᠳᠠᠯ ᠢ ᠦᠨᠡᠨᠬᠦ ᠰᠢᠢᠳᠪᠤᠷᠢᠯᠡᠪᠡ᠃ | ᠬᠥᠲᠥᠯᠥᠭᠴᠢ᠄ ᠢᠦᠶ ᠲᠣᠪᠴᠢᠶᠠᠨ ᠳᠠᠷᠤᠭ᠎ᠠ ᠡ᠂ ᠮᠢᠨᠦ ᠣᠶᠢᠯᠭᠠᠬᠰᠠᠨ ᠢᠶᠠᠷ ᠂ ᠡᠨᠡ ᠵᠢᠯ ᠲᠥᠬᠦᠭᠡᠷᠤᠮᠵᠢᠲᠦ | ᠲᠠᠷᠢᠶᠠᠯᠠᠩ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠠᠴᠠ ᠭᠠᠳᠠᠨ᠎ᠠ ᠪᠠᠰᠠ ᠣᠨᠴᠠᠯᠢᠭᠲᠤ ᠲᠠᠷᠢᠮᠠᠯ ᠢ ᠲᠡᠳᠬᠦᠨ | ᠳᠡᠮᠵᠢᠬᠦ ᠲᠥᠷᠥ ᠶᠢᠨ ᠪᠣᠳᠣᠯᠭ᠎ᠠ ᠨᠡᠮᠡᠭᠳᠡᠵᠡᠢ᠂ ᠪᠣᠳᠠᠲᠠᠶ ᠪᠠᠷ ᠶᠠᠮᠠᠷ ᠲᠥᠷᠥ ᠶᠢᠨ ᠪᠣᠳᠣᠯᠭ᠎ᠠ ᠪᠠᠶᠢᠬᠤ ᠪᠣᠶ︖ | ᠢᠦᠶ ᠬᠤᠩ ᠵᠢᠶᠦ᠋ᠨ᠄ ᠭᠤᠤᠯᠳᠠᠭᠤ ᠬᠢᠲᠠᠳ ᠡᠮ ᠤᠨ ᠮᠠᠲ᠋ᠧᠷᠢᠶᠠᠯ᠂ ᠦᠵᠡᠮᠦᠷᠢ ᠶᠢᠨ ᠴᠡᠴᠡᠭ ᠵᠡᠷᠭᠡ ᠶᠢ | ᠬᠡᠪᠴᠢᠶᠡᠵᠢᠭᠦᠯᠦᠨ ᠬᠥᠭᠵᠢᠭᠦᠯᠬᠦ ᠶᠢ ᠵᠣᠷᠢᠭᠵᠢᠭᠤᠯᠵᠤ᠂ ᠭᠤᠤᠯ ᠵᠠᠰᠠᠮᠠᠯ ᠵᠠᠮ ᠳᠠᠭᠠᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ ᠳᠤ ᠲᠤᠬᠠᠶ ᠶᠢᠨ ᠵᠢᠯ ᠳᠤ ᠰᠢᠨ᠎ᠡ ᠪᠠᠷ ᠨᠡᠮᠡᠭᠳᠡᠭᠰᠡᠨ | ᠣᠨᠴᠠᠯᠢᠭᠲᠤ ᠲᠠᠷᠢᠮᠠᠯ ᠤᠨ ᠵᠠᠯᠭᠠᠯᠳᠤᠭᠰᠠᠨ ᠲᠠᠯᠠᠪᠠᠢ ᠨᠢ 200 ᠮᠦ ᠠᠴᠠ ᠳᠡᠭᠡᠭᠰᠢ ᠪᠠᠶᠢᠪᠠᠯ᠂ ᠮᠦ ᠪᠦᠷᠢ ᠳᠤ | 300 ᠲᠥᠭᠦᠷᠢᠭ ︵ᠲᠥᠪᠯᠡᠷᠡᠨ ᠵᠠᠯᠭᠠᠯᠳᠤᠭᠰᠠᠨ 500 ᠮᠦ ᠠᠴᠠ ᠳᠡᠭᠡᠭᠰᠢ ᠡᠮ ᠤᠨ ᠮᠠᠲ᠋ᠧᠷᠢᠶᠠᠯ ᠨᠢ ᠠᠵᠤ | ᠦᠢᠯᠡᠰ ᠤᠨ ᠪᠦᠰᠡ ᠶᠢᠨ ᠭᠠᠵᠠᠷ ᠣᠷᠣᠨ ᠳᠤ ᠬᠢᠵᠠᠭᠠᠷᠯᠠᠭᠳᠠᠬᠤ ᠥᠬᠡᠶ︶ ᠦᠭᠬᠦᠨ᠎ᠡ᠃ | ᠬᠥᠲᠥᠯᠥᠭᠴᠢ᠄ ᠢᠦᠢ ᠲᠣᠪᠴᠢᠶᠠᠨ ᠳᠠᠷᠤᠭ᠎ᠠ ᠶᠢᠨ ᠲᠠᠶᠢᠯᠪᠤᠷᠢᠯᠠᠯ ᠢᠶᠠᠷ᠂ ᠪᠢᠳᠡ ᠨᠢᠩᠴᠧᠩ ᠰᠢᠶᠠᠨ ᠤ 2019 | ᠣᠨ ᠤ ᠲᠥᠬᠦᠭᠡᠷᠤᠮᠵᠢᠲᠦ ᠲᠠᠷᠢᠶᠠᠯᠠᠩ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠲᠤᠬᠠᠶ ᠭᠦᠨᠵᠡᠭᠡᠶ ᠨᠠᠷᠢᠨ | ᠣᠶᠢᠯᠠᠭᠠᠯᠲᠠ ᠲᠠᠢ ᠪᠣᠯᠵᠠᠶ᠃ ᠵᠠᠯᠭᠠᠭᠠᠳ ᠰᠦᠯᠵᠢᠶᠡᠨ ᠤ ᠨᠠᠶᠢᠵᠠ ᠨᠠᠷ ᠤᠨ ᠠᠰᠠᠭᠤᠯᠲᠠ ᠠᠰᠠᠭᠤᠬᠤ ᠴᠠᠭ ᠪᠤᠯᠤᠯ᠎ᠠ | ᠂ ᠣᠯᠠᠨ ᠢᠶᠠᠷ ᠢᠶᠠᠨ ᠶᠠᠮᠠᠷ ᠠᠰᠠᠭᠤᠳᠠᠯ ᠪᠠᠶᠢᠪᠠᠯ ᠢᠦᠢ ᠲᠣᠪᠴᠢᠶᠠᠨ ᠳᠠᠷᠤᠭ᠎ᠠ ᠠᠴᠠ ᠠᠰᠠᠭᠤᠭᠠᠷᠠᠢ ︕ | ᠰᠦᠯᠵᠢᠶᠡᠨ ᠨᠠᠶᠢᠵᠠ ᠵᠢᠦ ᠵᠢᠦ ᠶᠠ᠄ ᠢᠦᠶ ᠲᠣᠪᠴᠢᠶᠠᠨ ᠳᠠᠷᠤᠭ᠎ᠠ ᠡ᠂ ᠲᠠ ᠰᠠᠶᠢᠨ ᠤᠤ︕ ᠡᠨᠡ ᠵᠢᠯ | ᠰᠢᠶᠠᠨ ᠠᠴᠠ ᠲᠥᠬᠦᠭᠡᠷᠤᠮᠵᠢᠲᠦ ᠲᠠᠷᠢᠶᠠᠯᠠᠩ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠪᠠᠶᠢᠨ᠎ᠠ ᠭᠡᠵᠦ ᠲᠠ | ᠰᠠᠶ᠋ᠢᠬᠠᠨ ᠶᠠᠷᠢᠭᠰᠠᠨ ᠪᠢᠯᠡ᠂ ᠲᠡᠭᠡᠪᠡᠯ ᠡᠨᠡ ᠬᠦ ᠨᠥᠬᠦᠪᠥᠷᠢ ᠶᠢ ᠬᠡᠷᠬᠢᠨ ᠪᠤᠳᠠᠳᠠᠶᠢᠵᠢᠭᠤᠯᠬᠤ ᠪᠤᠢ︖ | ᠢᠦᠶ ᠬᠤᠩ ᠵᠢᠶᠦ᠋ᠨ᠄ ᠪᠣᠶ ᠪᠦᠬᠦᠢ ᠲᠥᠬᠦᠭᠡᠷᠤᠮᠵᠢᠲᠦ ᠲᠠᠷᠢᠶᠠᠯᠠᠩ ᠤᠨ ᠲᠥᠷᠥᠯ ᠵᠤᠶᠢᠯ ᠢ ᠪᠡᠶᠡᠯᠡᠭᠦᠯᠦᠭᠰᠡᠨ ᠤ | ᠳᠠᠷᠠᠭ᠎ᠠ᠂ ᠵᠢᠯ ᠤᠨ ᠡᠴᠦᠰ ᠲᠤ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠲᠦᠷᠦᠭᠦᠯᠡᠵᠦ᠂ ᠲᠠᠷᠢᠶᠠᠯᠠᠩ | ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ | ᠵᠡᠷᠭᠡ ᠰᠠᠯᠠᠭ᠎ᠠ ᠮᠥᠴᠢᠷ ᠰᠢᠯᠭᠠᠨ ᠠᠪᠬᠤ ᠳᠤᠭᠤᠢᠯᠠᠩ ᠢ ᠪᠦᠷᠢᠯᠳᠦᠭᠦᠯᠵᠦ᠂ ᠴᠢᠩᠭ᠎ᠠ ᠪᠠᠷᠢᠮᠵᠢᠶ᠎ᠠ ᠶᠣᠰᠣᠭᠠᠷ | ᠰᠢᠯᠭᠠᠨ ᠬᠤᠷᠢᠶᠠᠵᠤ᠂ ᠪᠠᠷᠢᠮᠵᠢᠶ᠎ᠠ ᠳᠤ ᠨᠡᠶᠢᠴᠡᠪᠡᠯ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ | ᠰᠦᠯᠵᠢᠶᠡᠨ ᠨᠠᠶᠢᠵᠠ ᠾᠧᠢ ᠾᠧᠢ ᠰᠢᠶᠣᠤ ᠮᠢᠩ᠄ ᠪᠢ ᠪᠣᠯ ᠲᠠᠷᠢᠶᠠᠴᠢᠨ ᠬᠦᠮᠦᠨ᠂ ᠡᠳᠡᠭᠡᠷ ᠵᠢᠯ ᠤᠳ ᠲᠤ ᠪᠢ | ᠭᠠᠳᠠᠭᠰᠢ ᠭᠠᠷᠴᠤ ᠬᠥᠯᠥᠰᠥᠨ ᠠᠵᠢᠯ ᠬᠢᠭᠰᠡᠭᠡᠷ ᠢᠷᠡᠵᠡᠢ᠂ ᠮᠢᠨᠦ ᠪᠠᠷᠢ ᠭᠡᠷ ᠲᠡᠭᠡᠨ ᠡᠷᠳᠡᠨᠢ ᠰᠢᠰᠢ ᠲᠠᠷᠢᠵᠠᠢ᠂ | ᠭᠡᠪᠡᠴᠦ ᠣᠳᠣ ᠡᠷᠳᠡᠨᠢ ᠰᠢᠰᠢ ᠦᠨ᠎ᠡ ᠬᠦᠷᠬᠦ ᠦᠭᠡᠢ᠂ ᠭᠠᠳᠠᠭᠰᠢ ᠭᠠᠷᠴᠤ ᠬᠥᠯᠥᠰᠥᠨ ᠠᠵᠢᠯ ᠬᠢᠬᠦ ᠨᠢ | ᠤᠯᠠᠮ ᠠᠴᠠ ᠤᠯᠠᠮ ᠬᠦᠴᠢᠷ ᠪᠣᠯᠵᠤ᠂ ᠣᠷᠣᠯᠭ᠎ᠠ ᠴᠤ ᠲᠣᠭᠲᠠᠪᠤᠷᠢ ᠦᠭᠡᠢ ᠪᠣᠯᠵᠠᠶ᠂ ᠡᠶᠢᠮᠦ ᠠᠴᠠ ᠪᠢ ᠪᠠᠰᠠ | ᠭᠡᠷ ᠲᠡᠭᠡᠨ ᠶᠡᠭᠡ ᠫᠧᠩ ᠪᠠᠷᠢᠬᠤ ᠰᠠᠨᠠᠭ᠎ᠠ ᠲᠠᠢ᠃ ᠭᠡᠪᠡᠴᠦ ᠫᠧᠩ ᠰᠠᠷᠠᠪᠴᠢ ᠪᠠᠷᠢᠬᠤ᠂ ᠨᠣᠭᠤᠭ᠎ᠠ ᠲᠠᠷᠢᠬᠤ ᠵᠡᠷᠭᠡ | ᠮᠡᠷᠭᠡᠵᠢᠯ ᠢ ᠪᠢ ᠵᠢᠭᠠᠬᠠᠨ ᠴᠤ ᠮᠡᠳᠡᠬᠦ ᠦᠭᠡᠢ᠂ ᠢᠦᠶ ᠲᠣᠪᠴᠢᠶᠠᠨ ᠳᠠᠷᠤᠭ᠎ᠠ ᠡ᠂ ᠲᠠᠷᠢᠶᠠᠯᠠᠩ ᠮᠠᠯ ᠠᠵᠦ ᠠᠬᠤᠢ | ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠮᠡᠷᠭᠡᠵᠢᠯ ᠤᠨ ᠲᠠᠯ᠎ᠠ ᠪᠠᠷ ᠨᠠᠳᠠᠳᠤ ᠶᠠᠮᠠᠷ ᠬᠠᠪᠰᠤᠷᠤᠯᠭ᠎ᠠ | ᠦᠵᠡᠭᠦᠯᠵᠦ ᠴᠢᠳᠠᠬᠤ ᠪᠤᠢ︖ | ᠢᠦᠶ ᠬᠤᠩ ᠵᠢᠶᠦ᠋ᠨ᠄ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ | ᠨᠢ ᠪᠠᠯᠭᠠᠰᠤ ᠰᠢᠶᠠᠩ ᠨᠢᠭᠡᠪᠦᠷᠢ ᠳᠤ 1 ᠲᠤᠰᠬᠠᠶ ᠲᠤᠰᠢᠶᠠᠯᠲᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ | ᠲᠣᠮᠢᠯᠠᠨ ᠰᠢᠶᠠᠩ ᠪᠠᠯᠭᠠᠰᠤ ᠶᠢ ᠳᠠᠭᠠᠭᠠᠴᠢᠯᠠᠭᠤᠯᠵᠤ ᠮᠡᠷᠭᠡᠵᠢᠯ ᠤᠨ ᠵᠢᠯᠣᠭᠤᠳᠣᠯᠭ᠎ᠠ ᠦᠢᠯᠡᠴᠢᠯᠡᠭᠡ ᠬᠢᠯᠭᠡᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠳᠡᠯᠭᠡᠷᠡᠭᠦᠯᠦᠯᠲᠡ ᠪᠠ ᠠᠵᠢᠯᠯᠠᠭ᠎ᠠ ᠥᠷᠨᠢᠭᠦᠯᠳᠡᠭ᠂ ᠫᠧᠩ ᠰᠠᠷᠠᠪᠴᠢ ᠲᠠᠷᠢᠬᠤ | ᠡᠷᠦᠬᠡ ᠳᠤ ᠡᠷᠬᠡᠪᠰᠢ 1 ᠬᠥᠮᠦᠨ ᠠᠴᠠ ᠳᠡᠭᠡᠭᠰᠢ ᠲᠠᠷᠢᠵᠤ ᠬᠠᠮᠢᠶᠠᠷᠬᠤ ᠶᠢ ᠲᠤᠳᠤᠷᠬᠠᠢ ᠮᠡᠳᠡᠬᠦ ᠬᠥᠮᠦᠨ ᠲᠠᠢ | ᠪᠠᠶᠢᠬᠤ ᠶᠢ ᠦᠨᠡᠨ ᠬᠦ ᠪᠠᠲᠤᠯᠠᠨ᠎ᠠ᠃ ᠣᠳᠣᠬᠠᠨ ᠳᠤ᠂ ᠪᠦᠬᠦ ᠰᠢᠶᠠᠨ ᠳᠤ ᠲᠥᠬᠦᠭᠡᠷᠤᠮᠵᠢᠲᠦ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ 100 ᠰᠢᠬᠠᠮ ᠬᠥᠮᠦᠨ ᠪᠠᠶᠢᠬᠤ ᠶᠢᠨ ᠬᠠᠮᠲᠤ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠤ ᠪᠣᠯᠪᠠᠰᠤᠷᠠᠯ ᠤᠨ | ᠢᠨᠵᠧᠨᠧᠷᠢᠩ ᠢᠶᠠᠷ ᠳᠠᠮᠵᠢᠭᠤᠯᠤᠨ᠂ ᠲᠥᠬᠦᠭᠡᠷᠤᠮᠵᠢᠲᠦ ᠲᠠᠷᠢᠶᠠᠯᠠᠩ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ | ᠠᠵᠢᠯ ᠮᠡᠷᠭᠡᠵᠢᠯ ᠤᠨ ᠲᠠᠷᠢᠶᠠᠴᠢᠨ ᠢ 2000 ᠭᠠᠷᠤᠶ ᠬᠥᠮᠦᠵᠢᠭᠦᠯᠵᠡᠶ᠂ ᠡᠳᠡᠭᠡᠷ ᠨᠤᠲᠤᠭ ᠤᠨ ᠴᠢᠳᠠᠪᠤᠷᠢᠲᠠᠨ ᠪᠠ | ︽ᠨᠤᠲᠤᠭ ᠤᠨ ᠮᠡᠷᠭᠡᠵᠢᠯᠲᠡᠨ︾ ᠢ ᠬᠥᠮᠦᠵᠢᠭᠦᠯᠵᠦ᠂ ᠣᠶᠢᠷ᠎ᠠ ᠬᠠᠪᠢ ᠶᠢᠨ ᠣᠯᠠᠨ ᠲᠦᠮᠡᠨ ᠢ ᠳᠠᠭᠠᠭᠤᠯᠤᠨ | ᠲᠥᠬᠦᠭᠡᠷᠤᠮᠵᠢᠲᠦ ᠲᠠᠷᠢᠶᠠᠯᠠᠩ ᠤᠨ ᠠᠵᠤ ᠦᠢᠯᠡᠰ ᠢ ᠬᠥᠭᠵᠢᠭᠦᠯᠵᠦ᠂ ᠲᠥᠬᠦᠭᠡᠷᠤᠮᠵᠢᠲᠦ ᠲᠠᠷᠢᠶᠠᠯᠠᠩ ᠤᠨ | ᠦᠢᠯᠡᠳᠪᠤᠷᠢᠯᠡᠯ ᠢ ᠵᠢᠯᠣᠭᠤᠳᠤᠭᠠᠳ ᠮᠠᠰᠢ ᠰᠠᠶᠢᠨ ᠦᠷ᠎ᠡ ᠪᠦᠲᠦᠮᠵᠢ ᠣᠯᠵᠠᠶ᠃ | ᠡᠨᠡ ᠵᠢᠯ᠂ ᠪᠢᠳᠡ ᠲᠦᠬᠦᠭᠡᠷᠦᠮᠵᠢᠲᠦ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠬᠤ ᠠᠵᠢᠯ ᠢ ᠴᠥᠬᠦᠷᠡᠰᠢ | ᠦᠭᠡᠢ ᠦᠷᠭᠦᠯᠵᠢᠯᠡᠨ ᠰᠠᠶᠢᠲᠤᠷ ᠬᠢᠵᠦ᠂ ᠢᠯᠠᠩᠭᠤᠶ᠎ᠠ ᠰᠢᠨ᠎ᠡ ᠬᠥᠭᠵᠢᠯᠲᠡ ᠶᠢᠨ ᠬᠡᠪᠴᠢᠶᠡᠲᠦ ᠬᠦᠷᠢᠶᠡᠯᠡᠩ | ᠲᠣᠭᠤᠷᠢᠭ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠬᠠᠷᠢᠭᠤᠴᠠᠯᠭ᠎ᠠ ᠡᠭᠦᠷᠭᠡᠯᠡᠬᠦ ᠶᠢ ᠱᠠᠭᠠᠷᠳᠠᠨ᠂ | ᠣᠯᠠᠨ ᠵᠤᠶᠢᠯ ᠤᠨ ᠠᠷᠭ᠎ᠠ ᠬᠡᠮᠵᠢᠶ᠎ᠡ ᠠᠪᠤᠬᠰᠠᠨ ᠠᠴᠠ ᠣᠯᠠᠨ ᠲᠦᠮᠡᠨ ᠨᠣᠭᠤᠭ᠎ᠠ ᠲᠠᠷᠢᠵᠤ ᠴᠢᠳᠠᠨ᠂ ᠤᠨᠠᠯᠲᠠ ᠪᠠᠨ | ᠳᠡᠭᠡᠭᠰᠢᠯᠡᠭᠦᠯᠵᠦ᠂ ᠣᠷᠣᠯᠭ᠎ᠠ ᠪᠠᠨ ᠨᠡᠮᠡᠭᠳᠡᠭᠦᠯᠵᠡᠢ᠃ ᠡᠭᠦᠨ ᠤ ᠬᠠᠮᠲᠤ᠂ ᠪᠢᠳᠡ ᠪᠠᠰᠠ ᠲᠣᠬᠢᠷᠠᠮᠵᠢᠲᠠᠶ ᠴᠠᠭ ᠲᠤ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠵᠡᠷᠭᠡ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠲᠤᠰᠬᠠᠶ ᠮᠡᠷᠭᠡᠵᠢᠯᠲᠡᠨ ᠫᠷᠤᠹᠧᠰᠰᠤᠷ ᠢ ᠤᠷᠢᠵᠤ᠂ ᠮᠠᠨ ᠤ | ᠰᠢᠶᠠᠨ ᠳᠤ ᠢᠷᠡᠭᠦᠯᠵᠦ ᠲᠤᠰᠬᠠᠶ ᠰᠡᠳᠦᠪᠲᠦ ᠲᠠᠶᠢᠯᠤᠮᠵᠢ ᠪᠠ ᠲᠤᠬᠠᠶ ᠶᠢᠨ ᠲᠠᠯᠠᠪᠤᠷ ᠤᠨ ᠵᠢᠯᠣᠭᠤᠳᠤᠯᠭ᠎ᠠ | ᠥᠷᠨᠢᠭᠦᠯᠵᠦ᠂ ᠮᠠᠨ ᠤ ᠰᠢᠶᠠᠨ ᠤ ᠫᠧᠩ ᠰᠠᠷᠠᠪᠴᠢ ᠶᠢ ᠪᠠᠶᠢᠭᠤᠯᠬᠤ᠂ ᠣᠷᠴᠢᠨ ᠲᠣᠭᠤᠷᠢᠨ ᠢ ᠲᠤᠬᠢᠷᠠᠭᠤᠯᠤᠨ | ᠡᠵᠡᠮᠳᠡᠬᠦ᠂ ᠥᠨᠳᠥᠷ ᠪᠦᠲᠦᠮᠵᠢᠲᠡᠶ ᠲᠠᠷᠢᠵᠤ ᠪᠤᠶᠢᠵᠢᠭᠤᠯᠬᠤ ᠵᠡᠷᠭᠡ ᠮᠡᠷᠭᠡᠵᠢᠯ ᠤᠨ ᠬᠢᠷᠢ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠪᠡ᠃ | ᠬᠥᠲᠥᠯᠥᠭᠴᠢ᠄ ᠵᠠ᠂ ᠢᠦᠢ ᠲᠣᠪᠴᠢᠶᠠᠨ ᠳᠠᠷᠤᠭ᠎ᠠ ᠡᠷᠬᠢᠮ ᠴᠠᠭ ᠢᠶᠠᠨ ᠭᠠᠷᠤᠵᠠᠳᠠᠭᠤᠯᠤᠨ ᠪᠢᠳᠠᠨ ᠲᠠᠢ | ᠶᠠᠷᠢᠯᠴᠠᠭᠰᠠᠨ ᠳᠤ ᠪᠠᠶᠠᠷᠯᠠᠯ᠎ᠠ᠂ ᠥᠨᠥᠳᠥᠷ ᠤᠨ ᠰᠤᠷᠪᠤᠯᠵᠢᠯᠠᠭ᠎ᠠ ᠠᠳᠡ ᠬᠥᠷᠥᠶ᠎ᠡ᠃ ᠰᠦᠯᠵᠢᠶᠡᠨ ᠠᠨᠳᠠ ᠨᠠᠷ | ᠪᠠᠶᠠᠷᠲᠠᠶ︕ |