| | ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢ | ᠳᠠᠭᠠᠯᠳᠤᠨ᠂ ᠬᠤᠪᠢ ᠬᠥᠮᠦᠨ ᠤ ᠮᠡᠳᠡᠭᠡ ᠵᠠᠩᠭᠢ ᠶᠢ ᠡᠮᠬᠢᠯᠡᠨ ᠲᠢᠭᠯᠡᠬᠦ᠂ ᠴᠤᠭᠯᠠᠭᠤᠯᠬᠤ ᠪᠠ ᠳᠠᠮᠵᠢᠭᠤᠯᠬᠤ ᠪᠠᠶᠢᠳᠠᠯ | ᠤᠯᠠᠮ ᠠᠴᠠ ᠤᠯᠠᠮ ᠲᠦᠭᠡᠮᠡᠯᠵᠢᠵᠦ ᠪᠠᠶᠢᠨ᠎ᠠ᠃ ᠰᠦᠯᠵᠢᠶ᠎ᠡ ᠪᠠᠷ ᠳᠠᠮᠵᠢᠨ ᠪᠠᠷᠠᠭ᠎ᠠ ᠬᠤᠳᠠᠯᠳᠤᠨ ᠠᠪᠬᠤ᠂ | ᠵᠣᠭᠤᠭᠳᠠᠬᠤ᠂ ᠨᠠᠶᠢᠵᠠ ᠶᠢᠨ ᠲᠣᠭᠤᠷᠢᠭ ᠲᠠᠭᠠᠨ ᠮᠡᠳᠡᠭᠡ ᠨᠡᠶᠢᠲᠡᠯᠡᠬᠦ᠂ ᠢᠷᠠᠯ ᠭᠠᠷᠤᠯ ᠨᠢ ᠲᠣᠳᠣᠷᠬᠠᠢ ᠦᠭᠡᠢ | ᠬᠤᠶᠠᠷ ᠬᠡᠮᠵᠢᠯᠳᠦ ᠺᠣᠳ᠋ ︵ᠮᠡᠷᠭᠡᠨ ᠴᠣᠬᠤᠷ︶ ᠢ ᠰᠢᠷᠪᠢᠬᠦ ᠵᠡᠷᠭᠡ ᠦᠢᠯᠡ ᠠᠵᠢᠯᠯᠠᠭ᠎ᠠ ᠨᠢ ᠴᠥᠮ ᠬᠤᠪᠢ | ᠬᠥᠮᠦᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠳ᠋ᠢᠶᠠᠩᠬᠤᠸᠠ᠂ ᠰᠠᠭᠤᠭ᠎ᠠ ᠭᠠᠵᠠᠷ ᠤᠨ ᠬᠠᠶ᠋ᠢᠭ | ᠵᠡᠷᠭᠡ ᠮᠡᠳᠡᠭᠡ ᠵᠠᠩᠭᠢ ᠶᠢ ᠰᠠᠨᠠᠭᠠᠨ ᠳᠤ ᠦᠭᠡᠢ ᠪᠠᠶᠢᠳᠠᠯ ᠳᠤ ᠵᠠᠳᠠᠷᠠᠭᠤᠯᠵᠤ ᠮᠡᠳᠡᠬᠦ ᠲᠤᠯᠠ ᠮᠡᠬᠡᠯᠡᠭᠴᠢ ᠬᠡᠷᠪᠡ ᠲᠠᠨ | ᠤ ᠳᠡᠭᠡᠷᠡᠬᠢ ᠮᠡᠲᠦ ᠶᠢᠨ ᠴᠢᠬᠤᠯᠠ ᠮᠡᠳᠡᠭᠡ ᠵᠠᠩᠭᠢ ᠶᠢ ᠡᠵᠡᠮᠰᠢᠪᠡᠯ᠂ ᠲᠠᠨ ᠳᠤ ᠬᠦᠨᠳᠦ ᠨᠣᠴᠢᠲᠠᠶ ᠬᠤᠬᠢᠷᠠᠯ | ᠤᠴᠠᠷᠠᠭᠤᠯᠬᠤ ᠪᠣᠯᠣᠯᠴᠠᠭ᠎ᠠ ᠲᠠᠢ ᠶᠤᠮ᠃ ᠡᠶᠢᠮᠦ ᠠᠴᠠ ᠰᠢᠯᠵᠢᠮᠡᠯ ᠢᠨᠲ᠋ᠧᠷ ᠰᠦᠯᠵᠢᠶ᠎ᠡ ᠪᠣᠯᠤᠨ ᠣᠶᠤᠨᠴᠢ | ᠲᠥᠬᠦᠭᠡᠷᠦᠮᠵᠢ ᠶᠢ ᠵᠥᠪ ᠢᠶᠠᠷ ᠬᠡᠷᠡᠭᠯᠡᠬᠦ ᠳᠠᠳᠬᠠᠯ ᠢ ᠪᠤᠢ ᠪᠣᠯᠭᠠᠨ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠶ᠃ | ᠨᠢᠭᠡ᠂ ᠬᠡᠷᠡᠭ ᠤᠨ ᠲᠦᠷᠦᠯ | ︵ᠨᠢᠭᠡ︶ ᠬᠤᠳᠠᠯ ᠬᠠᠭᠤᠷᠮᠠᠭ ᠡᠯᠧᠺᠲᠷᠣᠨ ᠬᠤᠳᠠᠯᠳᠤᠭ᠎ᠠ ᠶᠢᠨ ᠦᠢᠯᠡᠴᠢᠯᠡᠭᠡᠨ ᠤ ᠵᠣᠭᠤᠰ ᠪᠤᠴᠠᠭᠠᠬᠤ | ᠮᠡᠬᠡᠯᠡᠯ᠃ ᠶᠠᠯᠠᠲᠤ ᠡᠲᠡᠭᠡᠳ ᠰᠦᠯᠵᠢᠶᠡᠨ ᠥᠷᠲᠡᠭᠡ ᠶᠢᠨ ︽ᠦᠢᠯᠡᠴᠢᠯᠡᠭᠴᠢ︾ ᠪᠠᠷ ᠣᠪᠯᠠᠨ ᠪᠠᠷᠠᠭ᠎ᠠ ᠬᠤᠳᠠᠯᠳᠤᠨ | ᠠᠪᠤᠭᠴᠢᠳ ᠲᠤ ᠴᠠᠬᠢᠯᠭᠠᠨ ᠮᠡᠳᠡᠭᠡ ᠢᠷᠡᠭᠦᠯᠵᠦ᠂ ᠥᠪᠡᠷ ᠤᠨ ᠦᠢᠯᠡᠳᠬᠦᠨ ᠨᠢ ᠬᠢᠷᠢ ᠲᠡᠩᠴᠡᠬᠦ ᠦᠭᠡᠢ ᠤᠴᠢᠷ | ᠠᠴᠠ ᠵᠣᠭᠤᠰ ᠪᠤᠴᠠᠭᠠᠬᠤ ᠭᠡᠰᠡᠨ ᠨᠡᠷ᠎ᠡ ᠪᠠᠷ᠂ ︽ᠲᠤᠤ ᠪᠦᠦ ᠰᠦᠯᠵᠢᠶ᠎ᠡ ᠶᠢᠨ ᠵᠣᠭᠤᠰ ᠪᠤᠴᠠᠭᠠᠬᠤ ᠲᠥᠪ︾ ᠵᠡᠷᠭᠡ | ᠬᠤᠳᠠᠯ ᠬᠠᠭᠤᠷᠮᠠᠭ ᠰᠦᠯᠵᠢᠶ᠎ᠡ ᠶᠢᠨ ᠬᠤᠯᠪᠣᠭᠠᠰᠤ ᠪᠤᠶᠤ ᠸᠢᠴᠠᠲ ᠤᠨ ᠳ᠋ᠤᠭᠠᠷ ᠢᠶᠠᠨ ᠢᠷᠡᠭᠦᠯᠵᠦ᠂ ᠲᠡᠭᠦᠨ ᠤ | ᠰᠠᠨᠠᠭᠤᠯᠤᠮᠵᠢ ᠪᠠᠷ ᠬᠠᠮᠢᠶ᠎ᠠ ᠪᠦᠬᠦᠢ ᠬᠦᠰᠦᠨᠦᠭᠳᠦ ᠳᠤ ᠪᠠᠩᠬᠢ ᠶᠢᠨ ᠺᠠᠷᠲ ᠤᠨ ᠳᠠᠩᠰᠠᠨ ᠤ ᠨᠣᠮᠧᠷ ᠪᠣᠯᠤᠨ | ᠨᠢᠭᠤᠴᠠ ᠲᠤᠭ᠎ᠠ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠲᠠᠭᠯᠠᠭᠤᠯᠬᠤ᠂ ᠡᠰᠡᠬᠦᠯ᠎ᠡ ᠸᠢᠴᠠᠲ ᠤᠨ | ᠵᠢᠯᠣᠭᠤᠳᠬᠤ ︵ᠨᠤᠲᠠᠯᠠᠬᠤ︶ ᠲᠤᠭ᠎ᠠ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠬᠢᠷᠠᠯ | ᠠᠮᠰᠠᠭᠴᠢ ᠶᠢᠨ ᠪᠠᠩᠬᠢ ᠶᠢᠨ ᠺᠠᠷᠲ ᠳᠣᠲᠣᠷᠠᠬᠢ ᠪᠡᠯᠡ ᠮᠥᠩᠭᠦ ᠶᠢ ᠰᠢᠯᠵᠢᠭᠦᠯᠦᠨ ᠠᠪᠠᠴᠢᠳᠠᠭ ᠪᠠᠶᠢᠨ᠎ᠠ᠃ | ︵ᠬᠤᠶᠠᠷ︶ ᠰᠦᠯᠵᠢᠶᠡᠨ ᠳᠡᠭᠡᠷ᠎ᠡ ᠪᠠᠷᠠᠭ᠎ᠠ ᠵᠠᠬᠢᠶᠠᠯᠠᠵᠤ ᠮᠥᠩᠭᠦ ᠲᠤᠰᠢᠶᠠᠬᠤ ᠦᠶ᠎ᠡ ᠳᠤ ᠮᠡᠬᠡᠯᠡᠬᠦ᠃ | ᠶᠠᠯᠠᠲᠤ ᠡᠲᠡᠭᠡᠳ ᠠᠴᠠ ᠪᠠᠷᠠᠭ᠎ᠠ ᠬᠤᠳᠠᠯᠳᠤᠨ ᠭᠠᠷᠭᠠᠭᠰᠠᠨ ᠲᠤᠭ᠎ᠠ ᠶᠢ ᠨᠡᠮᠡᠭᠳᠡᠭᠦᠯᠬᠦ ᠵᠣᠷᠢᠯᠭ᠎ᠠ ᠲᠠᠢ ᠬᠡᠮᠡᠨ | ᠪᠠᠷᠠᠭ᠎ᠠ ᠠᠪᠤᠭᠴᠢᠳ ᠲᠤ ᠢᠯᠡᠭᠦᠦ ᠬᠡᠳᠦ ᠪᠠᠷᠠᠭ᠎ᠠ ᠠᠪᠬᠤ ᠵᠠᠬᠢᠶᠠᠯᠠᠭ᠎ᠠ ᠥᠭᠭᠦᠭᠦᠯᠬᠦ ᠡᠰᠡᠬᠦᠯ᠎ᠡ ᠪᠠᠷᠠᠭ᠎ᠠ ᠳᠠᠭᠠᠨ | ᠰᠠᠶᠢᠨ ᠦᠨᠡᠯᠡᠯᠲᠡ ᠬᠢᠯᠭᠡᠵᠦ᠂ ᠥᠨᠳᠥᠷ ᠬᠥᠯᠥᠰᠦᠨ ᠵᠣᠭᠤᠰ ᠥᠭᠳᠡᠭ ᠪᠠᠶᠢᠨ᠎ᠠ᠃ ᠣᠯᠠᠩᠬᠢ ᠲᠣᠭᠠᠨ ᠤ | ᠬᠤᠳᠠᠯᠳᠤᠨ ᠠᠪᠤᠭᠴᠢᠳ ᠪᠠᠷᠠᠭ᠎ᠠ ᠬᠤᠳᠠᠯᠳᠤᠨ ᠠᠪᠬᠤ ᠦᠶᠡᠰ ᠲᠤ ᠬᠤᠳᠠᠯᠳᠤᠭᠴᠢ ᠶᠢᠨ ᠬᠠᠤᠯᠢ ᠪᠤᠰᠤ ᠪᠠᠷ | ᠥᠭᠭᠦᠭᠰᠡᠨ ᠪᠠᠭ᠎ᠠ ᠪᠤᠰᠤ ᠲᠠᠯᠠᠷᠬᠠᠯ ᠤᠨ ᠮᠥᠩᠭᠦ ᠳᠤ ᠠᠮᠲᠠᠰᠢᠵᠤ᠂ ᠬᠤᠬᠢᠷᠠᠯ ᠠᠮᠰᠠᠭᠴᠢ ᠨᠢ ᠶᠡᠭᠡ ᠬᠡᠮᠵᠢᠶᠡᠨ ᠤ | ᠪᠠᠷᠠᠭ᠎ᠠ ᠬᠤᠳᠠᠯᠳᠤᠨ ᠠᠪᠬᠤ ᠦᠶ᠎ᠡ ᠳᠤ᠂ ᠬᠠᠤᠯᠢ ᠪᠤᠰᠤ ᠡᠲᠡᠭᠡᠳ ᠳᠠᠷᠤᠶ ᠲᠡᠳᠡᠭᠡᠷ ᠵᠣᠭᠤᠰ ᠢ ᠬᠤᠮᠢᠨ ᠵᠢᠯᠢᠢᠳᠡᠭ | ᠪᠠᠶᠢᠨ᠎ᠠ᠂ ᠡᠨᠡ ᠦᠶ᠎ᠡ ᠳᠤ ᠰᠦᠯᠵᠢᠶᠡᠨ ᠳᠡᠯᠭᠡᠭᠦᠷ ᠨᠢᠭᠡᠨᠲᠡ ᠣᠯᠳᠠᠬᠤ ᠦᠭᠡᠢ ᠪᠣᠯᠵᠤ᠂ ᠰᠦᠯᠵᠢᠶᠡᠨ ︽ | ᠳᠡᠯᠭᠡᠭᠦᠷ ᠤᠨ ᠡᠵᠡᠨ︾ ᠭᠡᠳᠡᠭ ᠨᠢ ᠴᠦ ᠬᠠᠷᠢᠯᠴᠠᠭ᠎ᠠ ᠬᠤᠯᠪᠣᠭ᠎ᠠ ᠲᠠᠰᠤᠷᠠᠳᠠᠭ ᠪᠠᠶᠢᠨ᠎ᠠ᠃ | ︵ᠭᠤᠷᠪᠠ︶ ᠤᠳᠤᠷᠢᠳᠤᠯᠭ᠎ᠠ ᠶᠢᠨ ᠨᠡᠷ᠎ᠡ ᠪᠠᠷ ᠮᠡᠬᠡᠯᠡᠬᠦ᠃ ᠶᠠᠯᠠᠲᠤ ᠡᠲᠡᠭᠡᠳ ᠬᠠᠤᠯᠢ ᠪᠤᠰᠤ ᠠᠷᠭ᠎ᠠ | ᠪᠠᠷᠢᠯ ᠢᠶᠠᠷ ᠣᠯᠤᠭᠰᠠᠨ᠂ ᠬᠤᠬᠢᠷᠠᠯ ᠠᠮᠰᠠᠭᠴᠢ ᠶᠢᠨ ᠭᠠᠷ ᠤᠲᠠᠰᠤ᠂ ᠸᠢᠴᠠᠲ ᠵᠡᠷᠭᠡ ᠪᠡᠶ᠎ᠡ ᠬᠡᠮ ᠤᠨ ᠮᠡᠳᠡᠭᠡ | ᠵᠠᠩᠭᠢ ᠶᠢ ᠠᠰᠢᠭᠯᠠᠨ᠂ ᠭᠠᠷ ᠤᠲᠠᠰᠤ ᠂ QQ᠂ ᠸᠢᠴᠠᠲ ᠵᠡᠷᠭᠡ ᠪᠠᠷ ᠳᠠᠮᠵᠢᠭᠤᠯᠤᠨ ᠮᠡᠬᠡᠯᠡᠯ ᠶᠠᠪᠤᠭᠤᠯᠳᠠᠭ᠃ | ᠶᠠᠯᠠᠲᠤ ᠡᠲᠡᠭᠡᠳ ᠸᠢᠴᠠᠲ ᠤᠨ ᠳ᠋ᠤᠭᠠᠷ ︵ᠳᠠᠩᠰᠠᠨ ᠡᠷᠦᠬᠡ︶ ᠳᠠᠩᠰᠠᠯᠠᠵᠤ᠂ ᠬᠤᠪᠢ ᠬᠥᠮᠦᠨ ᠤ ᠦᠨᠳᠦᠰᠦᠨ | ᠰᠤᠷᠠᠭ ᠵᠠᠩᠭᠢ᠂ ᠥᠪᠡᠷᠮᠢᠴᠡ ᠭᠠᠷ ᠤᠨ ᠦᠰᠦᠭ ᠵᠡᠷᠭᠡ ᠶᠢ ᠴᠥᠮ ᠬᠤᠬᠢᠷᠠᠯ ᠠᠮᠰᠠᠭᠴᠢ ᠶᠢᠨ ᠺᠣᠮᠫᠠᠨᠢ ᠶᠢᠨ | ᠨᠡᠷᠡᠶᠢᠳᠦᠯ ᠵᠡᠷᠭᠡ ᠦᠨᠳᠦᠰᠦᠨ ᠰᠤᠷᠠᠭ ᠵᠠᠩᠭᠢ ᠲᠠᠢ ᠠᠪ ᠠᠳᠠᠯᠢᠬᠠᠨ ᠪᠣᠯᠭᠠᠭᠰᠠᠨ ᠤ ᠳᠠᠷᠠᠭ᠎ᠠ᠂ ᠬᠤᠬᠢᠷᠠᠯ | ᠠᠮᠰᠠᠭᠴᠢ ᠶᠢ ᠸᠢᠴᠠᠲ ᠤᠨ ᠨᠠᠶᠢᠵᠠ ᠪᠠᠷ ᠨᠡᠮᠡᠵᠦ ᠠᠪᠤᠭᠠᠳ᠂ ᠰᠡᠵᠢᠭᠯᠡᠯ ᠢ ᠨᠢ ᠠᠯᠳᠠᠷᠠᠭᠠᠵᠤ᠂ ᠥᠪᠡᠷ ᠢ ᠪᠠᠨ | ᠲᠤᠰ ᠺᠣᠮᠫᠠᠨᠢ ᠶᠢᠨ ᠤᠳᠤᠷᠢᠳᠤᠯᠭ᠎ᠠ ᠭᠡᠬᠦ ᠨᠡᠷ᠎ᠡ ᠪᠠᠷ ᠪᠠᠴᠢᠮ ᠤᠴᠢᠷ ᠲᠠᠢ ᠪᠣᠯᠴᠢᠬᠠᠯ᠎ᠠ᠂ ᠬᠤᠬᠢᠷᠠᠯ ᠠᠮᠰᠠᠭᠴᠢ ᠶᠢ | ᠵᠣᠭᠤᠰ ᠶᠠᠪᠤᠭᠤᠯᠤᠭᠠᠳ ︵ᠡᠰᠡᠬᠦᠯ᠎ᠡ ᠵᠢᠭᠡᠯᠡᠭᠡᠳ︶ ᠥᠭᠭᠦᠨ᠎ᠡ ᠦᠦ︖ ᠬᠡᠮᠡᠨ ᠸᠢᠴᠠᠲ ᠢᠶᠠᠷ ᠳᠠᠩᠰᠠ | ᠰᠢᠯᠵᠢᠭᠦᠯᠬᠦ ᠠᠷᠭ᠎ᠠ ᠪᠠᠷ ᠵᠣᠭᠤᠰ ᠮᠥᠩᠭᠦ ᠮᠡᠬᠡᠯᠡᠨ ᠠᠪᠳᠠᠭ ᠪᠠᠶᠢᠨ᠎ᠠ᠃ | ᠬᠤᠶᠠᠷ᠂ ᠬᠡᠷᠡᠭ ᠤᠨ ᠣᠨᠴᠠᠯᠢᠭ | ︵ᠨᠢᠭᠡ︶ ᠣᠯᠠᠩᠬᠢ ᠪᠠᠶᠢᠳᠠᠯ ᠳᠤ᠂ ᠬᠤᠬᠢᠷᠠᠯ ᠠᠮᠰᠠᠭᠴᠢ ᠰᠦᠯᠵᠢᠶᠡᠨ ᠳᠡᠭᠡᠷ᠎ᠡ ᠠᠴᠠ ᠪᠠᠷᠠᠭ᠎ᠠ ᠲᠠᠸᠠᠷ ᠤᠨ | ᠵᠠᠬᠢᠶᠠᠯᠠᠭ᠎ᠠ ᠥᠭᠴᠦ᠂ ᠵᠣᠭᠤᠰ ᠢᠶᠠᠨ ᠨᠢᠭᠡᠨᠲᠡ ᠲᠤᠰᠢᠶᠠᠭᠰᠠᠨ ᠤ ᠳᠠᠷᠠᠭᠠᠬᠢ ᠨᠢᠭᠡ ᠠᠴᠠ ᠬᠤᠶᠠᠷ ᠡᠳᠦᠷ | ᠪᠣᠯᠤᠮᠠᠭᠴᠠ᠂ ᠮᠡᠬᠡᠯᠡᠭᠴᠢ ᠡᠲᠡᠭᠡᠳ ᠪᠠᠷᠠᠭ᠎ᠠ ᠶᠢᠨ ᠴᠢᠨᠠᠷ ᠮᠠᠭᠤ ᠵᠣᠭᠤᠰ ᠢ ᠴᠢᠨᠢ ᠪᠤᠴᠠᠭᠠᠶ᠎ᠠ ᠭᠡᠬᠦ ᠰᠢᠯᠲᠠᠭ ᠢᠶᠠᠷ᠂ | ᠬᠤᠬᠢᠷᠠᠯ ᠠᠮᠰᠠᠭᠴᠢ ᠶᠢ ᠮᠡᠳᠡᠭᠡ ᠵᠠᠩᠭᠢ ᠶᠢ ᠬᠤᠯᠠᠭᠠᠶᠢᠯᠠᠬᠤ ᠰᠦᠯᠵᠢᠶᠡᠨ ᠳᠤ ᠭᠠᠷᠭᠠᠵᠤ᠂ ᠪᠠᠩᠬᠢ ᠶᠢᠨ ᠺᠠᠷᠲ ᠤᠨ | ᠮᠡᠳᠡᠭᠡ ᠵᠠᠩᠭᠢ ᠶᠢ ᠨᠢ ᠬᠤᠯᠠᠭᠠᠶᠢᠯᠠᠨ ᠠᠪᠬᠤ ᠪᠤᠶᠤ ᠭᠤᠷᠪᠠᠳᠤᠭᠠᠷ ᠡᠲᠡᠭᠡᠳ ᠤᠨ ᠲᠠᠪᠴᠠᠩ ᠢ ᠠᠰᠢᠭᠯᠠᠨ ᠬᠤᠶᠠᠷ | ᠬᠡᠮᠵᠢᠭᠳᠡᠯᠲᠦ ᠺᠣᠳ᠋ ᠨᠣᠮᠧᠷ ︵ᠮᠡᠷᠭᠡᠨ ᠴᠣᠬᠤᠷ︶ ᠢ ᠰᠢᠷᠪᠢᠭᠦᠯᠬᠦ ᠵᠡᠷᠭᠡ ᠠᠷᠭ᠎ᠠ ᠪᠠᠷ ᠪᠠᠩᠬᠢ ᠶᠢᠨ ᠺᠠᠷᠲ ᠳᠠᠬᠢ | ᠵᠣᠭᠤᠰ ᠢ ᠨᠢ ᠰᠢᠯᠵᠢᠭᠦᠯᠦᠨ ᠠᠪᠠᠴᠢᠳᠠᠭ ᠪᠠᠶᠢᠨ᠎ᠠ᠃ | ︵ᠬᠤᠶᠠᠷ︶ ᠶᠠᠯᠠᠲᠤ ᠡᠲᠡᠭᠡᠳ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠡᠭᠡᠷ᠎ᠡ ᠤᠷᠢᠵᠤ | ᠡᠯᠰᠡᠬᠦ ᠮᠡᠳᠡᠭᠡ ᠵᠠᠩᠭᠢ ᠨᠡᠶᠢᠲᠡᠯᠡᠬᠦ︔ ᠡᠰᠡᠬᠦᠯ᠎ᠡ ᠪᠠᠷᠠᠭ᠎ᠠ ᠠᠪᠴᠤ ᠵᠠᠬᠢᠶᠠᠯᠠᠭ᠎ᠠ ᠥᠭᠭᠦᠭᠰᠡᠨ ᠤ ᠲᠠᠷᠠᠭ᠎ᠠ᠂ ᠬᠤᠬᠢᠷᠠᠯ | ᠠᠮᠰᠠᠭᠴᠢ ᠶᠢ ᠳᠠᠬᠢᠨ ᠳᠠᠪᠲᠠᠨ ᠵᠠᠬᠢᠶᠠᠯᠠᠭ᠎ᠠ ᠥᠭᠭᠦᠭᠦᠯᠬᠦ ᠵᠡᠷᠭᠡ ᠠᠵᠢᠯᠯᠠᠭ᠎ᠠ ᠳᠤ᠂ ᠮᠡᠬᠡᠯᠡᠭᠴᠢ ᠶᠢᠨ ᠬᠠᠩᠭᠠᠭᠰᠠᠨ | ᠰᠦᠯᠵᠢᠶ᠎ᠡ ᠨᠢ ᠠᠵᠢᠯᠲᠠᠨ ᠠᠵᠢᠯᠴᠢᠨ ᠡᠯᠰᠡᠬᠦ ᠰᠦᠯᠵᠢᠶ᠎ᠡ ᠪᠤᠶᠤ ︽ᠲᠤᠤ ᠪᠦᠦ ᠰᠦᠯᠵᠢᠶ᠎ᠡ︾ ᠪᠢᠰᠢ᠂ ᠬᠠᠷᠢᠨ | ᠬᠠᠭᠤᠷᠮᠠᠭ ᠳᠠᠭᠤᠷᠢᠶᠠᠮᠠᠯ ᠰᠦᠯᠵᠢᠶ᠎ᠡ ᠪᠠᠶᠢᠵᠤ᠂ ᠮᠡᠬᠡᠯᠡᠭᠴᠢᠳ ᠲᠤᠰ ᠰᠦᠯᠵᠢᠶ᠎ᠡ ᠪᠠᠷ ᠳᠠᠮᠵᠢᠨ ᠮᠡᠬᠡᠯᠡᠬᠦ ᠵᠣᠷᠢᠯᠭ᠎ᠠ | ᠳᠠᠭᠠᠨ ᠬᠦᠷᠳᠡᠭ ᠪᠠᠶᠢᠨ᠎ᠠ᠃ | ︵ᠭᠤᠷᠪᠠ︶ ᠶᠠᠯᠠᠲᠤ ᠡᠲᠡᠭᠡᠳ ᠺᠣᠮᠫᠠᠨᠢ ᠶᠢᠨ ᠨᠢᠭᠲᠠᠯᠠᠨ ᠪᠤᠳᠤᠯᠳᠠ ᠶᠢ ᠰᠢᠭᠤᠳ ᠬᠠᠷᠠᠯᠲᠠ ᠪᠠᠨ | ᠪᠣᠯᠭᠠᠬᠤ ᠪᠣᠯᠣᠮᠵᠢ ᠨᠡᠯᠢᠶᠡᠳ ᠥᠨᠳᠥᠷ᠂ ︽ᠤᠳᠤᠷᠢᠳᠤᠯᠭ᠎ᠠ︾ ᠪᠣᠯᠣᠭᠰᠠᠳ ᠵᠠᠷᠢᠮ ᠳᠠᠭᠠᠨ ᠪᠡᠶ᠎ᠡ ᠳᠡᠭᠡᠨ ᠵᠣᠭᠤᠰ | ᠠᠪᠴᠤ ᠶᠠᠪᠤᠳᠠᠭ ᠦᠭᠡᠢ ᠡᠨᠡ ᠬᠦ ᠪᠠᠶᠢᠳᠠᠯ ᠢ ᠭᠦᠢᠴᠡᠳ ᠠᠰᠢᠭᠯᠠᠳᠠᠭ ᠪᠠᠶᠢᠨ᠎ᠠ᠃ | ᠭᠤᠷᠪᠠ᠂ ᠴᠠᠭᠳᠠᠭᠠᠨ ᠤ ᠰᠠᠨᠠᠭᠤᠯᠤᠮᠵᠢ | ᠬᠤᠳᠠᠯᠳᠤᠨ ᠠᠪᠤᠭᠴᠢᠳ ᠥᠪᠡᠷ ᠢ ᠪᠠᠨ ᠰᠦᠯᠵᠢᠶᠡᠨ ᠳᠡᠯᠭᠡᠭᠦᠷ ᠤᠨ ᠡᠵᠡᠨ ᠭᠡᠬᠦ ᠲᠠᠨᠢᠯ ᠪᠤᠰᠤ ᠡᠲᠡᠭᠡᠳ | ᠢ ᠠᠮᠠᠷᠬᠠᠨ ᠪᠢᠲᠡᠭᠡᠢ ᠢᠲᠡᠭᠡᠭᠡᠷᠡᠢ᠂ ᠵᠠᠷᠢᠮ ᠦᠶ᠎ᠡ ᠳᠤ ᠠᠷᠠᠯᠵᠢᠶᠠᠨ ᠤ ᠪᠠᠶᠢᠳᠠᠯ ᠴᠢᠨᠢ ᠦᠨᠡᠬᠡᠷ ᠬᠡᠪ ᠤᠨ ᠪᠤᠰᠤ | ᠦᠶ᠎ᠡ ᠳᠤ᠂ ᠤᠷᠢᠳᠠᠪᠠᠷ ᠠᠯᠪᠠᠨ ᠤ ᠠᠷᠭ᠎ᠠ ᠵᠠᠮ ᠢᠶᠠᠷ ᠳᠠᠮᠵᠢᠭᠤᠯᠤᠨ ᠬᠤᠳᠠᠯᠳᠤᠭᠴᠢ ᠲᠠᠢ ᠬᠠᠷᠢᠯᠴᠠᠵᠤ ᠪᠣᠯᠤᠨ᠎ᠠ᠂ | ᠪᠢᠲᠡᠭᠡᠶ ᠬᠤᠪᠢ ᠪᠠᠷ ᠢᠶᠠᠨ ᠸᠢᠴᠠᠲ ᠵᠡᠷᠭᠡ ᠪᠠᠷ ᠳᠠᠮᠵᠢᠨ ︽ᠳᠡᠯᠭᠡᠭᠦᠷ ᠤᠨ ᠡᠵᠡᠨ︾ ᠲᠠᠢ ᠠᠷᠠᠯᠵᠢᠶᠠᠨ ᠤ ᠵᠣᠭᠤᠰ | ᠪᠤᠴᠠᠭᠠᠬᠤ ᠵᠡᠷᠭᠡ ᠠᠵᠢᠯᠯᠠᠭ᠎ᠠ ᠶᠢ ᠭᠦᠢᠴᠡᠳᠬᠡᠭᠡᠷᠡᠢ᠂ ᠥᠪᠡᠷ ᠤᠨ ᠪᠠᠩᠬᠢ ᠶᠢᠨ ᠺᠠᠷᠲ ᠤᠨ ᠮᠡᠳᠡᠭᠡ ᠵᠠᠩᠭᠢ ᠵᠡᠷᠭᠡ | ᠬᠤᠪᠢ ᠶᠢᠨ ᠨᠢᠭᠤᠴᠠ ᠪᠠᠨ ᠵᠠᠳᠠᠷᠠᠭᠤᠯᠬᠤ ᠠᠴᠠ ᠬᠢᠴᠢᠶᠡᠭᠡᠷᠡᠢ᠃ ᠬᠡᠵᠢᠶᠡᠳᠡ ᠪᠠᠨ ︽ᠳᠤᠷ᠎ᠠ ᠪᠠᠷ ᠢᠶᠠᠨ | ᠲᠠᠭᠠᠮᠠᠭᠯᠠᠬᠤ ᠦᠭᠡᠢ᠂ ᠬᠥᠩᠭᠡᠨ ᠬᠠᠭᠤᠮᠠᠭᠠᠢ ᠪᠠᠷ ᠲᠠᠩᠰᠠ ᠰᠢᠯᠵᠢᠭᠦᠯᠬᠦ ᠦᠭᠡᠢ᠂ ᠢᠯᠡᠭᠦᠦ ᠬᠢᠨᠠᠨ ᠬᠠᠷᠭᠤᠭᠤᠯᠬᠤ | ᠬᠡᠷᠡᠭᠲᠡᠶ︾᠂ ᠬᠤᠪᠢ ᠬᠥᠮᠦᠨ ᠤ ᠮᠡᠳᠡᠭᠡ ᠵᠠᠩᠭᠢ ᠵᠠᠳᠠᠷᠠᠬᠤ ᠠᠴᠠ ᠬᠢᠴᠢᠶᠡᠨ᠂ ᠬᠤᠪᠢ ᠬᠥᠮᠦᠨ ᠤ ︵ᠥᠪᠡᠷ ᠤᠨ︶ | ᠮᠡᠳᠡᠭᠡ ᠵᠠᠩᠭᠢ ᠪᠠᠨ ᠬᠠᠮᠠᠭᠠᠯᠠᠬᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠪᠤᠰᠤᠳ ᠲᠤ ᠳᠤᠷ᠎ᠠ | ᠲᠠᠪᠠ ᠪᠠᠷ ᠢᠶᠠᠨ ᠬᠤᠪᠢ ᠬᠥᠮᠦᠨ ᠤ ᠮᠡᠳᠡᠭᠡ ᠵᠠᠩᠭᠢ ᠶᠢ ᠲᠠᠭᠯᠠᠨ ᠪᠢᠴᠢᠬᠦ ᠪᠤᠶᠤ ᠬᠤᠪᠢ ᠬᠥᠮᠦᠨ ᠤ ᠮᠡᠳᠡᠭᠡ ᠵᠠᠩᠭᠢ | ᠪᠠᠨ ᠪᠤᠰᠤᠳ ᠲᠤ ᠬᠠᠩᠭᠠᠬᠤ ᠦᠭᠡᠢ ᠪᠠᠶᠢᠵᠤ᠂ ᠬᠤᠪᠢ ᠶᠢᠨ ᠮᠡᠳᠡᠭᠡ ᠵᠠᠩᠭᠢ ᠵᠠᠳᠠᠷᠠᠬᠤ ᠪᠣᠯᠣᠮᠵᠢ ᠶᠢ ᠠᠯᠢ | ᠴᠢᠳᠠᠬᠤ ᠪᠠᠷ ᠪᠠᠭᠠᠰᠬᠠᠪᠠᠯ ᠵᠣᠬᠢᠨ᠎ᠠ᠃ |