ᠨᠢᠩᠴᠧᠩ ᠰᠢᠶᠠᠨ ᠵᠤᠭᠠᠴᠠᠯ ᠤᠨ ᠭᠤᠤᠯᠳᠠᠯᠭ᠎ᠠ ᠲᠠᠢ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019/11/6
ᠨᠢᠭᠡ ᠳᠤ ᠪᠠᠷᠬᠠᠨ ᠤ ᠱᠧᠩ ᠴᠢᠤᠸᠠᠨ ᠷᠠᠰᠢᠶᠠᠨ ᠤ ᠵᠢᠵᠢᠭ ᠪᠠᠯᠭᠠᠰᠤᠨ ᠤ ᠲᠥᠷᠥᠯ ᠵᠤᠶᠢᠯ ᠤᠨ ᠶᠡᠷᠦᠩᠬᠡᠶ ᠪᠡᠯᠡ ᠣᠷᠣᠭᠤᠯᠤᠯᠲᠠ 59 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠷᠠᠰᠢᠶᠠᠨ ᠵᠡᠭᠡᠯᠢ ᠭᠤᠳᠤᠮᠵᠢ ᠶᠢᠨ ᠭᠠᠳᠠᠷ ᠦᠵᠡᠮᠵᠢ ᠶᠢ ᠥᠭᠡᠷᠡᠴᠢᠯᠡᠨ ᠵᠠᠰᠠᠬᠤ᠂ ᠪᠠᠷᠬᠠᠨ ᠭᠤᠤᠯ ᠤᠨ ᠵᠠᠮ ᠢ ᠵᠠᠰᠠᠬᠤ᠂ ᠷᠠᠰᠢᠶᠠᠨ ᠪᠠᠭᠤᠳᠠᠯ ᠵᠡᠷᠭᠡ ᠲᠥᠷᠥᠯ ᠵᠤᠶᠢᠯ ᠨᠢᠭᠡᠨᠲᠡ ᠪᠦᠬᠦ ᠲᠠᠯ᠎ᠠ ᠪᠠᠷ ᠠᠵᠢᠯ ᠡᠬᠢᠯᠡᠪᠡ᠃ ᠬᠤᠶᠠᠷ ᠲᠤ᠂ ᠤᠯᠠᠭᠠᠨᠬᠠᠳᠠ ᠶᠢᠨ ᠡᠮᠦᠨᠡᠲᠦ ᠬᠡᠰᠡᠭ ᠤᠨ ᠣᠷᠣᠨ ᠪᠦᠰᠡ ᠶᠢᠨ ᠴᠢᠨᠠᠷᠲᠠᠢ ᠵᠤᠭᠠᠴᠠᠯ ᠤᠨ ᠲᠥᠪᠯᠡᠷᠡᠭᠦᠯᠵᠦ ᠲᠠᠷᠬᠠᠭᠠᠬᠤ ᠦᠢᠯᠡᠴᠢᠯᠡᠭᠡᠨ ᠤ ᠲᠥᠪ ᠤᠨ ᠲᠥᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 5.5 ᠳ᠋ᠦᠩᠰᠢᠭᠤᠷ ᠲᠥᠭᠦᠷᠢᠭ ᠲᠤ ᠬᠦᠷᠴᠦ᠂ ᠵᠤᠭᠠᠴᠠᠭᠰᠠᠳ ᠤᠨ ᠦᠢᠯᠡᠴᠢᠯᠡᠭᠡᠨ ᠤ ᠲᠥᠪ᠂ ᠵᠤᠭᠠᠴᠠᠭᠰᠠᠳ ᠤᠨ ᠲᠥᠪᠯᠡᠷᠡᠭᠦᠯᠵᠦ ᠲᠠᠷᠬᠠᠭᠠᠬᠤ ᠲᠠᠯᠠᠪᠠᠢ᠂ ᠲᠡᠷᠭᠡᠨ ᠵᠣᠭᠰᠣᠭᠠᠯ᠂ ᠲᠣᠭᠯᠠᠯᠲᠠ ᠶᠢᠨ ᠲᠥᠪ ᠵᠡᠷᠭᠡ ᠲᠥᠷᠦᠯ ᠵᠦᠢᠯ ᠢ ᠲᠥᠯᠥᠪᠵᠢᠭᠦᠯᠦᠨ ᠪᠠᠶᠢᠭᠤᠯᠵᠤ᠂ ᠵᠤᠭᠠᠴᠠᠭᠰᠠᠳ ᠤᠨ ᠦᠢᠯᠡᠴᠢᠯᠡᠭᠡᠨ ᠤ ᠲᠥᠪ ᠤᠨ ᠭᠤᠣᠯ ᠴᠣᠭᠴᠠ ᠶᠢᠨ ᠪᠦᠲᠦᠭᠡᠨ ᠪᠠᠢᠭᠤᠯᠤᠯᠲᠠ ᠶᠢ ᠬᠢᠵᠦ ᠪᠠᠶᠢᠨ᠎ᠠ᠃ ᠭᠤᠷᠪᠠ ᠳᠤ᠂ ᠽᠢ ᠮᠧᠩ ᠬᠤ᠋ ᠨᠠᠭᠤᠷ ᠤᠨ ᠤᠰᠤᠨ ᠳᠡᠭᠡᠷᠡᠬᠢ ᠬᠥᠳᠡᠯᠭᠡᠭᠡᠨ ᠤ ᠰᠠᠭᠤᠷᠢᠨ ᠭᠠᠵᠠᠷ ᠤᠨ ᠲᠥᠷᠥᠯ ᠵᠤᠶᠢᠯ ᠤᠨ ᠶᠡᠷᠦᠩᠬᠡᠶ ᠪᠡᠯᠡ ᠣᠷᠣᠭᠤᠯᠤᠯᠲᠠ 1.13 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠲᠠᠮᠢᠷᠴᠢᠨ ᠤ ᠨᠡᠶᠢᠲᠡ ᠶᠢᠨ ᠪᠠᠶᠢᠷᠢ ᠶᠢᠨ ᠭᠤᠤᠯ ᠴᠣᠭᠴᠠ ᠶᠢᠨ ᠪᠠᠷᠢᠯᠭ᠎ᠠ ᠨᠢᠭᠡᠨᠲᠡ ᠣᠷᠣᠢ ᠨᠢ ᠪᠢᠲᠡᠭᠦᠮᠵᠢᠯᠡᠭᠳᠡᠵᠦ᠂ ᠤᠰᠤᠨ ᠳᠡᠭᠡᠷᠡᠬᠢ ᠬᠥᠳᠡᠯᠭᠡᠭᠡᠨ ᠤ ᠰᠠᠭᠤᠷᠢᠨ ᠭᠠᠵᠠᠷ ᠤᠨ ᠢᠵᠢ ᠪᠦᠷᠢᠳᠦᠭᠦᠯᠬᠦ ᠲᠥᠬᠦᠭᠡᠷᠦᠮᠵᠢ᠂ ᠳ᠋ᠠ ᠬᠤ᠋ ᠱᠢ ᠴᠥᠭᠦᠷᠥᠮ ᠤᠨ ᠢᠨᠵᠧᠨᠧᠷᠢᠩ ᠤᠨ ᠳᠤᠷᠠᠰᠬᠠᠯ ᠤᠨ ᠣᠷᠳᠣᠨ ᠵᠢᠴᠢ ᠡᠭᠡᠯ ᠠᠷᠠᠳ ᠤᠨ ᠣᠷᠳᠣᠨ ᠵᠡᠷᠭᠡ ᠪᠦᠲᠦᠭᠡᠨ ᠪᠠᠢᠭᠤᠯᠤᠯᠲᠠ  ᠠᠵᠢᠯ ᠳᠠᠭᠤᠰᠪᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号