ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2019 ᠣᠨ ᠤ 2 | ᠰᠠᠷ᠎ᠠ ᠶᠢᠨ 27 ᠤ ᠡᠳᠦᠷ ᠨᠢᠩᠴᠧᠩ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠨᠢᠩᠴᠧᠩ ᠰᠢᠶᠠᠨ ᠤ | ᠠᠷᠠᠳ ᠤᠨ ᠵᠠᠰᠠᠭ ᠤᠨ ᠤᠷᠳᠤᠨ ᠤ ᠰᠢᠶᠠᠨ ᠤ ᠲᠠᠷᠤᠭ᠎ᠠ ᠮᠠ ᠵᠠᠨ ᠭᠥᠸᠧ | ᠲᠥᠯᠥᠭᠡᠯᠡᠭᠴᠢᠳ ᠡ᠄ | ᠣᠳᠣ᠂ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠣ᠂ ᠲᠡᠷᠡᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠵᠢᠴᠢ ᠪᠤᠰᠤᠳ ᠰᠤᠯᠠ ᠣᠷᠤᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠣ᠃ | ᠨᠢᠭᠡ ᠂ 2018 ᠣᠨ ᠤ ᠠᠵᠢᠯ ᠤᠨ ᠲᠤᠬᠠᠶ ᠡᠷᠭᠢᠴᠡᠭᠦᠯᠦᠯ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠤᠬᠰᠠᠨ ᠡᠬᠢᠯᠡᠯᠲᠡ ᠶᠢᠨ ᠵᠢᠯ᠂ ᠥᠭᠡᠷᠡᠴᠢᠯᠡᠯᠲᠡ ᠨᠡᠬᠡᠬᠡᠯᠳᠡ ᠬᠢᠭᠰᠡᠨ 40 | ᠵᠢᠯ ᠤᠨ ᠤᠢ ᠪᠣᠯᠤᠨ᠎ᠠ᠂ ᠮᠥᠨ ᠴᠦ ᠮᠠᠨ ᠤ ᠰᠢᠶᠠᠨ ᠤ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠵᠤ᠂ | ᠬᠦᠴᠦᠷᠭᠡᠭᠵᠢᠬᠦ ᠪᠠᠷ ᠴᠢᠷᠮᠠᠶᠢᠨ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠨᠢᠭᠡ ᠵᠢᠯ ᠮᠥᠨ᠃ ᠨᠢᠭᠡ | ᠵᠢᠯ ᠤᠨ ᠲᠤᠷᠰᠢ᠂ ᠰᠢᠶᠠᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠳᠠᠬᠢ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠬᠤᠲᠠ ᠪᠣᠯᠣᠨ ᠰᠢᠶᠠᠨ ᠤ ᠨᠠᠮ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ | ᠨᠢᠭᠡᠳᠦᠯᠲᠠᠢ ᠲᠥᠯᠥᠪᠵᠢᠭᠦᠯᠦᠨ ᠠᠬᠢᠭᠤᠯᠵᠤ᠂ ᠬᠦᠴᠢᠷ ᠪᠡᠷᠭᠡᠰᠢᠶᠡᠯ ᠢ ᠲᠤᠭᠤᠯᠤᠨ᠂ ᠯᠠᠪᠳᠠᠭᠤᠨ ᠪᠠᠲᠤᠲᠠᠶ | ᠠᠵᠢᠯᠯᠠᠵᠤ᠂ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ | ᠰᠠᠶᠢᠨ ᠪᠡᠶᠡᠯᠡᠭᠦᠯᠵᠡᠢ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ 147.5 ᠳ᠋ᠦᠩᠰᠢᠭᠤᠷ | ᠲᠥᠭᠦᠷᠢᠭ ᠲᠤ ᠬᠦᠷᠴᠦ᠂ 6.5 % ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | 5.02 ᠳ᠋ᠦᠩᠰᠢᠭᠤᠷ ᠲᠥᠭᠦᠷᠢᠭ ᠲᠤ ᠬᠦᠷᠴᠦ᠂ 8% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 8.5 % ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 74.3 ᠳ᠋ᠦᠩᠰᠢᠭᠤᠷ ᠲᠥᠭᠦᠷᠢᠭ ᠲᠤ ᠬᠦᠷᠴᠦ᠂ 7 . | 5% ᠪᠠᠷ ᠨᠡᠮᠡᠭᠳᠡᠪᠡ᠃ ᠬᠤᠲᠠ ᠪᠠᠯᠭᠠᠰᠤ ᠪᠠ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ | ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ ᠲᠤᠰ 31004 ᠲᠥᠭᠦᠷᠢᠭ᠂ 11030 ᠲᠥᠭᠦᠷᠢᠭ ᠲᠤ | ᠬᠦᠷᠴᠦ᠂ ᠲᠤᠰ ᠲᠤᠰ 7.8 % ᠪᠠ 10.1 % ᠪᠠᠷ ᠨᠡᠮᠡᠭᠳᠡᠪᠡ᠃ | ︵ᠨᠢᠭᠡ︶ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠠᠩᠬᠠᠨ ᠤ ᠠᠮᠵᠢᠯᠲᠠ ᠶᠢ ᠤᠯᠪᠠ᠃ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠤᠯᠪᠠ᠃ | ᠵᠠᠰᠠᠭ ᠤᠨ ᠣᠷᠳᠣᠨ ᠤ ᠥᠷᠢ ᠥᠭᠴᠡᠭᠡ ᠶᠢ ᠪᠦᠬᠦᠨ ᠢ ᠲᠥᠰᠦᠪ ᠤᠨ ᠬᠠᠮᠢᠶᠠᠷᠤᠯᠲᠠ ᠳᠤ ᠣᠷᠣᠭᠤᠯᠵᠤ᠂ | ᠵᠠᠰᠠᠭ ᠤᠨ ᠣᠷᠳᠣᠨ ᠤ ᠵᠢᠭᠡᠯᠡᠯᠭᠡ ᠠᠪᠴᠤ ᠪᠡᠯᠡ ᠲᠣᠬᠢᠷᠠᠭᠤᠯᠬᠤ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ | ᠂ ᠰᠢᠶᠠᠨ ᠤ ᠱᠠᠲᠤᠨ ᠤ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠠᠴᠠ ᠬᠡᠲᠦᠷᠡᠭᠰᠡᠨ ᠨᠢᠭᠡ ᠪᠦᠯᠦᠭ ᠲᠥᠷᠥᠯ | ᠵᠦᠢᠯ ᠢ ᠪᠦᠬᠦ ᠲᠠᠯ᠎ᠠ ᠪᠠᠷ ᠦᠨᠡᠯᠡᠨ ᠵᠢᠱᠢᠵᠦ ᠵᠤᠬᠰᠤᠭᠠᠨ᠂ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠪᠠᠨ | ᠲᠦᠯᠤᠵᠤ ᠳᠠᠭᠤᠰᠬᠠᠬᠤ ᠲᠥᠯᠥᠪᠯᠡᠭᠡ ᠶᠢ ᠲᠥᠷᠥᠯ ᠬᠤᠪᠢᠶᠠᠨ ᠲᠣᠭᠲᠠᠭᠠᠵᠤ᠂ ᠪᠦᠬᠦ ᠵᠢᠯ ᠳᠤ ᠵᠠᠰᠠᠭ ᠤᠨ | ᠣᠷᠳᠣᠨ ᠤ ᠥᠷᠢ ᠥᠭᠴᠡᠭᠡ ᠶᠢ 12.98 ᠳ᠋ᠦᠩᠰᠢᠭᠤᠷ ᠲᠥᠭᠦᠷᠢᠭ ᠰᠢᠢᠳᠪᠤᠷᠢᠯᠡᠵᠦ᠂ ︽ᠠᠷᠪᠠ ᠶᠢ ᠪᠦᠷᠢᠨ | ᠪᠥᠷᠬᠦᠭᠦᠯᠬᠦ︾ ᠢᠨᠵᠧᠨᠧᠷᠢᠩ ᠤᠨ ᠵᠣᠭᠤᠰ ᠢ ᠪᠥᠬᠦᠳᠡ ᠶᠢ ᠰᠢᠢᠳᠪᠤᠷᠢᠯᠡᠪᠡ᠃ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ᠂ ᠠᠷᠠᠳ ᠤᠨ ᠥᠨᠳᠥᠷ ᠬᠦᠦ ᠲᠠᠢ ᠵᠢᠭᠡᠯᠡᠯᠭᠡ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡ | ᠵᠡᠷᠭᠡ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠵᠦ᠂ | ᠮᠥᠩᠭᠦᠨ ᠭᠦᠢᠯᠭᠡᠭᠡᠨ ᠤ ᠮᠡᠬᠡᠯᠡᠯ᠂ ᠪᠠᠩᠬᠢ ᠶᠢᠨ ᠥᠷᠢ ᠥᠭᠴᠡᠭᠡ ᠠᠴᠠ ᠵᠠᠶᠢᠯᠠᠨ ᠳᠤᠲᠠᠭᠠᠬᠤ ᠵᠡᠷᠭᠡ ᠦᠢᠯᠡ | ᠠᠵᠢᠯᠯᠠᠭ᠎ᠠ ᠳᠤ ᠴᠢᠩᠭ᠎ᠠ ᠴᠤᠬᠢᠯᠲᠠ ᠦᠭᠬᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠵᠦ ᠬᠦᠴᠦᠨ | ᠦᠭᠡᠢ ᠪᠣᠯᠭᠠᠬᠰᠠᠨ ᠥᠷᠢ ᠥᠭᠴᠡᠭᠡ 7.4 ᠳ᠋ᠦᠩᠰᠢᠭᠤᠷ ᠲᠥᠭᠦᠷᠢᠭ᠂ ᠠᠵᠤ ᠠᠬᠤᠶᠢᠯᠠᠯ ᠤᠨ ᠠᠷᠢᠯᠭᠠᠬᠰᠠᠨ | ᠥᠷᠢ 4518 ᠲᠥᠮᠠᠨ ᠲᠥᠭᠦᠷᠢᠭ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠰᠢᠢᠳᠪᠦᠷᠢᠲᠦ ᠴᠢᠨᠠᠷᠲᠠᠢ ᠠᠬᠢᠯᠳᠠ ᠲᠠᠢ᠃ ︽ᠶᠠᠳᠠᠭᠤ ᠬᠦᠴᠢᠷᠳᠡᠯᠳᠡᠢ ᠰᠢᠶᠠᠨ ᠤ ᠮᠠᠯᠠᠭᠠᠢ ᠪᠠᠨ ᠲᠠᠶᠠᠬᠳᠠᠬᠤ︾ | ᠲᠡᠰ ᠳᠠᠷᠠᠭᠠᠯᠠᠯ ᠢ ᠤᠷᠢᠳᠴᠢᠯᠠᠨ ᠡᠬᠢᠯᠡᠭᠦᠯᠦᠨ᠂ ᠬᠤᠶᠠᠷ ᠵᠢᠯ ᠤᠨ ᠠᠵᠢᠯ ᠤᠨ ᠡᠭᠦᠷᠭᠡ ᠶᠢ ᠨᠢᠭᠡᠯᠭᠡᠨ ᠵᠢᠯ ᠳᠤ | ᠪᠡᠶᠡᠯᠡᠭᠦᠯᠪᠡ᠃ ᠬᠠᠪᠰᠤᠷᠤᠨ ᠲᠡᠳᠬᠦᠬᠦ ᠨᠢᠭᠡᠴᠢ ᠶᠢ 23 ᠰᠢᠨ᠎ᠡ ᠪᠠᠷ ᠨᠡᠮᠡᠭᠳᠡᠭᠦᠯᠵᠦ᠂ ᠲᠤᠰᠬᠠᠶ ᠲᠤᠰᠢᠶᠠᠯ ᠤᠨ | ᠶᠠᠳᠠᠭᠤ ᠶᠢ ᠲᠡᠳᠬᠦᠬᠦ ᠳᠤ 150 ᠬᠦᠮᠦᠨ ᠲᠤᠬᠢᠷᠠᠭᠤᠯᠤᠨ᠂ ᠡᠯ᠎ᠡ ᠲᠥᠷᠥᠯ ᠤᠨ ᠪᠡᠯᠡ ᠮᠥᠩᠭᠦ ᠶᠢ 3.2 | ᠳ᠋ᠦᠩᠰᠢᠭᠤᠷ ᠲᠥᠭᠦᠷᠢᠭ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠪᠡᠭᠡᠵᠢᠩ ᠥᠪᠥᠷ ᠮᠣᠩᠭᠤᠯ ᠤᠨ | ᠶᠠᠳᠠᠭᠤ ᠶᠢ ᠲᠡᠳᠬᠦᠬᠦ ᠬᠠᠮᠵᠢᠯᠴᠠᠭ᠎ᠠ᠂ ᠤᠯᠤᠰ ᠤᠨ ᠡᠨᠧᠷᠭᠢ ᠶᠢᠨ ᠰᠤᠷᠪᠤᠯᠵᠢ ᠶᠢᠨ ᠪᠦᠯᠦᠭᠯᠡᠯ ᠤᠨ ᠴᠢᠬ | ᠲᠣᠭᠲᠠᠭᠠᠨ ᠬᠠᠪᠰᠤᠷᠤᠨ ᠲᠡᠳᠬᠦᠬᠦ ᠵᠡᠷᠭᠡ ᠪᠡᠯᠡ ᠮᠥᠩᠭᠦ ᠶᠢ 6935 ᠲᠥᠮᠠᠨ ᠲᠥᠭᠦᠷᠢᠭ ᠨᠠᠶᠢᠳᠠᠪᠤᠷᠢᠵᠢᠭᠤᠯᠵᠤ᠂ | ᠮᠥᠩᠭᠦᠨ ᠬᠦᠢᠯᠭᠡᠭᠡᠨ ᠤ ᠶᠠᠳᠠᠭᠤ ᠶᠢ ᠲᠡᠳᠬᠦᠬᠦ ᠵᠢᠭᠡᠯᠡᠯᠭᠡ ᠶᠢ 9199 ᠲᠥᠮᠠᠨ ᠲᠥᠭᠦᠷᠢᠭ ᠲᠠᠷᠬᠠᠭᠠᠨ᠂ ᠶᠠᠳᠠᠭᠤ | ᠬᠦᠴᠢᠷᠳᠡᠯᠲᠡᠢ ᠬᠥᠮᠦᠨ ᠠᠮᠠ ᠶᠢᠨ ᠠᠵᠤ ᠦᠢᠯᠡᠰ ᠤᠨ ᠬᠥᠭᠵᠢᠯᠲᠡ ᠶᠢᠨ ᠨᠡᠶᠢᠳᠡᠮ ᠬᠠᠮᠤᠷᠬᠤ ᠶᠢ ᠪᠡᠶᠡᠯᠡᠭᠦᠯᠵᠦ᠂ | ᠶᠠᠳᠠᠭᠤ ᠶᠢ ᠲᠡᠳᠬᠦᠬᠦ ᠠᠵᠤ ᠤᠶᠢᠯᠡᠰ ᠤᠨ ᠬᠦᠷᠢᠶᠡᠯᠡᠩ ᠢ 16 ᠪᠠᠶᠢᠭᠤᠯᠵᠤ᠂ ᠣᠨᠳᠣᠤ ᠭᠠᠵᠠᠷ ᠲᠤ ᠰᠢᠯᠵᠢᠭᠦᠯᠦᠨ | ᠨᠡᠭᠦᠯᠭᠡᠭᠰᠡᠨ ᠡᠷᠦᠬᠡ 745 ᠡᠷᠤᠬᠡ᠂ ᠵᠠᠰᠠᠨ ᠦᠭᠡᠷᠡᠴᠢᠯᠡᠭᠰᠡᠨ ᠨᠤᠷᠠᠬᠤ ᠠᠶᠤᠯᠲᠠᠶ ᠭᠡᠷ ᠪᠠᠶᠢᠰᠢᠩ 10288 | ᠡᠷᠤᠭᠡ᠂ ᠴᠡᠭᠴᠡᠯᠡᠨ ᠵᠠᠰᠠᠬᠰᠠᠨ ︽ᠵᠢᠵᠢᠭ ᠬᠠᠷ᠎ᠠ ᠭᠡᠷ ︾ 19647 ᠡᠷᠦᠬᠡ᠂ ᠰᠢᠨ᠎ᠡ ᠪᠠᠷ ᠪᠠᠶᠢᠭᠤᠯᠤᠬᠰᠠᠨ | ᠪᠤᠶᠤ ᠦᠬᠡᠷᠡᠴᠢᠯᠡᠨ ᠵᠠᠰᠠᠬᠰᠠᠨ ᠬᠥᠮᠦᠨ ᠤ ᠣᠣᠭᠤᠬᠤ ᠤᠰᠤᠨ ᠤ ᠢᠨᠵᠧᠨᠧᠷᠢᠩ 747 ᠪᠠᠶᠢᠵᠦ᠂ ᠰᠤᠷᠭᠠᠨ | ᠬᠥᠮᠦᠵᠢᠯ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠮᠢ ᠠᠬᠤᠶ᠂ ᠵᠢᠭᠤᠯᠴᠢᠯᠠᠯ᠂ ᠠᠵᠢᠯ ᠣᠯᠭᠤᠬᠤ᠂ ᠡᠯᠧᠺᠲᠷᠣᠨ ᠬᠤᠳᠠᠯᠳᠤᠭ᠎ᠠ᠂ | ᠨᠡᠶᠢᠭᠡᠮ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠶᠠᠳᠠᠭᠤ ᠶᠢ ᠲᠡᠳᠬᠦᠬᠦ ᠢᠨᠵᠧᠨᠧᠷᠢᠩ ᠢ ᠵᠡᠷᠭᠡ ᠳᠤᠨᠢ ᠲᠥᠯᠬᠢᠨ | ᠠᠬᠢᠭᠤᠯᠵᠤ᠂ ᠪᠦᠬᠦ ᠵᠢᠯ ᠳᠤ ᠶᠠᠳᠠᠭᠤ ᠬᠦᠴᠢᠷᠳᠡᠯᠲᠡᠶ 114 ᠲᠤᠰᠬᠤᠨ ᠢ ᠶᠠᠳᠠᠭᠤ ᠬᠦᠴᠢᠷᠳᠡᠯᠳᠡᠢ ᠲᠤᠰᠬᠤᠨ ᠤ | ᠨᠡᠷᠡᠰ ᠠᠴᠠ ᠭᠠᠷᠭᠠᠨ᠂ ᠶᠠᠳᠠᠭᠤ ᠬᠦᠴᠢᠷᠳᠡᠯᠲᠡᠢ ᠬᠥᠮᠦᠨ ᠠᠮᠠ 22481 ᠨᠠᠷᠡᠰ ᠬᠠᠰᠤᠬᠳᠠᠵᠦ᠂ ᠶᠠᠳᠠᠭᠤᠷᠠᠯ | ᠡᠬᠦᠰᠬᠦ ᠨᠣᠷᠮ᠎ᠠ 1.01% ᠪᠣᠯᠲᠠᠯ᠎ᠠ ᠪᠠᠭᠤᠷᠠᠨ᠂ ᠶᠠᠳᠠᠭᠤ ᠬᠦᠴᠢᠷᠳᠡᠯᠳᠡᠢ ᠰᠢᠶᠠᠨ ᠠᠴᠠ ᠭᠠᠷᠭᠠᠬᠤ ᠥᠪᠡᠷᠲᠡᠭᠡᠨ | ᠵᠠᠰᠠᠬᠤ ᠣᠷᠣᠨ ᠤ ᠭᠤᠷᠪᠠᠳᠤᠭᠠᠷ ᠡᠲᠡᠭᠡᠳ ᠤᠨ ᠰᠢᠯᠭᠠᠨ ᠮᠠᠭᠠᠳᠯᠠᠯᠲᠠ ᠶᠢ ᠤᠷᠤᠭᠰᠢᠲᠠᠶ ᠥᠩᠭᠡᠷᠡᠭᠡᠪᠡ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠦᠨᠡᠨ ᠪᠣᠳᠠᠲᠠᠶ ᠴᠢᠨᠠᠷᠳᠡᠢ ᠰᠢᠪᠲᠤᠯᠤᠯᠲᠠ ᠲᠠᠢ᠃ ᠠᠭᠠᠷ ᠮᠠᠨᠳᠠᠯ᠂ | ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠢ ᠭᠦᠨᠵᠡᠭᠡᠶ ᠥᠷᠨᠢᠭᠦᠯᠵᠦ᠂ | ᠯᠣᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠶ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠵᠦ᠂ ᠨᠡᠭᠦᠷᠡᠰᠦ ᠰᠢᠲᠠᠭᠠᠬᠤ 23 | ᠭᠦᠸᠧᠯᠦ ᠵᠤᠤᠬ᠎ᠠ ᠶᠢ ᠴᠡᠭᠴᠡᠯᠡᠨ᠂ ᠪᠠᠶᠢᠰᠢᠩ ᠬᠡᠷ ᠤᠨ ᠲᠣᠭᠤᠷᠢᠭ ᠤᠨ ᠰᠠᠭᠤᠭᠠᠯᠢ ᠠᠷᠠᠳ ᠤᠨ ᠨᠡᠭᠦᠷᠡᠰᠦ | ᠰᠢᠲᠠᠭᠠᠬᠤ ᠵᠣᠣᠬᠠᠨ ᠤ ᠴᠡᠪᠡᠷᠰᠢᠭᠦᠯᠦᠯᠲᠡ ᠶᠢ 2027 ᠡᠷᠦᠬᠡ ᠳᠤ ᠬᠡᠷᠡᠭᠵᠢᠭᠦᠯᠵᠦ᠂ ᠬᠤᠷᠬᠤᠭ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠦᠢᠯᠡᠰ ᠤᠨ ᠡᠷᠬᠡ ᠶᠢ 7 ᠶᠢ ᠬᠠᠤᠯᠢ ᠶᠣᠰᠣᠭᠠᠷ | ᠵᠠᠷᠯᠠᠨ ᠨᠡᠶᠢᠲᠡᠯᠡᠨ ᠬᠦᠴᠦᠨ ᠦᠭᠡᠢ ᠪᠣᠯᠭᠠᠨ᠂ ᠭᠤᠣᠯ ᠨᠠᠭᠤᠷ ᠤᠨ ᠲᠠᠩ ᠤᠨ ᠡᠯᠡᠰᠦ ᠮᠠᠯᠲᠠᠬᠤ ᠦᠢᠯᠡᠳᠪᠦᠷᠢ ᠶᠢ | ᠪᠦᠬᠦᠨ ᠢ ᠬᠠᠭᠠᠯᠭᠠᠵᠤ᠂ ᠭᠠᠵᠠᠷ ᠬᠦᠷᠦᠰᠦᠨ ᠤ ᠪᠣᠬᠢᠷᠲᠤᠯ ᠢ ᠪᠦᠲᠦᠮᠵᠢᠲᠡᠶ ᠬᠢᠵᠠᠭᠠᠷᠯᠠᠵᠤ ᠴᠢᠳᠠᠪᠠ᠃ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ | ᠬᠢᠨᠠᠮᠠᠭᠠᠶ ᠥᠷᠨᠢᠭᠦᠯᠵᠦ᠂ ᠡᠯ᠎ᠡ ᠵᠦᠢᠯ ᠤᠨ 43 ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠪᠠ᠃ | ︵ᠬᠤᠶᠠᠷ︶ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠪᠠ᠃ ᠠᠵᠤ ᠦᠢᠯᠡᠳᠪᠦᠷᠢ ᠶᠢᠨ | ᠠᠵᠤ ᠠᠬᠤᠶ ᠲᠣᠭᠲᠠᠭᠤᠨ ᠲᠤᠮᠲᠠ ᠰᠠᠶᠢᠵᠢᠷᠠᠪᠠ᠃ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠪᠠ | ᠠᠵᠤ ᠠᠬᠤᠶᠢᠯᠠᠯ ᠳᠤ ᠤᠶᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠤᠶᠢᠯᠡᠳᠪᠤᠷᠢ ᠶᠢᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ 35.5 % ᠬᠦᠷᠴᠠᠢ᠃ ᠳ᠋ᠧ ᠹᠧᠩ ᠬᠡᠦᠷᠰᠢᠭᠦᠯᠬᠦ ᠶᠢᠨ ᠦᠢᠯᠡᠳᠪᠦᠷᠢᠯᠡᠬᠦ | ᠴᠢᠳᠠᠪᠤᠷᠢ ᠶᠢ ᠰᠤᠯᠠᠯᠠᠨ᠂ ᠭᠠᠶᠢᠯᠢ ᠲᠠᠲᠠᠪᠤᠷᠢ ᠨᠢ ᠳ᠋ᠦᠩᠰᠢᠭᠤᠷ ᠲᠥᠭᠦᠷᠢᠭ ᠢ ᠳᠠᠪᠠᠨ᠂ ᠰᠢᠨ ᠮᠠ ᠴᠢᠳᠬᠤᠬᠤ | ᠦᠢᠯᠡᠰ ᠦᠢᠯᠡᠳᠪᠦᠷᠢᠯᠡᠯ ᠢᠶᠠᠨ ᠪᠦᠬᠦ ᠲᠠᠯ᠎ᠠ ᠪᠠᠷ ᠰᠡᠷᠭᠦᠭᠡᠨ᠂ 58 ᠲᠦᠮᠡᠨ ᠲᠣᠨ ᠪᠤᠯᠤᠳ ᠲᠡᠮᠤᠷ ᠢ | ᠦᠢᠯᠡᠳᠪᠦᠷᠢᠯᠡᠵᠦ᠂ ᠾᠧᠩ ᠹᠧᠩ ᠲᠡᠮᠦᠷᠯᠢᠭ᠂ ᠵᠢᠩ ᠬᠠᠩ ᠣᠨᠴᠠᠭᠠᠶ ᠨᠡᠭᠦᠷᠡᠰᠦᠲᠥ᠋ᠷᠥᠭᠴᠢ ᠵᠡᠷᠭᠡ ᠨᠢᠭᠡ ᠪᠦᠯᠦᠭ | ᠲᠦᠷᠦᠯ ᠵᠦᠢᠯ ᠨᠢᠭᠡᠨᠲᠡ ᠠᠰᠢᠭᠯᠠᠯᠲᠠ ᠳᠤ ᠣᠷᠣᠪᠠ᠂ ᠢᠦᠢ ᠤᠪᠤᠬᠳᠠᠨ ᠤ ᠪᠤᠯᠭᠤᠬᠰᠠᠨ ᠢᠳᠡᠭᠡᠨ᠂ ᠭᠥᠸᠧ ᠫᠢᠩ | ᠰᠢᠶᠠᠩᠵᠢᠶᠤᠤ ᠵᠡᠷᠭᠡ ᠠᠵᠤ ᠠᠬᠤᠶᠢᠯᠠᠯ ︽ᠡᠭᠦᠷ ᠵᠢᠭᠡᠯᠡᠵᠦ ᠦᠢᠯᠡᠳᠪᠤᠷᠢᠯᠡᠨ︾᠂ ᠴᠢᠭᠢᠭᠯᠢᠭ ᠰᠢᠷᠣᠶ ᠶᠢᠨ 34 | ᠡᠷᠤᠬᠡ ᠠᠵᠤ ᠠᠬᠤᠶᠢᠯᠠᠯ ᠪᠦᠬᠦᠨ ᠢᠶᠠᠷ ᠢᠶᠠᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠭᠦᠯᠬᠦ ᠶᠢ | ᠬᠡᠷᠩᠵᠢᠭᠦᠯᠦᠨ᠂ ᠽᠦᠢ ᠾᠥᠸᠧ᠂ ᠦᠬᠡᠷᠴᠢᠨ ᠵᠡᠷᠭᠡ ᠠᠵᠤ ᠠᠬᠤᠶᠢᠯᠠᠯ ᠤᠯᠠᠨ ᠡᠰᠢᠲᠦ ᠬᠥᠭᠵᠢᠯᠲᠡ ᠶᠢᠨ | ᠪᠠᠶᠢᠳᠠᠯ ᠢᠯᠡᠷᠡᠵᠦ᠂ ᠠᠵᠤ ᠦᠢᠯᠡᠳᠪᠦᠷᠢ ᠶᠢᠨ ᠠᠵᠤ ᠠᠬᠤᠶ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠠᠬᠠᠬᠰᠠᠨ | ᠪᠠᠶᠢᠨ᠎ᠠ᠃ ᠪᠦᠬᠦ ᠣᠷᠣᠨ ᠪᠦᠰᠡ ᠶᠢᠨ ᠵᠢᠭᠤᠯᠴᠢᠯᠡᠯ ᠤᠨ ᠬᠥᠭᠵᠢᠯᠲᠡ ᠲᠦᠷᠭᠡᠳᠪᠡ᠃ ᠪᠤᠷᠬᠠᠨᠲᠤ ᠬᠠᠯᠠᠭᠤᠨ | ᠷᠠᠰᠢᠶᠠᠨ ᠤ ᠣᠨᠴᠠᠯᠢᠭ ᠲᠠᠢ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠳ᠋ᠤᠤ | ᠰᠢᠤᠢ ᠭᠧᠤ᠂ ᠽᠢ ᠮᠧᠩ ᠨᠠᠭᠤᠷ ᠵᠡᠷᠭᠡ ᠦᠵᠡᠮᠵᠢ ᠶᠢᠨ ᠥᠷᠭᠡᠳᠬᠡᠨ ᠪᠠᠶᠢᠭᠤᠯᠬᠤ ᠶᠢ ᠬᠡᠷᠡᠭᠵᠢᠭᠦᠯᠵᠦ᠂ ᠮᠠ ᠶᠢᠩᠽᠢ | ᠂ ᠳ᠋ᠠ ᠬᠡᠦ ᠱᠢ 2 ᠣᠨᠴᠠᠯᠢᠭ ᠪᠦᠬᠦᠢ ᠠᠷᠠᠳ ᠤᠨ ᠪᠠᠭᠤᠳᠠᠯ ᠤᠨ ᠲᠣᠰᠬᠤᠨ ᠢ ᠦᠨᠳᠦᠰᠦᠨ ᠳᠡᠭᠡᠨ ᠪᠠᠶᠢᠭᠤᠯᠤᠨ | ᠳᠠᠭᠤᠰᠤᠨ᠂ ᠲᠢᠶᠠᠨ ᠢ ᠠᠴᠠ ᠱᠠᠨᠲᠸᠥ ᠬᠦᠷᠬᠦ᠂ ᠰᠢᠶᠤᠤ ᠴᠧᠩᠽᠢ ᠠᠴᠠ ᠰᠢ ᠸᠧ ᠫᠦ᠋ ᠬᠦᠷᠬᠦ ᠱᠤᠭᠤᠮ ᠵᠡᠷᠭᠡ | 5 ᠵᠤᠷᠪᠤᠰ ᠵᠢᠭᠤᠯᠴᠢᠯᠠᠯ ᠤᠨ ᠵᠠᠰᠠᠮᠠᠯ ᠵᠠᠮ ᠪᠠᠷᠢᠯᠭ᠎ᠠ ᠲᠠᠭᠤᠰᠴᠦ ᠲᠡᠷᠭᠡ ᠨᠡᠪᠲᠡᠷᠡᠪᠡ᠂ 2 A ᠲᠡᠰ ᠤᠨ | ᠵᠢᠭᠤᠯᠴᠢᠯᠠᠯ ᠤᠨ ᠵᠣᠷᠯᠣᠩ ᠢ 15 ᠰᠢᠨ᠎ᠡ ᠪᠠᠷ ᠪᠠᠶᠢᠭᠤᠯᠵᠦ᠂ ᠪᠦᠷᠭᠦᠳ ᠤᠨ ᠠᠭᠤᠯᠠᠨ ᠤ ᠠᠮᠢ ᠠᠬᠤᠶ ᠶᠢᠨ | ᠰᠣᠶᠣᠯ ᠵᠢᠭᠤᠯᠴᠢᠯᠠᠯ ᠤᠨ ᠨᠠᠶᠢᠷ᠂ ᠽᠢ ᠮᠧᠩ ᠬᠡᠦ ᠨᠠᠭᠤᠷ ᠤᠨ ᠣᠯᠠᠨ ᠤᠯᠤᠰ ᠤᠨ ᠨᠡᠷᠡᠲᠦ ᠰᠤᠷᠭᠠᠭᠤᠯᠢ ᠶᠢᠨ | ᠯᠤᠤᠲᠤ ᠰᠠᠯ ᠤᠨ ᠤᠷᠤᠯᠳᠤᠭᠠᠨ ᠵᠡᠷᠭᠡ ᠰᠣᠶᠣᠯ ᠲᠠᠮᠢᠷ ᠤᠨ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠳᠠᠳᠠᠢ | ᠡᠷᠬᠢᠯᠡᠵᠦ᠂ ᠵᠤᠭᠠᠴᠠᠭᠰᠠᠳ ᠢ 190 ᠲᠦᠮᠡᠨ ᠬᠥᠮᠦᠨ ᠤᠳᠠᠭ᠎ᠠ ᠬᠦᠯᠢᠶᠡᠨ ᠠᠪᠴᠦ᠂ ᠵᠢᠭᠤᠯᠴᠢᠯᠠᠯ ᠤᠨ | ᠶᠡᠷᠦᠩᠬᠡᠶ ᠣᠷᠣᠯᠭ᠎ᠠ 26.9 ᠳ᠋ᠦᠩᠰᠢᠭᠤᠷ ᠲᠥᠭᠦᠷᠢᠭ ᠬᠦᠷᠴᠡᠢ᠃ ᠠᠷᠠᠯᠵᠢᠶ᠎ᠠ ᠬᠤᠳᠠᠯᠳᠤᠭ᠎ᠠ ᠮᠥᠩᠭᠦᠨ | ᠭᠦᠢᠯᠭᠡᠭᠡᠨ ᠤ ᠠᠵᠢᠯ ᠳᠠᠰ ᠲᠡᠪᠰᠢᠪᠡ᠃ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠬᠥᠭᠵᠢᠭᠦᠯᠵᠦ | ᠂ ᠤᠯᠠᠨ ᠤᠯᠤᠰ ᠤᠨ ᠬᠤᠳᠠᠯᠳᠤᠭᠠᠨ ᠤ ᠬᠤᠲᠠ᠂ ᠪᠢ ᠶᠧ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ | ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠠᠵᠢᠯ ᠢᠶᠠᠨ ᠡᠬᠢᠯᠡᠭᠦᠯᠵᠦ᠂ ᠳᠤᠮᠳᠠᠳᠤ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠠᠩᠭᠠᠨ ᠪᠣᠷᠣᠯᠠᠭᠤᠯᠬᠤ ᠬᠦᠢᠳᠡᠨ ᠢᠶᠠᠷ ᠬᠠᠳᠠᠭᠠᠯᠠᠬᠤ ᠡᠳ᠋ | ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠦᠷᠦᠯ ᠵᠤᠶᠢᠯ ᠤᠨ ᠡᠮᠦᠨᠡᠬᠢ ᠬᠤᠭᠤᠴᠠᠭᠠᠨ ᠤ ᠠᠵᠢᠯ | ᠤᠷᠤᠭᠰᠢᠲᠠᠶ ᠶᠠᠪᠤᠭᠳᠠᠵᠤ᠂ ᠰᠢᠨ ᠺᠠᠶ ᠵᠠᠬ᠎ᠠ ᠳᠡᠯᠭᠡᠭᠦᠷ ᠢ ᠥᠭᠡᠷᠡᠴᠢᠯᠡᠨ ᠪᠠᠶᠢᠭᠤᠯᠵᠦ᠂ ᠵᠢᠶᠠ ᠰᠢᠤᠸᠠᠨ ᠵᠠᠷ | ᠮᠡᠳᠡᠭᠡ᠂ ᠸᠠᠩ ᠵᠢᠶᠧ ᠮᠠᠰᠢᠨ ᠲᠡᠷᠭᠡᠨ ᠤ ᠠᠷᠠᠯᠵᠢᠶ᠎ᠠ ᠠᠰᠢᠭᠯᠠᠯᠲᠠ ᠳᠤ ᠤᠷᠤᠪᠠ᠃ ᠮᠥᠩᠭᠦᠨ ᠭᠦᠢᠯᠭᠡᠭᠡᠨ ᠤ | ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠳ᠋ᠠ ᠱᠧᠩ ᠲᠠᠩ | ᠡᠮ ᠤᠨ ᠤᠶᠢᠯᠡᠰ᠂ ᠨᠢᠩ ᠾᠧ ᠶᠤᠸᠠᠨ ᠠᠷᠢᠬᠢᠨ ᠦᠢᠯᠡᠰ ᠵᠡᠷᠭᠡ 15 ᠡᠷᠤᠬᠡ ᠠᠵᠤ ᠠᠬᠤᠶᠢᠯᠠᠯ ᠣᠷᠣᠨ | ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠫᠠᠶᠢᠰᠠ ᠡᠯᠭᠦᠪᠡ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 193.7 ᠳ᠋ᠦᠩᠰᠢᠭᠤᠷ ᠲᠥᠭᠦᠷᠢᠭ᠂ | ᠵᠢᠭᠡᠯᠡᠯᠭᠡ ᠶᠢᠨ ᠦᠯᠡᠳᠡᠪᠦᠷᠢ ᠲᠤᠭ᠎ᠠ109.2 ᠳ᠋ᠦᠩᠰᠢᠭᠤᠷ ᠲᠥᠭᠦᠷᠢᠭ᠃ ᠲᠥᠷᠥ ᠶᠢᠨ ᠪᠣᠳᠣᠯᠭ᠎ᠠ ᠶᠢᠨ ᠴᠢᠨᠠᠷᠲᠠᠶ | ᠪᠠᠯᠠ ᠮᠥᠩᠭᠦ ᠶᠢ 1.76 ᠳ᠋ᠦᠩᠰᠢᠭᠤᠷ ᠲᠥᠭᠦᠷᠢᠭ ᠲᠡᠮᠡᠴᠡᠨ ᠤᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠡᠯᠡ ᠣᠷᠣᠭᠤᠯᠤᠯᠲᠠ ᠶᠢ 27.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠠᠵᠤ | ᠠᠬᠤᠶ ᠶᠢᠨ ᠨᠡᠮᠡᠭᠳᠡᠯ ᠳᠤ ᠦᠵᠡᠭᠦᠯᠬᠦ ᠳᠠᠶᠢᠴᠢᠯᠠᠬᠤ ᠦᠢᠯᠡᠳᠦᠯ ᠢᠯᠡᠳᠲᠡ ᠴᠢᠩᠭᠠᠷᠠᠪᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠶ ᠪᠠᠷ | ᠡᠬᠢᠯᠡᠭᠦᠯᠪᠡ᠃ ᠳᠠᠪᠠᠭᠤᠯᠢᠭ ᠠᠵᠤ ᠤᠶᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ | ᠠᠮᠤ ᠪᠤᠳᠠᠭᠠᠨ ᠤ ᠲᠠᠷᠢᠮᠠᠯ ᠤᠨ ᠲᠠᠯᠠᠪᠠᠢ 148 ᠲᠥᠮᠡᠨ ᠮᠥ᠂ ᠡᠷᠳᠡᠨᠢ ᠰᠢᠰᠢ ᠶᠢᠨ ᠲᠠᠯᠠᠪᠠᠢ ᠶᠢ 8.7 ᠲᠦᠮᠡᠨ | ᠮᠦ ᠳᠣᠭᠢᠷᠠᠭᠤᠯᠤᠨ ᠪᠠᠭᠠᠰᠬᠠᠵᠤ᠂ ᠠᠮᠤ ᠪᠤᠳᠠᠭᠠᠨ ᠤ ᠤᠨᠠᠯᠲᠠ 17.3 ᠳ᠋ᠦᠩᠰᠢᠭᠤᠷ ᠵᠢᠩ ᠬᠦᠷᠴᠦ᠂ ᠲᠡᠦᠬᠡᠨ | ᠰᠢᠨ᠎ᠡ ᠲᠡᠮᠳᠡᠭᠯᠡᠯ ᠢ ᠡᠭᠦᠳᠪᠡ᠃ ᠲᠦᠭᠦᠭᠡᠷᠤᠮᠵᠢᠲᠦ ᠲᠠᠷᠢᠶᠠᠯᠠᠩ ᠢ 2.4 ᠲᠦᠮᠡᠨ ᠮᠥ᠂ ᠵᠢᠮᠢᠰᠤᠨ ᠮᠤᠳᠤ ᠠᠵᠦ | ᠠᠬᠤᠢ ᠶᠢᠨ ᠤᠢ ᠶᠢ 2 ᠲᠦᠮᠡᠨ ᠮᠥ᠂ ᠣᠨᠴᠠᠯᠢᠠᠠᠳᠣ ᠲᠠᠷᠢᠮᠠᠯ ᠢ 1.3 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ | ᠭᠡᠷ ᠤᠨ ᠲᠡᠵᠢᠭᠡᠪᠦᠷᠢ ᠶᠢᠨ ᠭᠠᠷᠭᠠᠯᠲᠠ 143 ᠲᠥᠮᠡᠨ ᠲᠤᠯᠤᠭᠠᠢ᠂ ᠥᠨᠳᠥᠷ ᠪᠠᠷᠢᠮᠵᠢᠶᠠᠲᠤ ᠨᠡᠷᠡᠨ ᠭᠡᠷᠡᠯᠲᠦ | ᠳᠤᠯᠠᠭᠠᠨ ᠬᠦᠯᠡᠮᠵᠢ ᠶᠢᠨ ᠬᠦᠷᠢᠶᠡᠯᠡᠩ ᠲᠣᠭᠤᠷᠢᠭ ᠢ 4 ᠭᠠᠵᠠᠷ᠂ ᠣᠶ ᠰᠢᠭᠤᠶ ᠵᠢᠮᠢᠰ ᠤᠨ ᠰᠠᠭᠤᠷᠢᠨ ᠭᠠᠵᠠᠷ ᠢ 5 | ᠭᠠᠵᠠᠷ᠂ ᠭᠡᠷ ᠤᠨ ᠲᠡᠵᠢᠭᠡᠪᠦᠷᠢ ᠲᠡᠵᠢᠭᠡᠨ ᠦᠷᠡᠵᠢᠭᠦᠯᠬᠦ ᠲᠠᠯᠠᠪᠠᠢ ᠶᠢ 62 ᠭᠠᠵᠠᠷ ᠰᠢᠨ᠎ᠡ ᠪᠠᠷ ᠪᠠᠶᠢᠭᠤᠯᠪᠠ᠃ | ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠰᠢᠶᠣᠣ ᠴᠧᠩᠽᠢ | — ᠮᠡᠷᠡᠲᠦ — ᠰᠠᠨ ᠽᠦᠸᠧ ᠳ᠋ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ | ᠵᠢᠱᠢᠶ᠎ᠡ ᠦᠵᠡᠭᠦᠯᠬᠦ ᠪᠦᠰᠡ᠂ ᠰᠢᠩ ᠬᠠ ᠱᠤᠭᠤᠮ ᠳᠠᠭᠤ ᠶᠢᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ | ᠦᠵᠡᠭᠦᠯᠬᠦ ᠪᠦᠰᠡ ᠶᠢ ᠡᠬᠢᠯᠡᠨ ᠪᠠᠶᠢᠭᠤᠯᠪᠠ᠃ ᠨᠢᠩᠴᠧᠩ ᠳᠠᠬᠢ ᠸᠧᠨ ᠤᠪᠤᠬᠳᠠᠨ ᠤ ᠶᠡᠷᠦᠩᠬᠡᠶ ᠵᠠᠬᠢᠷᠭ᠎ᠠ | ᠠᠰᠢᠭᠯᠠᠯᠲᠠ ᠳᠤ ᠤᠷᠤᠵᠦ᠂ ᠺᠠᠩ ᠵᠢᠶᠠᠨ ᠭᠠᠭ᠋ᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠤᠷᠤᠭᠤᠯᠪᠠ᠂ ᠠᠯᠮᠤᠷᠠᠳ ᠤᠨ ᠮᠦᠽᠧᠶ᠂ ᠯᠢᠦᠢ ᠹᠠ ᠵᠢᠵᠢᠭ ᠬᠤᠲᠠ ᠶᠢᠨ | ᠬᠦᠳᠡᠭᠡ ᠶᠢᠨ ᠬᠠᠮ ᠴᠤᠬᠴᠠ ᠶᠢᠨ ᠭᠤᠣᠯ ᠴᠣᠭᠴᠠ ᠨᠢ ᠪᠡᠷᠢᠯᠭ᠎ᠠ ᠲᠠᠭᠤᠰᠪᠠ᠃ ᠲᠠᠷᠢᠶᠠᠴᠢᠳ ᠤᠨ ᠬᠤᠷᠰᠢᠭᠰᠠᠨ | ᠵᠣᠬᠢᠶᠠᠨ ᠪᠠᠶᠢᠭᠤᠯᠤᠯᠲᠠ ᠶᠢ 28 ᠡᠷᠤᠭᠡ ᠵᠢᠷᠤᠮᠵᠢᠭᠤᠯᠤᠨ ᠬᠥᠭᠵᠢᠭᠦᠯᠵᠦ᠂ ᠪᠣᠬᠢᠷᠲᠤᠯ ᠦᠬᠡᠢ ᠲᠠᠷᠢᠶᠠᠯᠠᠩ ᠤᠨ | ᠪᠦᠲᠦᠭᠡᠭᠳᠡᠬᠦᠨ ᠤ 15 ᠵᠤᠶᠢᠯ ᠰᠢᠨ᠎ᠡ ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠬᠢᠨᠠᠨ ᠬᠠᠮᠢᠶᠠᠷᠤᠯᠲᠠ ᠶᠢᠨ ᠰᠢᠶᠠᠨ᠂ ︽ | ᠪᠠᠷᠢᠮᠵᠢᠶᠠᠵᠢᠭᠤᠯᠤᠯᠲᠠ + ᠲᠠᠷᠢᠶᠠᠯᠠᠩ︾ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠠᠵᠢᠯ ᠤᠨ ᠠᠬᠢᠴᠠ | ᠤᠷᠤᠭᠰᠢᠲᠠᠶ ᠪᠠᠶᠢᠵᠤ᠂ ᠪᠡᠭᠡᠵᠢᠩ ᠤᠨ ᠪᠠᠶ ᠭᠧ ᠸᠠᠨ ᠺᠣᠮᠫᠠᠨᠢ᠂ ᠱᠠᠩᠬᠠᠶ ᠶᠢᠨ ᠵᠢᠶᠠᠩ ᠴᠢᠶᠣᠣ ᠵᠠᠬ᠎ᠠ ᠳᠡᠯᠭᠡᠭᠦᠷ | ᠯᠤᠭ᠎ᠠ ᠭᠦᠨᠵᠡᠭᠡᠶ ᠬᠠᠮᠳᠤᠷᠠᠯᠴᠠᠨ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ | ᠭᠠᠳᠠᠨᠠᠬᠢ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠦᠷᠭᠡᠳᠭᠡᠪᠡ᠃ ᠬᠥᠳᠡᠭᠡ ᠲᠣᠰᠬᠤᠨ ᠤ ᠰᠠᠭᠤᠷᠢ | ᠪᠠᠶᠢᠭᠤᠯᠤᠯᠲᠠ ᠶᠢ ᠪᠠᠬᠢᠵᠢᠭᠦᠯᠪᠡ᠃ 2.5 ᠲᠦᠮᠡᠨ ᠮᠦ ᠮᠤᠳᠤ ᠶᠢ ᠲᠠᠷᠢᠵᠦ ᠤᠶᠢᠵᠢᠭᠤᠯᠤᠨ᠂ ᠭᠤᠣᠯᠳᠠᠯᠭ᠎ᠠ ᠲᠠᠢ | ᠣᠷᠣᠨ ᠪᠦᠰᠡ ᠶᠢ3000 ᠮᠥ ᠨᠤᠭᠤᠭᠠᠷᠠᠭᠤᠯᠤᠨ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ | ᠢᠨᠵᠧᠨᠧᠷᠢᠩ ᠢ 7.5 ᠲᠦᠮᠡᠨ ᠮᠦ ᠪᠠᠶᠢᠭᠤᠯᠤᠨ᠂ ᠤᠰᠤ ᠰᠢᠷᠤᠢ ᠶᠢᠨ ᠬᠠᠮᠠᠭᠠᠯᠠᠯᠲᠠ ᠶᠢ 1.4 ᠲᠦᠮᠡᠨ ᠮᠦ | ᠵᠠᠰᠠᠪᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ 1215 ᠠᠶᠢᠯ ᠲᠣᠰᠬᠤᠨ ᠢ | ᠴᠡᠭᠴᠡᠯᠡᠨ ᠵᠠᠰᠠᠵᠤ᠂ ᠭᠤᠣᠯ ᠤᠨ ᠲᠠᠩ ᠢ 960 ᠺᠢᠯᠣᠮᠧᠲᠷ ᠴᠡᠪᠡᠷᠯᠡᠨ᠂ 68 ᠲᠦᠮᠡᠨ ᠪᠣᠰᠤᠭ᠎ᠠ ᠳᠥᠷᠪᠡᠯᠵᠢᠨ | ᠮᠧᠲᠷ ᠬᠤᠭ ᠨᠣᠪᠰᠢ ᠶᠢ ᠴᠡᠪᠡᠷᠯᠡᠨ ᠳᠡᠭᠡᠭᠡᠪᠤᠷᠢᠯᠡᠨ᠂ ᠰᠢᠶᠠᠨ ᠰᠢᠶᠠᠩ ᠲᠣᠰᠬᠤᠨ ᠡᠷᠦᠬᠡ ᠳᠥᠷᠪᠡᠨ ᠱᠠᠲᠤᠨ ᠤ | ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠵᠣᠷᠯᠣᠩ ᠤᠨ | ᠬᠤᠪᠢᠰᠬᠠᠯ ᠢ ᠭᠦᠨᠵᠡᠭᠡᠶ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ 326 ᠡᠷᠦᠭᠡ ᠶᠢᠨ ᠵᠣᠷᠯᠣᠩ ᠤᠨ | ᠥᠭᠡᠷᠡᠴᠢᠯᠡᠯᠲᠡ ᠶᠢ ᠪᠡᠶᠡᠯᠡᠭᠦᠯᠪᠡ᠃ | ︵ᠲᠦᠷᠪᠡ︶ ᠬᠤᠳᠠ ᠬᠥᠳᠡᠭᠡ ᠶᠢ ᠨᠢᠭᠡ ᠴᠤᠭᠴᠠᠵᠢᠭᠤᠯᠬᠤ ᠠᠬᠢᠴᠠ ᠶᠢ ᠲᠥᠷᠭᠡᠳᠭᠡᠪᠡ᠃ ᠬᠤᠳᠠ ᠶᠢᠨ | ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠪᠠ᠃ 2400 ᠲᠦᠮᠡᠨ ᠲᠥᠭᠦᠷᠢᠭ ᠢ ᠪᠡᠯᠡ ᠤᠷᠤᠭᠤᠯᠤᠨ᠂ | ᠴᠠᠩ ᠴᠢᠩ ᠵᠠᠮ᠂ ᠱᠤᠸᠠᠩ ᠶᠢᠩ ᠵᠡᠭᠡᠯᠢ ᠵᠡᠷᠭᠡ ᠬᠤᠲᠠ ᠲᠣᠭᠤᠷᠢᠭ ᠤᠨ ᠵᠠᠮ ᠢ 30 ᠵᠤᠷᠪᠤᠰ᠂ 35.3 ᠲᠥᠮᠠᠨ | ᠲᠡᠭᠰᠢ ᠳᠥᠷᠪᠡᠯᠵᠢᠨ ᠮᠧᠲᠷ ᠶᠡᠷᠤᠩᠬᠡᠶᠢᠯᠡᠨ ᠦᠭᠡᠷᠡᠴᠢᠯᠡᠪᠡ᠃ ᠥᠨᠳᠥᠷ ᠬᠤᠷᠳᠤᠴᠠᠲᠤ ᠲᠡᠮᠦᠷ ᠵᠠᠮ ᠤᠨ ᠨᠢᠩᠴᠧᠩ | ᠥᠷᠲᠡᠭᠡ ᠶᠢᠨ ᠪᠠᠶᠢᠭᠤᠯᠤᠯᠲᠠ ᠠᠵᠢᠯ ᠡᠬᠢᠯᠡᠭᠦᠯᠵᠦ᠂ ᠯᠤᠤᠬ᠎ᠠ ᠶᠢᠨ ᠭᠤᠣᠯ ᠵᠡᠭᠡᠯᠢ ᠶᠢᠨ ᠵᠠᠰᠠᠮᠠᠯ ᠵᠠᠮ ᠲᠡᠮᠦᠷ | ᠵᠠᠮ ᠤᠨ ᠵᠦᠷᠢᠯᠢᠭ ᠬᠥᠭᠦᠷᠭᠡ ᠪᠠᠷᠢᠯᠭ᠎ᠠ ᠳᠠᠭᠤᠰᠴᠦ ᠲᠡᠷᠭᠡ ᠨᠡᠪᠲᠡᠷᠡᠨ᠂ 3 ᠭᠠᠵᠠᠷ ᠤᠨ ᠵᠠᠰᠠᠮᠠᠯ ᠵᠠᠮ ᠲᠡᠮᠦᠷ | ᠵᠠᠮ ᠤᠨ ᠵᠦᠷᠢᠯᠢᠭ ᠬᠥᠭᠦᠷᠭᠡ ᠶᠢᠨ ᠪᠡᠯᠡᠳᠭᠡᠯ ᠠᠵᠢᠯ ᠢ ᠬᠢᠪᠡ᠃ ᠳᠡᠭᠡᠳᠦ ᠬᠤᠷᠳᠤᠴᠠᠲᠤ ᠲᠡᠮᠦᠷ ᠵᠠᠮ ᠤᠨ | ᠦᠷᠲᠡᠭᠡᠨ ᠤ ᠡᠷᠬᠢᠨ ᠲᠣᠭᠤᠷᠢᠨ ᠤ ᠭᠠᠵᠠᠷ ᠰᠢᠷᠣᠶ ᠶᠢ 4200 ᠲᠦᠮᠡᠨ ᠮᠥ ᠲᠠᠳᠠᠪᠤᠷᠢᠯᠠᠪᠠ᠃ ᠯᠣᠤᠬ᠎ᠠ ᠶᠢᠨ | ᠭᠤᠣᠯ ᠵᠡᠭᠡᠯᠢ ᠶᠢᠨ ᠤᠰᠤᠨ ᠬᠥᠭᠡᠷᠭᠡ ᠶᠢ ᠪᠠᠷᠠᠭᠤᠨᠰᠢ ᠰᠢᠯᠵᠢᠭᠦᠯᠬᠦ ᠪᠠᠷᠢᠯᠭ᠎ᠠ ᠶᠢᠨ ᠭᠤᠣᠯ ᠴᠣᠭᠴᠠ ᠶᠢᠨ ᠠᠵᠢᠯ | ᠲᠠᠭᠤᠰᠴᠦ᠂ ᠰᠢᠷᠭᠤᠯᠵᠢ ᠶᠢᠨ ᠠᠭᠤᠯᠠᠨ ᠤ ᠬᠦᠳᠡᠭᠡ ᠶᠢᠨ ᠬᠠᠮ ᠴᠤᠬᠴᠠ ᠶᠢᠨ ᠨᠢᠭᠡᠳᠦᠭᠡᠷ ᠬᠤᠭᠤᠴᠠᠭᠠᠨ ᠤ | ᠢᠨᠵᠧᠨᠧᠷᠢᠩ ᠢ ᠪᠦᠳᠦᠬᠡᠨ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠲᠦᠭᠦᠮ ᠪᠦᠲᠦᠴᠡᠲᠦ ᠣᠷᠣᠨ ᠵᠢᠴᠢ | ᠬᠤᠲᠠ ᠶᠢᠨ ᠳᠤᠮᠳᠠᠬᠢ ᠲᠣᠰᠬᠤᠨ ᠢ 117 ᠡᠷᠦᠬᠡ ᠦᠭᠡᠷᠡᠴᠢᠯᠡᠨ᠂ 187 ᠢᠵᠢ ᠭᠡᠷ ᠪᠠᠶᠢᠰᠢᠩ ᠢ | ᠲᠥᠪᠬᠢᠨᠡᠭᠦᠯᠪᠡ᠃ ᠬᠤᠳᠠᠯᠳᠤᠭᠠᠨ ᠤ ᠣᠷᠣᠨ ᠰᠠᠭᠤᠴᠠ ᠶᠢᠨ ᠵᠢᠵᠢᠭ ᠲᠣᠭᠤᠷᠢᠭ ᠤᠨ 5 ᠭᠠᠵᠠᠷ᠂ 33.3 | ᠲᠥᠮᠡᠨ ᠲᠡᠭᠰᠢ ᠳᠥᠷᠪᠡᠯᠵᠢᠨ ᠮᠧᠲᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠃ ᠬᠤᠳᠠ ᠶᠢᠨ | ᠬᠠᠮᠢᠶᠠᠷᠤᠯᠲᠠ ᠶᠢ ᠨᠠᠷᠢᠯᠢᠭ ᠪᠥᠭᠡᠳ ᠨᠠᠷᠢᠨ ᠨᠢᠮᠪᠠᠶ ᠬᠢᠪᠡ᠃ ᠬᠤᠳᠠ ᠶᠢᠨ ᠤᠯᠠᠨ ᠨᠡᠶᠢᠳᠡ ᠶᠢᠨ ᠡᠮᠬᠢ ᠵᠢᠷᠤᠮ ᠢ | ᠵᠢᠷᠤᠮᠵᠢᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠡᠷᠡᠨ ᠰᠠᠷᠠᠪᠴᠢᠲᠦ ᠭᠡᠷ᠂ ᠦᠩᠭᠡᠲᠦ ᠲᠡᠮᠦᠷ ᠤᠨ | ᠭᠡᠷ ᠵᠡᠷᠭᠡ ᠬᠠᠤᠯᠢ ᠠᠴᠠ ᠵᠦᠷᠢᠴᠡᠨ ᠪᠠᠶᠢᠭᠤᠯᠤᠬᠰᠠᠨ ᠪᠠᠷᠢᠯᠭ᠎ᠠ ᠶᠢ 789 ᠨᠤᠷᠠᠭᠠᠵᠤ᠂ ᠵᠠᠮ ᠤᠨ ᠬᠤᠶᠠᠷ | ᠬᠠᠵᠠᠭᠤᠨ ᠤ ᠲᠡᠷᠭᠡᠨ ᠵᠣᠭᠰᠣᠭᠠᠯ ᠢ 9075 ᠵᠠᠭᠠᠭᠯᠠᠨ ᠵᠢᠷᠤᠵᠤ᠂ ᠬᠢᠳᠠᠨ ᠵᠡᠭᠡᠯᠢ ᠶᠢ ᠰᠡᠯᠪᠢᠨ ᠵᠠᠰᠠᠵᠤ | ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠂ ᠠᠷᠠᠳ ᠲᠤ ᠲᠥᠬᠦᠮ ᠦᠵᠡᠭᠦᠯᠬᠦ ᠠᠷᠪᠠᠨ ᠲᠤᠮᠤ ᠵᠠᠬ᠎ᠠ ᠳᠡᠯᠭᠡᠭᠦᠷ ᠢ | ᠪᠠᠶᠢᠭᠤᠯᠵᠤ᠂ ᠤᠰᠤᠨ ᠲᠠᠲᠠᠭᠤᠷᠲᠤ ᠵᠣᠷᠯᠣᠩ ᠢ 3 ᠰᠠᠤᠷᠢ᠂ ᠬᠤᠭ ᠨᠣᠪᠰᠢ ᠳᠠᠮᠵᠢᠭᠤᠯᠬᠤ ᠦᠷᠳᠡᠭᠡ ᠶᠢ 4 | ᠰᠠᠤᠷᠢ ᠰᠢᠨ᠎ᠡ ᠪᠠᠷ ᠪᠠᠶᠢᠭᠤᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠮᠡᠳᠡᠭᠳᠡᠬᠦ᠋ᠢᠴᠡ | ᠰᠠᠶᠢᠵᠢᠷᠠᠪᠠ᠃ ᠬᠤᠳᠠ ᠬᠥᠳᠡᠭᠡ ᠶᠢᠨ ᠰᠠᠭᠤᠷᠢ ᠪᠠᠶᠢᠭᠤᠯᠤᠯᠲᠠ ᠶᠢ ᠦᠷᠭᠦᠯᠵᠢᠯᠡᠨ ᠪᠠᠬᠢᠵᠢᠭᠦᠯᠪᠡ᠃ | ᠤᠯᠠᠭᠠᠨᠬᠠᠲᠠ ᠠᠴᠠ ᠬᠠᠷᠠᠴᠢᠨ ᠵᠡᠭᠦᠨ ᠭᠠᠷᠤᠨ ᠬᠤᠰᠢᠭᠤ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ | ᠬᠤᠯᠪᠣᠭᠠᠰᠤ ᠱᠤᠭᠤᠮ ᠤᠨ ᠵᠠᠮ ᠲᠠᠮᠦᠷ ᠳᠡᠪᠢᠰᠬᠦ᠂ ᠪᠠᠶᠢᠰᠢᠩᠲᠦ ᠠᠴᠠ ᠤᠯᠠᠭᠠᠨᠬᠠᠲᠠ ᠬᠦᠷᠬᠦ ᠲᠡᠮᠦᠷ ᠵᠠᠮ ᠤᠨ | ᠴᠠᠬᠢᠯᠭᠠᠨᠵᠢᠭᠤᠯᠤᠭᠰᠠᠨ ᠱᠤᠭᠤᠮ ᠢ ᠥᠭᠡᠷᠡᠴᠢᠯᠡᠬᠦ ᠠᠵᠢᠯ ᠳᠤ ᠪᠦᠬᠦ ᠬᠦᠴᠦ ᠪᠠᠷ ᠢᠶᠠᠨ ᠬᠠᠮᠵᠢᠯᠴᠠᠨ ᠲᠢᠶᠠᠨ ᠢ | ᠭᠠᠯᠲᠤ ᠲᠡᠷᠭᠡᠨ ᠦᠷᠲᠡᠭᠡ ᠶᠢ ᠥᠭᠡᠷᠡᠴᠢᠯᠡᠨ ᠲᠠᠰ ᠳᠡᠪᠰᠢᠭᠦᠯᠪᠡ᠃ 2.7 ᠳ᠋ᠦᠩᠰᠢᠭᠤᠷ ᠲᠥᠭᠦᠷᠢᠭ ᠢ ᠪᠡᠯᠡ | ᠤᠷᠤᠭᠤᠯᠤᠨ᠂ ᠸᠠᠩ ᠵᠢᠶᠠ ᠶᠢᠩᠽᠢ ᠠᠴᠠ ᠰᠢ ᠸᠧ ᠫᠦ᠋ ᠬᠦᠷᠬᠦ ᠵᠡᠷᠭᠡ 5 ᠵᠤᠷᠪᠤᠰ 172.8 ᠺᠢᠯᠣᠮᠧᠲᠷ ᠵᠠᠰᠠᠮᠠᠯ | ᠵᠡᠮ ᠢ ᠵᠠᠰᠠᠨ᠂ ᠲᠣᠰᠬᠤᠨ ᠪᠦᠬᠦᠨ ᠳᠤ ᠨᠡᠪᠲᠡᠷᠡᠬᠦ ᠵᠠᠰᠠᠮᠠᠯ ᠵᠠᠮ ᠢ 3 ᠵᠤᠷᠪᠤᠰ 89.1 ᠺᠢᠯᠣᠮᠧᠲᠷ ᠪᠠᠶᠢᠭᠤᠯᠵᠦ᠂ | ᠬᠥᠭᠦᠷᠭᠡ ᠶᠢ 7 ᠰᠠᠤᠷᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠪᠠ᠃ ᠤᠯᠤᠰ ᠤᠨ ᠵᠠᠮ 508 | ᠱᠤᠭᠤᠮ ᠰᠢᠶᠤᠤ ᠴᠧᠩ ᠽᠢ ᠠᠴᠠ ᠬᠠᠷᠠᠬᠤᠲᠠ ᠬᠦᠷᠬᠦ ᠵᠠᠰᠠᠮᠠᠯ ᠵᠠᠮ ᠤᠨ ᠭᠠᠵᠠᠷ ᠰᠢᠷᠣᠶ ᠶᠢ ᠲᠠᠲᠠᠪᠤᠷᠢᠯᠠᠨ | ᠨᠤᠷᠠᠭᠠᠵᠤ ᠨᠡᠭᠦᠯᠭᠡᠬᠦ ᠠᠵᠢᠯ ᠢ ᠪᠡᠶᠡᠯᠡᠭᠦᠯᠵᠦ᠂ ᠮᠤᠵᠢ ᠶᠢᠨ ᠵᠡᠮ 505 ᠱᠤᠭᠤᠮ ᠬᠠᠷᠠᠬᠤᠲᠠ ᠶᠢᠨ ᠠᠷᠪᠠᠨ | ᠭᠡᠷ ᠠᠴᠠ ᠬᠤᠷᠬᠤᠭ ᠤᠨ ᠳ᠋ᠠ ᠪᠠ ᠭᠧᠦ ᠬᠦᠷᠬᠦ ᠵᠠᠰᠠᠮᠠᠯ ᠵᠠᠮ ᠢ ᠶᠠᠭ ᠲᠠᠲᠠᠪᠤᠷᠢᠯᠠᠨ ᠨᠤᠷᠠᠭᠠᠵᠤ ᠨᠡᠭᠦᠯᠭᠡᠵᠦ᠂ ᠢᠦᠢ | ᠬᠤᠸᠠᠩ ᠯᠢᠶᠠᠩ ︵ᠯᠥᠩ ᠲᠠᠨ ᠢ ᠦᠩᠭᠡᠷᠡᠭᠡᠨ︶ ᠠᠴᠠ ᠰᠣᠩᠭᠢᠨ᠎ᠠ ᠶᠢᠨ ᠭᠤᠤ ᠬᠦᠷᠬᠦ ᠵᠠᠰᠠᠮᠠᠯ ᠵᠠᠮ ᠤᠨ ᠡᠮᠦᠨᠡᠬᠢ | ᠬᠤᠭᠤᠴᠠᠭᠠᠨ ᠤ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ᠃ ᠬᠥᠳᠡᠭᠡ ᠲᠣᠰᠬᠤᠨ ᠤ ᠴᠠᠬᠢᠯᠭᠠᠨ ᠲᠣᠣᠷ ᠢ | ᠲᠥᠯᠥᠪᠯᠡᠨ ᠥᠭᠡᠷᠡᠴᠢᠯᠡᠬᠦ ᠪᠠᠷᠢᠯᠭ᠎ᠠ ᠶᠢᠨ 3 ᠵᠦᠢᠯ ᠢ ᠪᠡᠶᠡᠯᠡᠭᠦᠯᠵᠦ᠂ ᠬᠥᠳᠡᠭᠡ ᠲᠣᠰᠬᠤᠨ ᠤ ᠴᠠᠬᠢᠯᠭᠠᠨ | ᠲᠣᠣᠷ ᠤᠨ ᠢᠨᠵᠧᠨᠧᠷᠢᠩ ᠤᠨ ᠪᠦᠬᠦᠯᠢ ᠴᠣᠭᠴᠠ ᠶᠢᠨ ᠰᠢᠯᠭᠠᠨ ᠠᠪᠤᠯᠲᠠ ᠶᠢ ᠦᠩᠭᠡᠷᠡᠭᠡᠪᠡ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠭᠤᠣᠯᠳᠠᠯᠭ᠎ᠠ ᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ᠤᠯᠤᠰ ᠪᠣᠯᠤᠨ ᠣᠷᠣᠨ ᠨᠤᠲᠤᠭ ᠤᠨ ᠭᠠᠶᠢᠯᠢ ᠶᠢᠨ | ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢ ᠵᠣᠬᠢᠶᠠᠨ ᠪᠠᠶᠢᠭᠤᠯᠪᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠪᠡᠶᠡᠴᠢ | ᠴᠣᠭᠴᠠ 5746 ᠡᠷᠤᠭᠡ᠃ ᠬᠥᠳᠡᠭᠡ ᠲᠣᠰᠬᠤᠨ ᠤ ︽ᠭᠤᠷᠪᠠᠨ ᠬᠤᠪᠢᠷᠠᠭᠤᠯᠬᠤ︾ ᠥᠭᠡᠷᠡᠴᠢᠯᠡᠯᠲᠡ ᠶᠢ | ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ | ᠬᠠᠷᠭᠤᠭᠤᠯᠬᠤ ᠠᠵᠢᠯ ᠢ ᠡᠬᠢᠯᠡᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ | ᠲᠣᠭᠲᠠᠭᠠᠵᠤ ᠦᠨᠡᠮᠯᠡᠯ ᠣᠯᠭᠤᠬᠤ ᠠᠵᠢᠯ ᠢ ᠲᠠᠭᠤᠰᠬᠠᠪᠠ᠃ ᠬᠥᠳᠡᠭᠡ ᠲᠣᠰᠬᠤᠨ ᠤ ᠤᠲᠠᠰᠤᠲᠤ ᠲᠧᠯᠸᠢᠰ ᠤᠨ | ᠲᠣᠣᠷ ᠢ ᠡᠮᠬᠢᠯᠡᠨ ᠨᠡᠶᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠰᠢᠨ᠎ᠡ ᠬᠡᠯᠪᠡᠷᠢ ᠶᠢᠨ ᠦᠨᠳᠦᠰᠦᠨ ᠱᠠᠲᠤᠨ ᠤ | ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ᠃ ᠠᠷᠠᠯᠵᠢᠶᠠᠴᠢᠨ ᠤᠷᠢᠵᠤ | ᠪᠠᠯᠠ ᠤᠷᠤᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠠᠷᠠᠯᠵᠢᠶᠠᠴᠢᠨ ᠤᠷᠢᠵᠤ ᠪᠠᠯᠠ ᠤᠷᠤᠭᠤᠯᠬᠤ ︽ | ᠡᠪᠦᠯ ᠤᠨ ᠤᠯᠠᠷᠢᠯ ᠤᠨ ᠠᠵᠢᠯᠯᠠᠭᠠᠨ︾ ᠢ ᠭᠦᠨᠵᠡᠭᠡᠶ ᠥᠷᠨᠢᠭᠦᠯᠵᠦ᠂ ᠠᠷᠠᠯᠵᠢᠶᠠᠴᠢᠨ ᠤᠷᠢᠬᠤ ᠲᠦᠷᠦᠯ ᠵᠦᠢᠯ ᠢ | 36 ᠵᠤᠷᠪᠤᠰ ᠬᠡᠷᠡᠭᠵᠢᠭᠦᠯᠵᠦ᠂ ᠡᠭᠦᠨ ᠤ ᠳᠣᠲᠣᠷ᠎ᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠤᠶᠢᠯ | 10 ᠪᠠᠶᠢᠵᠦ᠂ ᠬᠡᠯᠡᠯᠴᠡᠭᠡᠷ ᠲᠠᠬᠢ ᠤᠷᠢᠬᠰᠠᠨ ᠪᠡᠯᠡ ᠮᠥᠩᠭᠦ 102.6 ᠳ᠋ᠦᠩᠰᠢᠭᠤᠷ ᠲᠥᠭᠦᠷᠢᠭ᠂ 36 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ︽ᠣᠷᠣᠨ ᠠᠯᠤᠰᠯᠠᠭᠰᠠᠨ ᠠᠵᠤ ᠠᠬᠤᠢ︾ | ᠶᠢᠨ ᠲᠥᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠵᠦ᠂ ᠵᠢᠯ ᠤᠨ ᠭᠠᠷᠤᠯᠲᠠ 100 ᠲᠦᠮᠡᠨ ᠲᠣᠨ | ᠬᠠᠶᠢᠯᠤᠰᠢ ᠶᠢᠨ ᠲᠦᠷᠦᠯ ᠵᠦᠢᠯ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠲᠤ ᠰᠠᠭᠤᠷᠢᠰᠢᠪᠡ᠃ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠪᠠ ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠲᠦᠯᠬᠢᠨ | ᠠᠬᠢᠭᠤᠯᠵᠤ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ ᠠᠯᠪᠠᠨ ᠭᠡᠷ ᠢ ᠪᠠᠶᠢᠭᠤᠯᠵᠦ᠂ | 7104 ᠵᠤᠷᠪᠤᠰ ᠡᠷᠬᠡ ᠶᠢᠨ ᠶᠠᠪᠤᠳᠠᠯ ᠢ ᠡᠮᠬᠢᠯᠡᠵᠦ ᠲᠢᠭᠯᠡᠨ᠂ ᠭᠡᠷᠡᠴᠢᠯᠡᠯ ᠤᠨ ᠵᠤᠶᠢᠯ ᠢ 9 ᠵᠤᠷᠪᠤᠰ ᠬᠦᠴᠦᠨ | ᠦᠭᠡᠢ ᠪᠣᠯᠭᠠᠵᠤ᠂ ︽ᠨᠠᠢᠮᠠᠨ ᠨᠠᠷᠢᠨ ᠬᠠᠭᠤᠳᠠᠰᠤ︾ ᠪᠠ ︽ᠲᠥᠷᠪᠡᠨ ᠬᠦᠢᠴᠡᠳᠭᠡᠬᠦ ᠨᠠᠷᠢᠨ ᠬᠠᠭᠤᠳᠠᠰᠤ︾ ᠶᠢ | ᠨᠡᠶᠢᠲᠡᠯᠡᠪᠡ᠃ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠨᠠᠶᠢᠳᠠᠪᠤᠷᠢᠵᠢᠭᠤᠯᠬᠤ︾ ᠥᠭᠡᠷᠡᠴᠢᠯᠡᠯᠲᠡ ᠶᠢ | ᠬᠦᠴᠦᠲᠡᠶ ᠲᠦᠯᠬᠢᠨ ᠠᠬᠢᠭᠤᠯᠵᠤ᠂ ᠲᠥᠷᠥᠯ ᠵᠤᠶᠢᠯ ᠢ ᠨᠡᠶᠢᠯᠡᠭᠦᠯᠦᠨ ᠬᠠᠮᠲᠤᠷᠠᠭᠤᠯᠵᠤ ᠬᠢᠨᠠᠨ ᠵᠥᠪᠰᠢᠶᠡᠷᠡᠬᠦ᠂ | ᠲᠣᠭᠲᠠᠮᠠᠯ ᠬᠦᠷᠤᠩᠬᠡ ᠶᠢ ᠳᠠᠩᠰᠠᠯᠠᠬᠤ ᠵᠡᠷᠭᠡ ︽ᠨᠢᠭᠡ ᠥᠷᠲᠡᠭᠡᠨ ᠮᠠᠶ᠋ᠢᠭ︾ ᠤᠨ ᠤᠶᠢᠯᠡᠴᠢᠯᠡᠭᠡᠨ ᠤ ᠲᠠᠪᠴᠠᠩ ᠢ | 4 ᠵᠣᠬᠢᠶᠠᠨ ᠪᠠᠶᠢᠭᠤᠯᠵᠦ᠂ ᠲᠦᠷᠦᠭᠦᠦ ᠲᠥᠯᠥᠭᠡᠯᠡᠭᠴᠢ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠪᠦᠬᠦ | ᠶᠠᠪᠤᠴᠠ ᠶᠢ ᠳᠠᠭᠠᠭᠤᠯᠤᠨ ᠬᠦᠢᠴᠡᠳᠭᠡᠭᠦ ᠪᠠ ᠣᠷᠣᠯᠠᠨ ᠬᠦᠢᠴᠡᠳᠭᠡᠭᠦ ᠤᠶᠢᠯᠡᠴᠢᠯᠡᠭᠡ ᠶᠢ ᠬᠠᠩᠭᠠᠵᠤ᠂ ᠬᠢᠨᠠᠨ | ᠵᠥᠪᠰᠢᠶᠡᠷᠡᠬᠦ ᠭᠤᠭᠴᠤᠭ᠎ᠠ ᠪᠣᠯᠤᠨ ᠮᠡᠳᠡᠭᠦᠯᠬᠦ ᠮᠠᠲ᠋ᠧᠷᠢᠶᠠᠯ ᠢ 30 % ᠪᠠᠷ ᠪᠠᠭᠠᠰᠬᠠᠵᠤ᠂ ᠤᠴᠢᠷ ᠶᠠᠪᠤᠳᠡᠯ ᠢ | ᠰᠢᠢᠳᠪᠤᠷᠢᠯᠡᠨ ᠳᠠᠭᠤᠰᠬᠠᠬᠤ ᠴᠠᠭ ᠬᠤᠭᠤᠴᠠᠭ᠎ᠠ ᠶᠢ 50% ᠪᠠᠷ ᠪᠠᠭᠠᠰᠬᠠᠵᠤ᠂ ︽ᠨᠢᠭᠡ ᠭᠠᠵᠠᠷ ᠲᠤ ᠪᠦᠬᠦ | ᠬᠡᠷᠡᠭ ᠢ ᠬᠦᠢᠴᠡᠳᠭᠡᠬᠦ︾ ᠬᠠᠷᠠᠯᠲᠠ ᠶᠢ ᠪᠡᠶᠡᠯᠡᠭᠦᠯᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠨᠠᠩ ᠢᠯᠡᠭᠦᠤ ᠪᠠᠲᠤᠯᠠᠭ᠎ᠠ ᠲᠠᠢ ᠪᠣᠯᠭᠠᠪᠠ᠃ ᠨᠡᠶᠢᠭᠡᠮ ᠤᠨ ᠦᠢᠯᠡᠰ | ᠪᠦᠬᠦ ᠲᠠᠯ᠎ᠠ ᠪᠠᠷ ᠲᠠᠪᠰᠢᠪᠠ᠃ 2.8 ᠳ᠋ᠦᠩᠰᠢᠭᠤᠷ ᠲᠥᠭᠦᠷᠢᠭ ᠢ ᠪᠡᠯᠡ ᠤᠷᠤᠭᠤᠯᠤᠨ᠂ ᠰᠤᠷᠭᠠᠭᠤᠯᠢ ᠶᠢᠨ | ᠪᠠᠶᠢᠷᠢ ᠶᠢ 11.9 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠤᠨ᠂ ᠲᠥᠷᠪᠡᠳᠤᠭᠡᠷ ᠪᠠᠭ᠎ᠠ | ᠰᠤᠷᠭᠠᠭᠤᠯᠢ᠂ ᠲᠥᠷᠪᠡᠳᠤᠭᠡᠷ ᠬᠡᠤᠭᠡᠳ ᠤᠨ ᠴᠡᠴᠡᠷᠯᠢᠭ ᠠᠰᠢᠭᠯᠠᠯᠲᠠ ᠳᠤ ᠤᠷᠤᠵᠦ᠂ ᠲᠢᠶᠠᠨ ᠰᠢᠩ ᠵᠡᠷᠭᠡ ᠶᠡᠭᠡ | ᠬᠡᠪᠴᠢᠶᠡᠨ ᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 3 ᠰᠠᠤᠷᠢ ᠰᠢᠨ᠎ᠡ ᠪᠠᠷ ᠪᠠᠶᠢᠭᠤᠯᠤᠭᠰᠠᠨ ᠪᠤᠶᠤ | ᠦᠷᠭᠦᠯᠵᠢᠯᠡᠨ ᠪᠠᠶᠢᠭᠤᠯᠪᠠ᠃ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠵᠢᠩᠬᠢᠨᠢ ᠠᠩᠭᠢ ᠳᠤ | ᠡᠯᠰᠡᠭᠳᠡᠭᠰᠡᠨ ᠰᠤᠷᠤᠬᠴᠢ 763 ᠬᠥᠮᠦᠨ᠂ ᠴᠢᠩᠬᠤᠸᠠ ᠶᠡᠭᠡ ᠰᠤᠷᠭᠠᠭᠤᠯᠢ ᠳᠤ 1 ᠰᠤᠷᠤᠬᠴᠢ᠂ ᠪᠡᠭᠡᠵᠢᠩ ᠶᠡᠭᠡ | ᠰᠤᠷᠭᠠᠭᠤᠯᠢ ᠳᠤ 3 ᠰᠤᠷᠤᠬᠴᠢ ᠡᠯᠰᠡᠭᠳᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ 5 | ᠰᠤᠷᠤᠬᠴᠢ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠵᠤᠸᠠᠩᠶᠤᠸᠠᠨ ᠢᠶᠠᠷ ᠦᠨᠡᠯᠡᠭᠳᠡᠪᠡ᠃ ︽ᠰᠠᠢ | ᠹᠸᠢ ᠶᠠ ᠲᠠᠯ᠎ᠠ ᠨᠤᠲᠤᠭ ᠤᠨ ᠨᠣᠭᠤᠰᠣᠨ ᠤ ᠰᠢᠨ᠎ᠡ ᠡᠭᠦᠯᠳᠡᠷ ᠤᠨ ᠲᠦᠬᠦᠷᠵᠢᠭᠰᠡᠨ ᠰᠢᠰᠲ᠋ᠧᠮ︾ ᠤᠯᠤᠰ ᠤᠨ | ᠰᠢᠨ᠎ᠡ ᠡᠭᠦᠯᠳᠡᠷ ᠤᠨ ᠮᠠᠭᠠᠳᠯᠠᠨ ᠲᠣᠬᠳᠠᠭᠠᠯᠲᠠ ᠶᠢ ᠦᠩᠭᠡᠷᠡᠭᠡᠨ᠂ ᠤᠯᠤᠰ ᠤᠨ ᠳᠣᠲᠣᠭᠠᠳᠤ ᠶᠢᠨ ᠴᠠᠭᠠᠨ | ᠨᠤᠯᠤᠤᠷᠲᠦ ᠢᠳᠡᠰᠢᠨ ᠨᠤᠭᠤᠰᠤ ᠶᠢᠨ ᠡᠭᠦᠯᠳᠡᠷ ᠤᠨ ᠦᠷ᠎ᠡ ᠦᠭᠡᠶ ᠬᠤᠭᠤᠰᠣᠨ ᠢ ᠨᠥᠬᠦᠪᠦᠷᠢᠯᠡᠪᠡ᠂ ᠯᠢᠶᠤᠤ ᠵᠦᠩ | ᠵᠢᠩ ︵ᠰᠢᠨᠵᠢᠯᠡᠬᠦ ᠤᠬᠠᠭᠠᠨ ᠮᠡᠷᠭᠡᠵᠢᠯ ᠨᠢ︶ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠴᠢᠬᠤᠯᠠ ᠶᠡᠭᠡ ᠲᠤᠰᠬᠠᠶ ᠵᠦᠢᠯᠡᠰ ᠢ ᠬᠦᠷᠲᠡᠪᠡ᠃ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 120 ᠭᠠᠷᠤᠶ ᠲᠠᠯᠠᠪᠤᠷ ᠡᠷᠬᠢᠯᠡᠨ᠂ | ᠮᠠᠨᠳᠠᠷᠠᠸ᠎ᠠ ᠬᠤᠸᠠᠷ ᠤᠨ ᠨᠠᠶᠢᠷ᠂ ᠬᠦᠢᠯᠡᠰᠦᠨ ᠬᠤᠸᠠᠷ ᠤᠨ ᠨᠠᠶᠢᠷ ᠵᠡᠷᠭᠡ ᠡᠯ᠎ᠡ ᠲᠥᠷᠥᠯ ᠤᠨ ᠭᠤᠤᠯ ᠰᠡᠳᠦᠪᠲᠦ | ᠰᠣᠶᠣᠯ ᠤᠨ ᠨᠠᠶᠢᠷ ︽ᠪᠦᠬᠦᠨ ᠢᠶᠠᠷ ᠢᠶᠠᠨ ᠵᠡᠷᠭᠡᠪᠡᠷ ᠲᠡᠯᠭᠡᠷᠡᠪᠡ︾᠃ ᠥᠪᠡᠷᠲᠡᠭᠡᠨ ᠵᠠᠰᠠᠬᠤ ᠣᠷᠣᠨ ᠤ ᠡᠷᠡᠭᠦᠯ | ᠡᠩᠬᠡ ᠪᠠᠷ ᠰᠢᠶᠠᠨ ᠢ ᠠᠬᠢᠭᠤᠯᠬᠤ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠥᠪᠡᠷᠲᠡᠭᠡᠨ | ᠵᠠᠰᠠᠬᠤ ᠣᠷᠣᠨ ᠤ ᠠᠷᠢᠭᠤᠨ ᠴᠡᠪᠡᠷ ᠬᠤᠲᠠ ᠶᠢᠨ ᠳᠠᠬᠢᠨ ᠬᠢᠨᠠᠯᠲᠠ ᠶᠢ ᠦᠩᠭᠡᠷᠡᠭᠡᠨ᠂ ᠰᠢᠶᠠᠨ ᠤ ᠡᠮᠨᠡᠯᠭᠡ ᠶᠢᠨ | ᠬᠤᠷᠢᠶ᠎ᠠ ᠨᠢ ︽ᠪᠦᠬᠦ ᠤᠯᠤᠰ ᠤᠨ ᠡᠮ ᠡᠮᠨᠡᠯᠭᠡ ᠶᠢᠨ ᠰᠢᠯᠢᠳᠡᠭ ᠦᠢᠯᠡᠴᠢᠯᠡᠭᠡᠨ ᠤ ᠵᠢᠱᠢᠶ᠎ᠡ ᠦᠵᠡᠭᠦᠯᠬᠦ | ᠡᠮᠨᠡᠯᠭᠡ ᠶᠢᠨ ᠬᠤᠷᠢᠶ᠎ᠠ︾ ︽ᠪᠦᠬᠦ ᠤᠯᠤᠰ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ ᠡᠮᠨᠡᠯᠭᠡ ᠶᠢᠨ | ᠬᠤᠷᠢᠶ᠎ᠠ︾ ᠪᠠᠷ ᠦᠨᠡᠯᠡᠭᠳᠡᠵᠦ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠡ ᠨᠢ ᠪᠦᠬᠦ ᠣᠷᠣᠨ ᠤ ᠣᠯᠠᠨ | ᠲᠦᠮᠡᠨ ᠳᠤ ᠤᠶᠢᠯᠡᠴᠢᠯᠡᠬᠦ ᠡᠷᠡᠭᠦᠯ ᠮᠡᠨᠳᠦ ᠶᠢᠨ ᠲᠡᠷᠢᠭᠦᠨ ᠤ ᠬᠠᠮᠲᠤ ᠪᠠᠷ ᠦᠨᠡᠯᠡᠭᠳᠡᠪᠡ᠃ ᠨᠡᠶᠢᠭᠡᠮ ᠤᠨ ᠪᠠᠲᠤᠯᠠᠭ᠎ᠠ | ᠲᠣᠭᠲᠠᠭᠤᠨ ᠢᠶᠠᠷ ᠳᠡᠭᠡᠭᠰᠢᠯᠡᠪᠡ᠃ ᠬᠤᠲᠠ ᠬᠥᠳᠡᠭᠡ ᠶᠢᠨ ᠠᠵᠢᠯ ᠣᠯᠭᠤᠯᠲᠠ ᠳᠤ 2001 ᠬᠥᠮᠥᠨ ᠰᠢᠨ᠎ᠡ ᠪᠠᠷ | ᠨᠡᠮᠡᠭᠳᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ 442 ᠬᠥᠮᠦᠨ ᠢ ᠲᠤᠬᠢᠷᠠᠭᠤᠯᠪᠠ᠃ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ | ᠦᠷᠭᠦᠯᠵᠢᠯᠡᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠪᠤᠷᠠᠨ ᠲᠤᠰᠠᠯᠠᠬᠤ ᠮᠥᠩᠭᠦ ᠶᠢ 2.3 ᠳ᠋ᠦᠩᠰᠢᠭᠤᠷ | ᠲᠥᠭᠦᠷᠢᠭ ᠤᠯᠭᠤᠨ᠂ ᠣᠨᠴᠠ ᠬᠦᠴᠢᠷᠳᠡᠯᠲᠡᠶ ᠣᠯᠠᠨ ᠲᠦᠮᠡᠨ ᠢ 13 ᠲᠥᠮᠠᠨ ᠬᠥᠮᠦᠨ ᠤᠳᠠᠭ᠎ᠠ ᠬᠠᠷᠠᠭᠠᠯᠵᠠᠪᠠ᠃ | ᠵᠣᠯ ᠵᠢᠷᠭᠠᠯᠲᠦ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢ ᠪᠠᠶᠢᠭᠤᠯᠵᠤ᠂ ᠣᠷᠣᠰᠢᠭᠤᠯᠭ᠎ᠠ ᠶᠢᠨ | ᠦᠢᠯᠡᠴᠢᠯᠡᠭᠡᠨ ᠤ ᠲᠥᠪ ᠭᠠᠷᠳᠠᠮ ᠢᠶᠠᠨ ᠬᠦᠢᠴᠡᠳᠭᠡᠵᠦ ᠲᠠᠭᠤᠰᠪᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠦᠷ᠎ᠡ ᠪᠦᠲᠦᠭᠡᠯ ᠢ ᠪᠠᠬᠢᠵᠢᠭᠦᠯᠵᠦ᠂ ᠨᠠᠰᠤᠵᠢᠯ ᠤᠨ ᠠᠰᠠᠷᠠᠮᠵᠢ ᠪᠠ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠬᠥᠮᠦᠨ ᠤ ᠲᠤᠭ᠎ᠠ ᠲᠤᠰ ᠲᠤᠰ 32.5 ᠲᠦᠮᠡᠨ ᠬᠥᠮᠦᠨ ᠪᠠ 51 ᠲᠦᠮᠡᠨ ᠬᠥᠮᠦᠨ ᠪᠠᠶᠢᠨ᠎ᠠ᠃ | ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠲᠡᠰᠦᠷᠡᠯᠳᠠ ᠤᠢᠭᠡᠢ ᠰᠢᠨ᠎ᠡ ᠶᠢ ᠡᠭᠦᠳᠪᠡ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠢᠳᠡᠪᠬᠢᠲᠡᠶ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠠᠮᠤᠷ | ᠲᠦᠪᠰᠢᠨ ᠪᠠ ᠨᠡᠶᠢᠭᠡᠮ ᠤᠨ ᠡᠮᠬᠢ ᠵᠢᠷᠤᠮ ᠦᠷᠭᠦᠯᠵᠢᠯᠡᠨ ᠲᠣᠭᠲᠠᠭᠤᠨ ᠪᠠᠶᠢᠨ᠎ᠠ᠃ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ ᠰᠢᠢᠳᠪᠤᠷᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ | ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ 527 ᠵᠤᠶᠢᠯ᠂ ᠳᠠᠷᠤᠭᠳᠠᠮᠠᠯ ᠬᠡᠷᠡᠭ ᠢ 146 ᠵᠤᠶᠢᠯ ᠰᠢᠢᠳᠪᠤᠷᠢᠯᠡᠪᠡ᠃ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠷᠭ᠎ᠠ ᠬᠡᠯᠪᠡᠷᠢ ᠰᠢᠨ᠎ᠡ ᠶᠢ ᠡᠭᠦᠳᠦᠨ᠂ ᠪᠦᠬᠦ ᠣᠷᠣᠨ ᠤ | ᠠᠩᠬᠠᠳᠠᠭᠴᠢ ᠰᠠᠯᠠᠭ᠎ᠠ ᠬᠠᠤᠯᠢ ᠪᠠᠷ ᠵᠠᠰᠠᠬᠤ ᠤᠯᠠᠭᠠᠨᠮᠥ᠋ᠴᠢᠷ ᠢ ᠪᠠᠶᠢᠭᠤᠯᠪᠠ᠃ ᠠᠶᠤᠯᠬᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠬᠦᠢ ᠦᠢᠯᠡᠳᠪᠦᠷᠢᠯᠡᠯ ᠤᠨ | ᠶᠡᠭᠡ ᠪᠠᠶᠢᠴᠠᠭᠠᠯᠲᠠ ᠶᠡᠭᠡ ᠵᠠᠰᠠᠯᠲᠠ ᠬᠠᠤᠯᠢ ᠴᠢᠩᠭ᠎ᠠ ᠬᠡᠷᠡᠭᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ | ᠲᠥᠷᠥᠯ ᠤᠨ ᠳᠠᠯᠳᠠ ᠭᠡᠮ ᠪᠣᠯᠤᠨ ᠠᠰᠠᠭᠤᠳᠠᠯ ᠢ 2302 ᠵᠤᠷᠪᠤᠰ ᠪᠠᠶᠢᠴᠠᠭᠠᠨ᠂ ᠪᠦᠬᠦᠨ ᠢ ᠬᠤᠭᠤᠴᠠᠭ᠎ᠠ | ᠲᠣᠭᠲᠠᠭᠠᠨ ᠴᠡᠭᠴᠡᠯᠡᠨ ᠰᠠᠶᠢᠵᠢᠷᠠᠭᠤᠯᠪᠠ᠃ ︽ᠲᠦᠭᠦᠭᠡᠷᠤᠮᠵᠢᠲᠦ ᠲᠡᠷᠢᠶᠠᠯᠠᠩ ᠳᠤ ᠲᠤᠬᠳᠠᠬᠰᠠᠨ ᠰᠠᠭᠤᠴᠠ︾ ᠶᠢᠨ | ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠢᠳᠡᠭᠡᠨ ᠪᠠ ᠡᠮ ᠤᠨ | ᠵᠤᠶᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠂ ᠠᠹᠷᠢᠺᠠ ᠲᠢᠪ ᠤᠨ | ᠭᠠᠭ᠋ᠠᠶ ᠶᠢᠨ ᠬᠢᠵᠢᠭ ᠤᠨ ᠬᠢᠵᠢᠭ ᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠨ᠂ ᠤᠯᠠᠨ | ᠨᠡᠶᠢᠲᠡ ᠶᠢᠨ ᠠᠮᠤᠷ ᠲᠥᠪᠰᠢᠨ ᠤ ᠪᠠᠶᠢᠳᠠᠯ ᠶᠡᠷᠣᠩᠬᠡᠢ ᠳᠤ ᠪᠠᠨ ᠲᠤᠬᠳᠠᠭᠤᠨ᠃ | ᠨᠢᠭᠡ ᠵᠢᠯ ᠤᠨ ᠲᠤᠷᠰᠢ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠣᠬᠤᠯᠠᠪᠤᠷᠢ | ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ | ︾ ᠢ ᠪᠠᠲᠤ ᠪᠠᠬᠢ ᠪᠤᠢ ᠪᠣᠯᠭᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ᠤᠯᠤᠰ ᠲᠦᠷᠦ ᠶᠢᠨ | ᠵᠣᠭᠰᠣᠴᠠ ᠪᠠ ᠤᠯᠤᠰ ᠲᠦᠷᠦ ᠶᠢᠨ ᠤᠬᠠᠮᠰᠠᠷ ᠢᠯᠡᠳᠲᠡ ᠳᠡᠭᠡᠭᠰᠢᠯᠡᠪᠡ᠃ ᠲᠥᠪ ᠬᠤᠷᠢᠶᠠᠨ ᠤ ᠨᠠᠢᠮᠠᠨ ᠵᠤᠷᠪᠤᠰ | ᠲᠣᠭᠲᠠᠭᠠᠯ ᠵᠢᠴᠢ ᠲᠡᠬᠦᠨ ᠤ ᠬᠡᠷᠩᠵᠢᠬᠦᠯᠬᠦ ᠨᠠᠷᠢᠨ ᠲᠦᠷᠢᠮ ᠪᠣᠯᠤᠨ ᠣᠷᠣᠨ ᠬᠤᠲᠠ ᠰᠢᠶᠠᠨ ᠤ | ᠲᠦᠬᠦᠷᠵᠢᠬᠦᠯᠦᠭᠰᠡᠨ ᠲᠣᠭᠲᠠᠭᠠᠯ ᠢ ᠬᠡᠷᠩᠵᠢᠭᠦᠯᠵᠦ᠂ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ | ᠵᠠᠰᠠᠭ ᠤᠨ ᠰᠤᠷᠲᠠᠯ ᠠᠵᠢᠯ ᠤᠨ ᠰᠤᠷᠲᠠᠯ ᠤᠨ ᠬᠤᠪᠢᠷᠠᠯᠲᠠ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠡᠰᠦᠷᠡᠯᠳᠠ ᠤᠢᠭᠡᠢ ᠴᠢᠩᠭᠠᠳᠬᠠᠪᠠ᠃ ᠬᠠᠤᠯᠢ ᠶᠣᠰᠣᠭᠠᠷ | ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠤᠷᠢᠲᠥ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠦ᠂ | ᠰᠠᠨᠠᠭᠠᠴᠢᠯᠠᠭ᠎ᠠ ᠠᠴᠠ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ ᠬᠢᠵᠦ᠂ | ᠤᠯᠤᠰ ᠲᠦᠷᠦ ᠶᠢᠨ ᠵᠥᠪᠯᠡᠯᠭᠡᠨ ᠤ ᠬᠤᠭᠤᠷᠣᠨᠳᠣᠬᠢ ᠬᠠᠷᠢᠯᠴᠠᠭ᠎ᠠ ᠪᠠ ᠠᠷᠠᠳᠴᠢᠯᠠᠯ ᠢᠶᠠᠷ ᠵᠥᠪᠳᠡᠯᠴᠡᠬᠦ ᠶᠢ | ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠤᠨ ᠳᠤᠷᠠᠳᠤᠯᠭ᠎ᠠ ᠶᠢ 425 ᠵᠤᠶᠢᠯ ᠬᠦᠢᠴᠡᠳᠭᠡᠪᠡ᠃ ᠡᠳ᠋ ᠤᠨ | ᠵᠠᠰᠠᠭ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠳ᠋ ᠤᠨ ᠵᠠᠰᠠᠭ ᠤᠨ | ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠪᠠ ᠬᠢᠨᠠᠨ | ᠪᠤᠳᠤᠵᠤ ᠬᠢᠨᠠᠯᠲᠠ ᠲᠠᠯᠪᠢᠬᠤ ᠪᠠᠷ ᠳᠠᠮᠵᠢᠭᠤᠯᠤᠨ 1.52 ᠳ᠋ᠥᠩᠰᠢᠭᠤᠷ ᠲᠥᠭᠦᠷᠢᠭ ᠪᠡᠯᠡ ᠮᠥᠩᠭᠦ ᠶᠢ ᠠᠷᠪᠢᠯᠠᠪᠠ᠃ | ᠦᠨᠳᠦᠰᠦᠲᠡᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ | ᠠᠷᠠᠳ ᠤᠨ ᠵᠡᠪᠰᠡᠭᠲᠦ ᠬᠦᠴᠦᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠠᠭᠤᠷᠬᠠᠶ ᠶᠢᠨ ᠭᠠᠷᠤᠯᠲᠠ ᠶᠢᠨ ᠬᠢᠨᠠᠨ ᠬᠠᠮᠢᠶᠠᠷᠬᠤ᠂ ᠠᠵᠢᠯᠳᠠᠨ ᠤ | ᠶᠠᠪᠤᠳᠠᠯ ᠴᠢᠳᠠᠪᠤᠷᠢᠲᠠᠨ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠤᠭ᠎ᠠ ᠪᠦᠷᠢᠳᠬᠡᠯ᠂ ᠳᠠᠩᠰᠠ ᠡᠪᠬᠡᠮᠡᠯ ᠵᠡᠷᠭᠡ | ᠠᠵᠢᠯ ᠴᠥᠮ ᠰᠢᠨ᠎ᠡ ᠦᠷ᠎ᠡ ᠪᠦᠲᠦᠮᠵᠢ ᠤᠯᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠪᠣᠯ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠰᠢᠶᠠᠨ ᠤ ᠨᠠᠮ ᠤᠨ ᠬᠤᠷᠢᠶᠠᠨ ᠤ | ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠳᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠮᠥᠨ᠂ ᠪᠦᠬᠦ | ᠰᠢᠶᠠᠨ ᠤ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠡ᠊ᠨᠳᠡ ᠪᠢ ᠰᠢᠶᠠᠨ ᠤ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠰᠢᠶᠠᠨ ᠤ ᠡᠯ᠎ᠡ ᠦᠨᠳᠦᠰᠦᠲᠡᠨ ᠤ ᠠᠷᠠᠳ ᠲᠦᠮᠡᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ ᠤᠯᠤᠰ ᠲᠦ᠋ᠷᠦ ᠶᠢᠨ ᠵᠥᠪᠯᠡᠯᠭᠡᠨ ᠤ | ᠭᠡᠰᠢᠭᠦᠳ᠂ ᠨᠢᠩᠴᠧᠩ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠡᠶᠢᠭᠡᠮ ᠤᠨ ᠡᠯ᠎ᠡ | ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ | ᠪᠠᠶᠢᠨ᠎ᠠ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠮᠠᠨ ᠤ ᠰᠢᠶᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠪᠠᠰᠠ ᠵᠠᠷᠢᠮ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠪᠠᠶᠢᠨ᠎ᠠ | ᠂ ᠡᠭᠦᠨ ᠳᠤ ᠭᠤᠣᠯᠳᠠᠭᠤ᠄ ᠠᠵᠤ ᠠᠬᠤᠶ ᠶᠢ ᠬᠦᠭᠵᠢᠯᠲᠡ ᠶᠢᠨ ᠪᠦᠬᠦ ᠴᠤᠬᠴᠠ ᠶᠢᠨ ᠴᠢᠨᠠᠷ ᠴᠢᠨᠰᠠᠭ᠎ᠠ ᠨᠢ ᠥᠨᠳᠥᠷ | ᠪᠢᠰᠢ᠂ ᠠᠵᠤ ᠤᠶᠢᠯᠡᠰ ᠤᠨ ᠬᠥᠭᠵᠢᠯᠲᠡ ᠲᠡᠭᠦᠯᠳᠡᠷ ᠪᠤᠰᠤ᠂ ᠪᠣᠳᠠᠲᠤ ᠴᠣᠭᠴᠠ ᠶᠢᠨ ᠠᠵᠤ ᠠᠬᠤᠶ ᠳᠤ ᠪᠠᠰᠠ | ᠡᠳᠦᠶ ᠲᠡᠳᠦᠶ ᠬᠦᠴᠢᠷᠳᠡᠯ ᠲᠤᠯᠭᠠᠷᠠᠵᠤ ᠪᠠᠶᠢᠨ᠎ᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠲᠤᠪᠤᠶᠢᠮ᠎ᠠ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ | ᠪᠦᠲᠦᠭᠡᠯ ᠢ ᠪᠠᠬᠢᠵᠢᠭᠦᠯᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠲᠠᠭᠤ ᠪᠡᠷᠬᠡ᠂ ᠬᠤᠲᠠ ᠬᠥᠳᠡᠭᠡ ᠶᠢᠨ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠦᠷᠢᠲᠥᠯ ᠨᠡᠯᠢᠶᠡᠳ ᠶᠡᠭᠡ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠰᠠ ᠴᠥᠭᠡᠨ ᠪᠤᠰᠤ ᠳᠤᠲᠠᠭᠤᠳᠠᠯ ᠪᠣᠯᠤᠨ ᠪᠠᠭᠤᠷᠠᠢ ᠲᠠᠯ᠎ᠠ ᠪᠠᠶᠢᠨ᠎ᠠ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠭᠦᠷᠭᠡ ᠬᠦᠨᠳᠦ ᠨᠦᠰᠡᠷ ᠪᠠᠶᠢᠵᠤ᠂ ᠤᠯᠠᠨ ᠲᠦᠮᠡᠨ ᠰᠤᠷᠭᠠᠨ | ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠪᠠᠷ | ᠬᠠᠨᠤᠮᠵᠢ ᠦᠭᠡᠢ ᠵᠦᠢᠯ ᠤᠯᠠᠨ ᠪᠤᠢ᠃ ᠰᠢᠨ᠎ᠡ ᠪᠠᠶᠢᠳᠠᠯ ᠤᠨ ᠳᠣᠣᠷ᠎ᠠ ᠡᠯ᠎ᠡ ᠵᠦᠢᠯ ᠤᠨ ᠵᠥᠷᠢᠴᠡᠯ ᠬᠢᠯᠪᠠᠷᠬᠠᠨ | ᠡᠭᠦᠰᠴᠦ ᠤᠯᠠᠨ ᠭᠠᠷᠴᠤ᠂ ᠣᠯᠠᠨ ᠨᠡᠶᠢᠲᠡ ᠶᠢᠨ ᠠᠮᠤᠷ ᠲᠦᠪᠰᠢᠨ ᠤ ᠪᠠᠶᠢᠳᠠᠯ ᠮᠥᠨ ᠯᠡ ᠬᠦᠨᠳᠦ ᠬᠡᠴᠡᠭᠦᠦ | ᠪᠠᠶᠢᠨ᠎ᠠ᠂ ᠵᠠᠰᠠᠭ ᠤᠨ ᠣᠷᠳᠣᠨ ᠤ ᠠᠵᠢᠯ ᠳᠤ ᠪᠠᠰᠠ ᠮᠠᠰᠢ ᠤᠯᠠᠨ ᠳᠤᠲᠠᠭᠳᠠᠯ ᠲᠠᠢ ᠲᠠᠯ᠎ᠠ ᠣᠷᠣᠰᠢᠵᠤ᠂ ᠣᠨᠴᠠ | ᠵᠠᠷᠢᠮ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠴᠢᠩᠭ᠎ᠠ ᠪᠢᠰᠢ᠂ ᠵᠠᠯᠬᠠᠭᠤ ᠵᠠᠰᠠᠭ ᠬᠤᠶᠢᠷᠭᠤ ᠵᠠᠰᠠᠭ ᠤᠨ | ᠦᠵᠡᠭᠳᠡᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ ᠤᠯᠠᠮ | ᠨᠢᠭᠡ ᠠᠯᠬᠤᠮ ᠰᠢᠯᠢᠳᠡᠭᠵᠢᠬᠦᠯᠬᠦ ᠴᠢᠬᠤᠯᠠᠲᠠᠢ ᠵᠡᠷᠭᠡ ᠠᠰᠠᠭᠤᠳᠠᠯ ᠪᠤᠢ᠃ ᠲᠡᠷᠠᠭ᠎ᠠ ᠠᠯᠬᠤᠮ ᠳᠤ᠂ ᠪᠢᠳᠡ | ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠠᠪᠴᠤ ᠰᠢᠢᠳᠪᠤᠷᠢᠯᠡᠨ᠎ᠡ᠃ | ᠬᠤᠶᠠᠷ᠂ 2019 ᠣᠨ ᠤ ᠭᠤᠣᠯ ᠠᠵᠢᠯ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠲᠥᠪ | ᠬᠤᠷᠢᠶᠠᠨ ᠤ ᠠᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠪᠥᠭᠡᠳ ᠤᠷᠤᠭᠰᠢᠯᠠᠨ ᠲᠠᠪᠰᠢᠬᠤ ᠶᠡᠷᠦᠩᠬᠡᠢ ᠭᠦᠭ ᠠᠶᠠᠰ ᠪᠠ | ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠬᠦᠴᠦᠲᠡᠶ ᠲᠦᠯᠬᠢᠨ ᠠᠬᠢᠭᠤᠯᠵᠤ᠂ ᠲᠣᠭᠲᠠᠭᠤᠨ ᠢᠶᠠᠷ ᠨᠡᠮᠡᠭᠳᠡᠭᠦᠯᠬᠦ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠨᠡᠨ ᠬᠦ ᠰᠠᠶᠢᠲᠤᠷ ᠬᠢᠨ᠂ ᠴᠢᠨᠠᠷ ᠰᠠᠶᠢᠲᠠᠢ ᠠᠵᠤ ᠠᠬᠤᠶ ᠶᠢ | ᠬᠦᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠥᠭᠡᠷᠡᠴᠢᠯᠡᠯᠲᠡ | ᠨᠡᠭᠡᠭᠡᠯᠲᠡ ᠶᠢ ᠭᠦᠨᠵᠡᠭᠡᠶᠢᠷᠡᠭᠦᠯᠬᠦ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠲᠥᠷᠭᠡᠳᠭᠡᠬᠦ᠂ | ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠦᠭᠦᠪᠦᠷᠢᠯᠡᠬᠦ ᠵᠡᠷᠭᠡ ᠲᠠᠯ᠎ᠠ ᠪᠠᠷ ᠰᠢᠨ᠎ᠡ ᠠᠬᠢᠴᠠ ᠶᠢ ᠪᠡᠶᠡᠯᠡᠭᠦᠯᠦᠨ᠂ | ᠤᠳᠤᠬᠢᠴᠢᠯᠠᠬᠰᠠᠨ ᠨᠢᠩᠴᠧᠩ᠂ ᠰᠣᠶᠣᠯ ᠢᠷᠭᠡᠨᠰᠢᠯ ᠤᠨ ᠨᠢᠩᠴᠧᠩ᠂ ᠦᠵᠡᠰᠬᠦᠯᠡᠩᠲᠦ ᠰᠠᠶᠢᠬᠠᠨ ᠨᠢᠩᠴᠧᠩ᠂ | ᠠᠮᠢᠵᠢᠷᠠᠯ ᠤᠨ ᠬᠦᠴᠦᠨ ᠲᠠᠢ ᠨᠢᠩᠴᠧᠩ᠂ ᠵᠣᠯ ᠵᠢᠷᠭᠠᠯᠲᠦ ᠨᠢᠩᠴᠧᠩ ᠢ ᠴᠢᠷᠮᠠᠶᠢᠨ ᠪᠠᠶᠢᠭᠤᠯᠬᠤ ᠳᠡᠭᠡᠷ᠎ᠡ ᠰᠢᠨ᠎ᠡ | ᠰᠢᠪᠲᠤᠯᠤᠯᠲᠠ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠯᠡᠬᠦ | ᠴᠢᠨᠠᠷᠲᠠᠢ ᠰᠠᠭᠤᠷᠢ ᠲᠠᠯᠪᠢᠵᠤ᠂ ᠰᠢᠯᠢᠳᠡᠭ ᠠᠮᠵᠢᠯᠲᠠ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠪᠣᠯᠣᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% | ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6% ᠣᠷᠴᠢᠮ | ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ | 8% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ | ᠲᠤᠭ᠎ᠠ ᠶᠢ 8 % ᠣᠷᠴᠢᠮ ᠢᠶᠠᠷ ᠨᠡᠮᠡᠭᠳᠡᠭᠦᠯᠵᠦ᠂ ᠬᠤᠲᠠ ᠪᠠᠯᠭᠠᠰᠤ ᠪᠠ ᠬᠥᠳᠡᠭᠡ ᠲᠣᠰᠬᠤᠨ ᠤ ᠰᠠᠭᠤᠭᠠᠯᠢ | ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 10% ᠪᠠ 11% | ᠤᠷᠴᠢᠮ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠳᠠᠷᠠᠭᠠᠬᠢ ᠳᠣᠯᠣᠭᠠᠨ ᠵᠦᠢᠯ ᠤᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ | ︵ᠨᠢᠭᠡ︶ ᠬᠦᠴᠦ ᠪᠠᠨ ᠦᠷᠭᠦᠯᠵᠢᠯᠡᠨ ᠲᠥᠪᠯᠡᠷᠡᠭᠦᠯᠵᠦ᠂ ︽ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ︾ ᠢ ᠬᠦᠴᠦᠯᠡᠨ ᠰᠠᠶᠢᠳᠤᠷ ᠬᠢᠵᠦ᠂ ᠬᠥᠭᠵᠢᠯᠲᠡ ᠶᠢ ᠨᠡᠩ ᠡᠭᠦᠷᠢᠳᠡ ᠪᠠᠶᠢᠯᠭᠠᠨ᠎ᠠ | ᠴᠢᠬᠤᠯᠠ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠨ᠎ᠡ᠃ ︽ᠡᠷᠡᠰ ᠲᠠᠰᠤᠷᠬᠠᠢ᠂ | ᠡᠵᠡᠮᠳᠡᠯ ᠲᠠᠢ᠂ ᠡᠮᠬᠢ ᠲᠢᠭᠯᠢᠮ ᠲᠠᠢ᠂ ᠵᠤᠬᠢᠬᠤ ᠬᠡᠮᠵᠢᠶ᠎ᠡ ᠲᠠᠢ ᠪᠠᠶᠢᠬᠤ︾ ᠱᠠᠭᠠᠷᠳᠠᠯᠭ᠎ᠠ ᠶᠢ ᠴᠢᠩᠭ᠎ᠠ | ᠨᠡᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠴᠢᠩᠭᠠᠳᠬᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠨᠠᠶᠢᠳᠠᠪᠤᠷᠢᠵᠢᠭᠤᠯᠤᠯᠲᠠ ᠶᠢᠨ ᠬᠦᠴᠦᠨ | ᠪᠠ ᠭᠦᠢᠴᠡᠳᠬᠡᠬᠦ ᠬᠦᠴᠦᠨ ᠢ ᠴᠢᠩᠭᠠᠳᠬᠠᠵᠤ᠂ ᠵᠢᠭᠡᠯᠡᠯᠭᠡ ᠠᠪᠴᠤ ᠪᠡᠯᠡ ᠲᠣᠬᠢᠷᠠᠭᠤᠯᠬᠤ᠂ ᠰᠠᠭᠤᠷᠢ ᠮᠥᠩᠭᠦᠨ ᠤ | ᠠᠵᠢᠯᠯᠠᠭᠠᠨ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠵᠡᠷᠭᠡ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠬᠦ ᠲᠡᠯᠳᠡ ᠥᠷᠢ ᠥᠭᠴᠡᠭᠡ ᠶᠢ | ᠴᠢᠩᠭ᠎ᠠ ᠬᠢᠵᠠᠭᠠᠷᠯᠠᠨ᠎ᠠ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠳᠠᠮᠵᠢᠭᠤᠯᠤᠨ ᠭᠠᠵᠠᠷ ᠰᠢᠷᠣᠶ᠂ | ᠤᠯᠤᠰ ᠤᠨ ᠪᠡᠯᠡ ᠬᠦ᠋ᠷᠦᠩᠭᠡ ᠶᠢ ᠵᠦᠢ ᠵᠣᠬᠢᠰᠲᠠᠶ ᠨᠡᠭᠡᠭᠡᠨ ᠠᠰᠢᠭᠯᠠᠵᠤ᠂ ᠬᠠᠳᠠᠭᠠᠯᠠᠯᠲᠠ ᠶᠢᠨ ᠪᠡᠯᠡ ᠮᠥᠩᠭᠦ ᠶᠢ | ᠠᠮᠢᠳᠤᠯᠢᠭ ᠪᠣᠯᠭᠠᠨ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠨ᠂ ᠢᠳᠡᠪᠬᠢᠲᠡᠶ ᠠᠷᠭ᠎ᠠ ᠬᠡᠮᠵᠢᠶ᠎ᠡ ᠠᠪᠴᠦ ᠥᠷᠢ | ᠦᠭᠴᠡᠭᠡᠨ ᠤ ᠪᠡᠯᠡ ᠮᠥᠩᠭᠦ ᠶᠢ ᠠᠷᠢᠯᠭᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ | ᠲᠥᠯᠥᠪᠯᠡᠭᠡ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠵᠢᠭᠡᠯᠡᠯᠭᠡ᠂ ᠣᠷᠣᠨ ᠨᠤᠲᠤᠭ ᠤᠨ | ᠵᠢᠭᠡᠯᠡᠯᠭᠡ ᠶᠢᠨ ᠲᠡᠮᠳᠡᠭ ᠲᠠᠷᠬᠠᠭᠠᠬᠤ ᠵᠡᠷᠭᠡ ᠪᠡᠯᠡ ᠮᠥᠩᠭᠦᠨ ᠤ ᠳᠡᠮᠵᠢᠯᠭᠡ ᠶᠢ ᠢᠳᠡᠪᠬᠢᠯᠡᠨ ᠣᠯᠵᠤ᠂ ᠣᠯᠠᠨ ᠠᠷᠭ᠎ᠠ | ᠵᠠᠮ ᠢᠶᠠᠷ ᠪᠡᠯᠡ ᠮᠥᠩᠭᠦ ᠴᠤᠭᠯᠠᠭᠤᠯᠵᠤ᠂ ᠠᠵᠢᠯᠯᠠᠭᠠᠨ ᠤ ᠡᠷᠭᠢᠯᠲᠡ ᠶᠢ ᠪᠠᠲᠤᠯᠠᠬᠤ᠂ ᠠᠷᠠᠳ ᠤᠨ ᠠᠮᠢᠳᠤᠷᠠᠯ ᠢ | ᠪᠠᠲᠤᠯᠠᠬᠤ᠂ ᠬᠥᠭᠵᠢᠯᠲᠡ ᠶᠢ ᠪᠠᠲᠤᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ︽ᠲᠦᠭᠰᠢᠭᠦᠷᠢ ᠶᠢ ᠰᠢᠢᠳᠪᠦᠷᠢᠯᠡᠬᠦ ᠲᠦᠭᠰᠢᠭᠦᠷᠢ︾ ᠶᠢ ᠪᠦᠳᠦᠮᠵᠢᠳᠡᠢ ᠰᠡᠷᠭᠡᠶᠢᠯᠡᠨ᠎ᠡ᠃ ᠮᠥᠩᠭᠦᠨ | ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ | ᠳᠡᠯᠭᠡᠭᠦᠷ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠵᠦ᠂ | ᠬᠠᠤᠯᠢ ᠪᠤᠰᠤ ᠪᠡᠯᠡ ᠲᠤᠬᠢᠷᠠᠭᠤᠯᠭ᠎ᠠ᠂ ᠮᠥᠩᠭᠦᠨ ᠭᠦᠢᠯᠭᠡᠭᠡᠨ ᠤ ᠬᠢᠬᠠᠨ ᠮᠡᠬᠡᠯᠡᠯ᠂ ᠬᠥᠳᠡᠭᠡ ᠲᠣᠰᠬᠤᠨ ᠤ ᠥᠨᠳᠥᠷ | ᠬᠦᠦ ᠲᠠᠢ ᠵᠢᠭᠡᠯᠡᠯᠭᠡ ᠵᠡᠷᠭᠡ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠢᠯᠭᠠᠷᠠᠭᠤᠯᠤᠨ ᠬᠤᠷᠢᠶᠠᠬᠤ᠂ ᠬᠢᠨᠠᠵᠦ ᠬᠦᠴᠦᠨ ᠦᠭᠡᠢ | ᠪᠣᠯᠭᠠᠬᠤ ᠰᠢᠢᠳᠪᠤᠷᠢᠯᠡᠬᠦ ᠡᠷᠴᠢᠮ ᠢ ᠴᠢᠩᠭᠠᠷᠠᠭᠤᠯᠵᠤ᠂ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ ᠶᠢ ᠪᠠᠭᠤᠷᠠᠭᠤᠯᠤᠨ᠂ | ᠣᠷᠣᠨ ᠬᠡᠴᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠡᠬᠦᠰᠬᠦ ᠦᠭᠡᠢ | ᠪᠠᠶᠢᠬᠤ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠰᠠᠬᠢᠨ᠎ᠠ ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠪᠣᠯᠤᠨ ᠣᠳᠣ ᠶᠢᠨ ᠬᠡᠷᠩᠵᠢᠬᠦᠯᠵᠦ ᠪᠠᠶᠢᠭ᠎ᠠ | ᠶᠠᠳᠠᠭᠤ ᠶᠢ ᠲᠡᠳᠬᠦᠬᠦ ᠪᠠᠷᠢᠮᠵᠢᠶ᠎ᠠ ᠶᠢ ᠪᠠᠷᠢᠮᠲᠠᠯᠠᠵᠤ᠂ ︽ᠤᠨᠢᠨ ᠳᠡᠭᠡᠷ᠎ᠡ ᠨᠢ᠂ ᠦᠷᠭᠦᠯᠵᠢᠯᠡᠬᠦ᠂ ᠤᠯᠠᠨ ᠲᠦᠮᠡᠨ ᠤ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠪᠠ ᠥᠪᠡᠷ ᠪᠡᠶ᠎ᠡ ᠶᠢᠨ ᠬᠦᠭᠵᠢᠯᠲᠡ ᠶᠢᠨ ᠴᠢᠳᠠᠪᠤᠷᠢ ᠶᠢ | ᠳᠡᠭᠡᠭᠰᠢᠯᠡᠭᠦᠯᠬᠦ︾ ᠭᠤᠷᠪᠠᠨ ᠵᠠᠩᠭᠢᠯᠠᠭ᠎ᠠ ᠶᠢᠨ ᠡᠯᠧᠮᠧᠨ᠋ᠲ ᠢ ᠠᠳᠬᠤᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠤᠶᠠᠯᠳᠤᠭᠤᠯᠤᠨ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠢ ᠨᠡᠩ ᠴᠢᠬᠤᠯᠠ ᠪᠠᠶᠢᠷᠢᠨ ᠳᠤ | ᠲᠠᠯᠪᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ︽ᠲᠡᠭ ᠪᠣᠯᠭᠠᠨ ᠪᠠᠷᠢᠮᠵᠢᠶ᠎ᠠ ᠳᠤ | ᠬᠦᠷᠭᠡᠬᠦ︾ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠶᠠᠨ ᠤ ᠡᠳ᠋ ᠤᠨ ᠵᠠᠰᠠᠭ ᠤᠨ | ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠨᠡᠮᠡᠭᠳᠡᠭᠦᠯᠵᠦ᠂ ᠡᠯ᠎ᠡ ᠲᠥᠷᠥᠯ ᠤᠨ ᠲᠠᠷᠢᠶᠠᠯᠠᠩ ᠳᠤ ᠬᠤᠯᠪᠣᠭᠳᠠᠬᠤ | ᠪᠡᠯᠡ ᠮᠥᠩᠭᠦ ᠶᠢ 3.5 ᠳ᠋ᠥᠩᠰᠢᠭᠤᠷ ᠲᠥᠭᠦᠷᠢᠭ ᠠᠴᠠ ᠳᠡᠭᠡᠭᠰᠢ ᠡᠮᠬᠢᠯᠡᠨ ᠨᠡᠶᠢᠯᠡᠭᠦᠯᠵᠦ᠂ ᠥᠨᠳᠥᠷ ᠪᠡᠷᠢᠮᠵᠢᠶᠡᠲᠦ | ᠶᠠᠳᠠᠭᠤ ᠶᠢ ᠲᠡᠳᠬᠦᠬᠦ ᠠᠵᠤ ᠤᠶᠢᠯᠡᠰ ᠤᠨ ᠬᠦᠷᠢᠶᠡᠯᠡᠩ ᠲᠣᠭᠤᠷᠢᠭ ᠢ 20 ᠢᠯᠡᠭᠦᠦ ᠪᠠᠶᠢᠭᠤᠯᠵᠦ᠂ ᠶᠠᠳᠠᠭᠤ | ᠬᠦᠴᠢᠷᠳᠡᠯᠲᠡᠢ 100 ᠬᠥᠮᠦᠨ ᠢ ᠤᠢ ᠰᠢᠭᠤᠶ ᠶᠢᠨ ᠬᠠᠮᠠᠭᠠᠯᠠᠭᠴᠢ ᠪᠠᠷ ᠲᠤᠬᠢᠷᠠᠭᠤᠯᠤᠨ᠂ ᠲᠠᠷᠬᠠᠮᠠᠯ ᠬᠡᠯᠪᠡᠷᠢ ᠶᠢᠨ | ᠭᠡᠷᠡᠯ ᠸᠤᠯᠲ ᠢᠶᠠᠷ ᠶᠠᠳᠠᠭᠤ ᠶᠢ ᠲᠡᠳᠬᠦᠬᠦ ᠴᠠᠬᠢᠯᠭᠠᠨ ᠦᠷᠳᠡᠭᠡ ᠶᠢ 6 ᠪᠠᠶᠢᠭᠤᠯᠤᠨ᠎ᠠ᠂ ᠰᠤᠷᠭᠠᠨ ᠬᠥᠮᠦᠵᠢᠯ᠂ | ᠡᠷᠡᠭᠦᠯ ᠮᠡᠨᠳᠦ᠂ ᠮᠥᠩᠭᠦᠨ ᠭᠦᠢᠯᠭᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠶᠠᠳᠠᠭᠤ ᠶᠢ ᠲᠡᠳᠬᠦᠬᠦ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠤᠨ᠎ᠠ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ | ᠲᠡᠳᠬᠦᠬᠦ ᠳᠠᠬᠢᠨ ᠠᠰᠢᠭᠯᠠᠨ ᠲᠡᠬᠢᠨ ᠨᠣᠭᠤᠭᠠᠷᠠᠭᠤᠯᠬᠤ ᠵᠡᠷᠭᠡ ᠦᠷᠭᠦᠯᠵᠢᠯᠡᠯ ᠢᠨᠵᠧᠨᠧᠷᠢᠩ ᠢ ᠲᠦᠷᠭᠡᠪᠴᠢᠯᠡᠨ | ᠠᠬᠢᠭᠤᠯᠵᠤ᠂ 165 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ᠂ 44 ᠭᠠᠵᠠᠷ ᠤᠨ ᠤᠰᠤ | ᠤᠮᠳᠠ ᠶᠢᠨ ᠠᠮᠤᠷ ᠲᠦᠪᠰᠢᠨ ᠢ ᠪᠠᠲᠤᠳᠬᠠᠨ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠦᠨ᠂ ᠶᠠᠳᠠᠭᠤ ᠶᠢ | ᠲᠡᠳᠬᠦᠬᠦ ᠡᠯ᠎ᠡ ᠲᠦᠷᠦᠯ ᠤᠨ ᠪᠣᠯᠪᠠᠰᠤᠷᠠᠯ ᠤᠨ ᠠᠩᠭᠢ ᠶᠢ 200 ᠬᠤᠭᠤᠴᠠᠭ᠎ᠠ ᠠᠴᠠ ᠳᠡᠭᠡᠭᠰᠢ ᠡᠷᠬᠢᠯᠡᠨ᠎ᠡ᠃ | ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠤᠯᠤᠰ ᠤᠨ ᠡᠨᠧᠷᠭᠢ ᠶᠢᠨ ᠰᠤᠷᠪᠤᠯᠵᠢ ᠶᠢᠨ | ᠪᠦᠯᠦᠭᠯᠡᠯ ᠤᠨ ᠴᠡᠭ ᠲᠣᠭᠲᠠᠭᠠᠨ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠨᠡᠶᠢᠭᠡᠮ ᠤᠨ | ᠬᠦᠴᠦᠨ ᠢ ᠥᠷᠭᠡᠨ ᠢᠶᠠᠷ ᠳᠠᠶᠢᠴᠢᠯᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠢᠳᠡᠪᠬᠢᠲᠡᠶ | ᠤᠷᠤᠯᠴᠠᠭᠤᠯᠤᠨ᠎ᠠ᠃ ᠲᠥᠪ ᠤᠨ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ | ᠪᠠᠶᠢᠴᠠᠭᠠᠯᠲᠠ ᠪᠠ ᠶᠠᠳᠠᠭᠤ ᠶᠢ ᠲᠡᠳᠬᠦᠬᠦ ᠨᠡᠬᠡᠬᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠠᠷᠢᠭᠤ | ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠨ᠎ᠠ᠃ ᠵᠢᠯ ᠤᠨ | ᠳᠣᠲᠣᠷ᠎ᠠ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠢ 4 ᠲᠣᠰᠬᠤᠨ ᠢ ᠶᠠᠳᠠᠭᠤ ᠠᠴᠠ ᠠᠩᠭᠢᠵᠢᠷᠠᠭᠤᠯᠬᠤ᠂ | ᠶᠠᠳᠠᠭᠤ ᠬᠦᠴᠢᠷᠳᠡᠯᠲᠡᠢ 5426 ᠬᠥᠮᠦᠨ ᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠡᠷᠬᠡᠪᠰᠢ ᠪᠡᠳᠤᠯᠠᠵᠦ᠂ | ᠶᠠᠳᠠᠭᠤ ᠬᠦᠴᠢᠷᠳᠡᠯᠲᠡᠢ ᠰᠢᠶᠠᠨ ᠤ ᠮᠠᠯᠠᠭᠠᠢ ᠪᠠᠨ ᠲᠠᠶᠠᠬᠳᠠᠬᠤ ᠶᠢ ᠦᠨᠡᠨ ᠬᠦ ᠪᠠᠲᠤᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ ᠃ ᠲᠥᠪ᠂ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠪᠠ | ᠤᠯᠠᠭᠠᠨᠬᠠᠳᠠ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠵᠢᠴᠢ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠳᠤ ᠲᠤᠰᠬᠠᠭᠰᠠᠨ ᠠᠰᠠᠭᠤᠳᠠᠯ ᠢ | ᠵᠠᠯᠠᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ | ᠮᠡᠳᠡᠭᠦᠯᠦᠭᠰᠡᠨ ᠠᠰᠠᠭᠤᠳᠠᠯ ᠢ ᠬᠢᠨᠠᠮᠠᠭᠠᠶ ᠰᠠᠶᠢᠲᠤᠷ ᠰᠢᠢᠳᠪᠤᠷᠢᠯᠡᠨ᠎ᠡ᠃ ᠠᠭᠠᠷ ᠮᠠᠨᠳᠠᠯ᠂ ᠤᠰᠤ᠂ ᠬᠦᠷᠦᠰᠦᠨ ᠤ | ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠥᠬᠡ ᠲᠩᠷᠢ᠂ | ᠬᠦᠭᠡᠮᠳᠦᠭ ᠤᠰᠤ᠂ ᠠᠷᠢᠭᠤᠨ ᠴᠡᠪᠡᠷ ᠨᠤᠲᠤᠭ ᠳᠡᠪᠢᠰᠬᠡᠷ ᠢᠶᠠᠨ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠵᠠᠪᠠᠯ | ᠣᠯᠬᠤ ᠬᠡᠷᠩᠳᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠡᠯᠡᠵᠦ᠂ ᠨᠡᠭᠦᠷᠡᠰᠦᠨ ᠤᠲᠤᠭ᠎ᠠ ᠶᠢᠨ | ᠬᠡᠯᠪᠡᠷᠢ ᠶᠢᠨ ᠠᠭᠠᠷ ᠮᠠᠨᠳᠠᠯ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ᠂ ᠬᠤᠭ ᠲᠤᠭᠤᠰᠦ ᠵᠡᠷᠭᠡ ᠪᠣᠬᠢᠷᠳᠤᠯ ᠢ | ᠬᠢᠵᠠᠭᠠᠷᠯᠠᠬᠤ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠢᠶᠠᠨ ᠢ ᠬᠤᠲᠠ ᠲᠤᠭᠤᠷᠢᠭ ᠤᠨ ᠠᠭᠠᠷ ᠤᠨ ᠶᠠᠰᠤ | ᠴᠢᠨᠠᠷ ᠤᠨ ᠰᠢᠯᠢᠳᠡᠭ ᠪᠠᠶᠢᠬᠤ ᠡᠳᠤᠷ ᠤᠨ ᠲᠣᠭᠠᠨ ᠤ ᠨᠣᠷᠮ᠎ᠠ ᠶᠢ 80% ᠠᠴᠠ ᠳᠡᠭᠡᠭᠰᠢ ᠪᠠᠶᠢᠯᠭᠠᠬᠤ ᠪᠠᠷ | ᠴᠢᠷᠮᠠᠶᠢᠨ᠎ᠠ᠃ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯ ᠤᠨ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠨ᠂ ᠪᠣᠬᠢᠷ ᠦᠮᠡᠬᠡᠶ ᠤᠰᠤᠨ ᠴᠣᠭᠴᠠ ᠶᠢ ᠠᠷᠢᠯᠭᠠᠨ᠎ᠠ᠃ | ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠶ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠵᠤ᠂ 2.5 ᠲᠦᠮᠡᠨ ᠮᠦ ᠠᠮᠢ ᠠᠬᠤᠶ ᠶᠢ ᠵᠠᠰᠠᠨ ᠰᠡᠷᠭᠦᠭᠡᠬᠦ᠂ 22.5 ᠺᠢᠯᠣᠮᠧᠲᠷ ᠵᠠᠮ ᠢ | ᠨᠣᠭᠤᠭᠠᠷᠠᠭᠤᠯᠬᠤ ᠶᠢ ᠪᠡᠶᠡᠯᠡᠭᠦᠯᠦᠨ᠂ 5 ᠲᠦᠮᠡᠨ ᠮᠥ ᠥᠨᠳᠥᠷ ᠪᠦᠳᠦᠮᠵᠢᠲᠥ ᠤᠰᠤ ᠠᠷᠪᠢᠯᠠᠬᠤ ᠪᠠᠷᠢᠯᠭ᠎ᠠ᠂ 1 | ᠲᠦᠮᠡᠨ ᠮᠦ ᠤᠰᠤ ᠰᠢᠷᠤᠢ ᠶᠢᠨ ᠬᠠᠮᠠᠭᠠᠯᠠᠯᠲᠠ ᠶᠢ ᠬᠡᠷᠩᠵᠢᠭᠦᠯᠦᠨ᠎ᠡ᠃ ᠭᠤᠤᠯᠳᠠᠯᠭ᠎ᠠ ᠲᠠᠢ ᠣᠷᠣᠨ ᠪᠦᠰᠡ᠂ | ᠭᠤᠣᠯᠳᠠᠯᠭ᠎ᠠ ᠲᠠᠢ ᠠᠵᠢᠯ ᠲᠦᠷᠦᠯ ᠪᠠ ᠭᠤᠣᠯᠳᠠᠯᠭ᠎ᠠ ᠲᠠᠢ ᠪᠣᠬᠢᠷᠲᠤᠯ ᠪᠣᠳᠠᠰ ᠢ ᠰᠡᠷᠭᠡᠶᠢᠯᠡᠨ ᠵᠠᠰᠠᠬᠤ ᠶᠢ | ᠲᠤᠪᠤᠶᠢᠯᠭᠠᠨ᠂ ᠲᠠᠷᠢᠶᠠᠯᠠᠩ ᠳᠤ ᠣᠷᠣᠭᠤᠯᠬᠤ ᠡᠳ᠋ ᠢ ᠨᠡᠮᠡᠭᠳᠡᠭᠦᠯᠬᠦ ᠦᠭᠡᠢ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠠᠶᠤᠯᠬᠦᠢ ᠰᠢᠢᠳᠪᠤᠷᠢᠯᠡᠯᠲᠡ ᠵᠡᠷᠭᠡ ᠢᠨᠵᠧᠨᠧᠷᠢᠩ ᠢ ᠰᠠᠶᠢᠳᠤᠷ ᠬᠡᠷᠩᠵᠢᠭᠦᠯᠦᠨ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠬᠤᠭ ᠨᠣᠪᠰᠢ ᠶᠢ ᠪᠤᠯᠠᠰᠢᠯᠠᠬᠤ ᠭᠠᠵᠠᠷ ᠢ ᠪᠠᠶᠢᠭᠤᠯᠤᠨ᠎ᠠ᠃ | ︵ᠬᠤᠶᠠᠷ︶ ᠪᠦᠲᠦᠴᠡ ᠶᠢ ᠦᠷᠭᠦᠯᠵᠢᠯᠡᠨ ᠲᠤᠬᠢᠷᠠᠭᠤᠯᠤᠨ ᠰᠢᠯᠢᠳᠡᠭᠵᠢᠭᠦᠯᠵᠦ᠂ ᠴᠢᠨᠠᠷ ᠰᠠᠶᠢᠲᠠᠢ ᠠᠵᠤ ᠠᠬᠤᠢ ᠶᠢ | ᠬᠦᠴᠦᠯᠡᠨ ᠬᠥᠭᠵᠢᠭᠦᠯᠵᠦ᠂ ᠪᠣᠳᠠᠲᠤ ᠬᠦᠴᠦᠨ ᠢᠶᠠᠨ ᠨᠡᠩ ᠬᠦᠴᠦᠷᠭᠡᠭᠵᠢᠭᠦᠯᠦᠨ᠎ᠡ | ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠲᠦᠷᠭᠡᠳᠬᠡᠨ᠂ | ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠤᠯᠠᠮᠵᠢᠯᠠᠯᠲᠤ ᠳᠠᠪᠠᠭᠤᠯᠢᠭ ᠲᠤ ᠲᠦᠰᠢᠭᠯᠡᠵᠦ᠂ ᠬᠠᠷ᠎ᠠ ᠠᠷᠢᠬᠢᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ | ᠲᠥᠯᠥᠪᠯᠡᠭᠡ ᠶᠢ ᠬᠡᠷᠡᠭᠵᠢᠭᠦᠯᠵᠦ᠂ ᠬᠠᠷ᠎ᠠ ᠠᠷᠢᠬᠢᠨ ᠤ ᠨᠠᠷᠠᠲᠤ ᠲᠥᠷᠥᠯ ᠲᠡᠮᠳᠡᠭᠲᠦ ᠶᠢ ᠪᠤᠵᠠᠭᠠᠶᠢᠷᠠᠭᠤᠯᠤᠨ | ᠬᠦᠴᠦᠷᠭᠡᠭᠵᠢᠭᠦᠯᠦᠨ᠎ᠡ᠃ ᠰᠢᠨ ᠮᠠ ᠴᠢᠳᠬᠤᠬᠤ ᠦᠢᠯᠡᠰ ᠲᠤ ᠲᠦᠰᠢᠭᠯᠡᠵᠦ᠂ ᠪᠣᠯᠣᠳ ᠲᠡᠮᠦᠷ ᠤᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠨ᠂ ᠢ ᠶᠢᠨ ᠵᠢᠯ ᠤᠨ ᠭᠠᠷᠤᠯᠲᠠ 30 ᠲᠦᠮᠡᠨ ᠲᠣᠨ ᠤ ᠬᠤᠭᠤᠯᠠᠶ | ᠴᠢᠳᠬᠤᠬᠤ ᠦᠢᠯᠡᠳᠪᠦᠷᠢᠯᠡᠯ ᠤᠨ ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠵᠤ᠂ | ᠪᠠᠶᠠᠰᠬᠤᠯᠠᠩ ᠤᠨ ᠲᠡᠮᠦᠷᠯᠢᠭ ᠤᠨ ᠠᠵᠤ ᠦᠢᠯᠡᠰ ᠤᠨ ᠲᠥᠪᠯᠡᠷᠡᠯ ᠤᠨ ᠣᠷᠣᠨ ᠢ ᠡᠭᠦᠳᠦᠨ᠎ᠡ᠃ ᠵᠢᠶᠠᠨ ᡁᠢ | ᠰᠢᠨᠵᠢᠯᠡᠬᠦ ᠮᠡᠷᠭᠡᠵᠢᠯ ᠳᠤ ᠲᠦᠰᠢᠭᠯᠡᠵᠦ᠂ ᠵᠢᠯ ᠤᠨ ᠭᠠᠷᠤᠯᠲᠠ 20 ᠲᠦᠮᠡᠨ ᠲᠣᠨ ᠳᠡᠭᠡᠳᠦ ᠨᠠᠷᠢᠯᠢᠭ ᠤᠷᠤᠰᠤᠩᠭᠢ | ᠪᠡᠶ᠎ᠡ ᠶᠢᠨ ᠴᠢᠳᠬᠤᠮᠠᠯ ᠲᠣᠨᠤᠭ ᠪᠠ ᠮᠠᠰᠢᠨ ᠲᠡᠷᠭᠡᠨ ᠤ ᠴᠢᠳᠬᠤᠮᠠᠯ ᠲᠣᠨᠤᠭ ᠤᠨ ᠲᠥᠷᠥᠯ ᠵᠦᠢᠯ ᠢ ᠪᠠᠶᠢᠭᠤᠯᠵᠦ᠂ | ᠵᠢᠩ ᠬᠠᠩ ᠣᠨᠴᠠᠭᠠᠢ ᠨᠡᠭᠦᠷᠡᠰᠦᠳᠦᠷᠦᠭᠴᠢ ᠶᠢ ᠠᠬᠢᠭᠤᠯᠤᠨ ᠭᠠᠷᠤᠯᠲᠠ ᠪᠦᠳᠦᠮᠵᠢ ᠳᠤ ᠬᠦᠷᠭᠡᠨ᠎ᠡ᠂ ᠵᠦᠩ ᠵᠢᠩ | ᠬᠦᠷᠢᠶᠡᠯᠡᠩ ᠲᠣᠭᠤᠷᠢᠭ ᠲᠤ ᠴᠢᠳᠬᠤᠨ ᠦᠢᠯᠡᠳᠬᠦ ᠠᠵᠤ ᠦᠢᠯᠡᠰ ᠤᠨ ᠲᠥᠪᠯᠡᠷᠡᠯ ᠣᠷᠣᠨ ᠢ ᠪᠠᠶᠢᠭᠤᠯᠤᠨ᠎ᠠ᠃ | ᠾᠧᠩ ᠷᠦᠩ᠂ ᠾᠧᠩ ᠰᠢᠶᠠᠩ ᠳᠤ ᠲᠦᠰᠢᠭᠯᠡᠵᠦ᠂ ᠵᠢᠯ ᠤᠨ ᠭᠠᠷᠤᠯᠲᠠ 1.5 ᠲᠦᠮᠡᠨ ᠲᠣᠨ ᠤ ᠢᠳᠡᠰᠢᠨ ᠤ | ᠨᠡᠶᠢᠯᠡᠯᠭᠡ ᠪᠤᠳᠤᠭ ᠣᠷᠣᠭᠤᠯᠤᠭᠴᠢ ᠶᠢᠨ ᠲᠥᠷᠥᠯ ᠵᠦᠢᠯ ᠢ ᠪᠠᠶᠢᠭᠤᠯᠵᠦ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠲᠥᠪᠯᠡᠷᠡᠯ ᠣᠷᠣᠨ ᠢ ᠪᠠᠶᠢᠭᠤᠯᠤᠨ᠎ᠠ᠃ ᠯᠢᠶᠣᠤ ᠢᠦᠢ ᠰᠢᠨᠵᠢᠯᠡᠬᠦ | ᠮᠡᠷᠭᠡᠵᠢᠯ ᠳᠤ ᠲᠦᠰᠢᠭᠯᠡᠵᠦ᠂ ᠾᠧ ᠵᠧᠩ ᠮᠧᠢ᠂ ᠱᠢ ᠴᠢᠶᠠᠩ ᠴᠢᠭᠢᠭᠯᠢᠭ ᠰᠢᠷᠣᠶ ᠡᠳ᠋ᠰᠢᠭᠦᠯᠦᠨ ᠪᠣᠯᠪᠠᠰᠤᠷᠠᠭᠤᠯᠬᠤ | ᠲᠦᠷᠦᠯ ᠵᠦᠢᠯ ᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠤᠨ᠂ ᠴᠢᠭᠢᠭᠯᠢᠭ ᠰᠢᠷᠣᠶ ᠶᠢ ᠨᠠᠷᠢᠯᠢᠭ ᠭᠦᠨᠵᠡᠭᠡᠶ | ᠡᠳ᠋ᠰᠢᠭᠦᠯᠬᠦ ᠲᠥᠪᠯᠡᠷᠡᠯ ᠲᠣᠭᠤᠷᠢᠭ ᠢ ᠪᠣᠶ ᠪᠣᠯᠭᠠᠨ᠎ᠠ᠃ ᠣᠣ ᠹᠧᠩ ᠣᠨᠴᠠᠭᠠᠶ ᠰᠢᠯ ᠰᠢᠷᠬᠡᠭ ᠳᠤ ᠲᠦᠰᠢᠭᠯᠡᠵᠦ᠂ | ᠳᠡᠭᠡᠳᠦ ᠴᠢᠳᠡᠪᠬᠢᠳᠦ ᠰᠢᠯ ᠰᠢᠷᠬᠡᠭ ᠤᠨ ᠬᠡᠷᠡᠭᠰᠡᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠢᠯᠦᠷᠬᠡᠦ | ᠰᠢᠷᠬᠡᠭ ᠤᠨ ᠠᠵᠤ ᠦᠢᠯᠡᠰ ᠤᠨ ᠲᠥᠪᠯᠡᠷᠡᠯ ᠣᠷᠣᠨ ᠢ ᠪᠠᠶᠢᠭᠤᠯᠤᠨ᠎ᠠ᠃ ᠬᠤᠲᠠ ᠶᠢᠨ ᠵᠠᠰᠠᠭ ᠤᠨ ᠣᠷᠳᠣᠨ ᠤ ︽ | ᠠᠭᠤᠷᠬᠠᠶ ᠪᠠᠷ ᠠᠵᠦ ᠠᠬᠤᠢ ᠶᠢ ᠬᠦᠴᠦᠷᠭᠡᠭᠵᠢᠬᠦᠯᠬᠦ︾ ᠳᠦᠷᠦ ᠶᠢᠨ ᠪᠤᠲᠤᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ︽ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠭᠤᠷᠬᠠᠶ ᠬᠠᠶᠢᠵᠦ ᠨᠦᠭᠡᠴᠡ ᠶᠢ | ᠨᠡᠮᠡᠭᠳᠡᠭᠦᠯᠵᠦ᠂ ᠮᠡᠷᠭᠡᠵᠢᠯ ᠢᠶᠠᠨ ᠦᠭᠡᠷᠡᠴᠢᠯᠡᠨ ᠥᠷᠭᠡᠳᠬᠡᠨ ᠪᠠᠶᠢᠭᠤᠯᠵᠤ᠂ ᠪᠣᠬᠢᠷᠲᠤᠯ ᠦᠭᠡᠢ ᠠᠭᠤᠷᠬᠠᠶ︾ | ᠲᠦᠷᠪᠡᠨ ᠠᠵᠢᠯ ᠢ ᠰᠠᠶᠢᠲᠤᠷ ᠬᠢᠵᠦ᠂ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ︽ᠲᠡᠬᠢᠨ ᠮᠡᠨᠳᠤᠯᠲᠠ︾ | ᠶᠢ ᠠᠬᠢᠭᠤᠯᠤᠨ᠎ᠠ᠃ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ 11.3 ᠺᠢᠯᠣᠮᠧᠲᠷ ᠴᠠᠬᠢᠯᠭᠠᠨ ᠬᠦᠴᠦᠨ ᠤ ᠱᠤᠭᠤᠮ ᠢ ᠰᠢᠨ᠎ᠡ ᠪᠠᠷ | ᠪᠠᠶᠢᠭᠤᠯᠬᠤ ᠪᠤᠶᠤ ᠨᠡᠭᠦᠯᠭᠡᠨ᠎ᠡ᠂᠂ ᠤᠰᠤ ᠬᠠᠩᠭᠠᠬᠤ ᠤᠰᠤ ᠵᠠᠯᠠᠬᠤ ᠨᠢᠭᠡ ᠴᠤᠬᠴᠠᠵᠢᠭᠤᠯᠤᠬᠰᠠᠨ PPP ᠤᠨ | ᠲᠥᠷᠥᠯ ᠵᠤᠶᠢᠯ ᠢ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠵᠠᠮ ᠤᠨ ᠲᠣᠣᠷ ᠢ ᠦᠷᠭᠦᠯᠵᠢᠯᠡᠨ | ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠤᠶᠢᠯᠡᠰ ᠤᠨ ᠨᠡᠭᠡᠭᠡᠯᠲᠡ ᠶᠢᠨ | ᠲᠤᠭᠤᠷᠢᠭ ᠤᠨ ᠡᠩᠨᠡᠭᠡᠨ ᠳᠤ ᠣᠷᠣᠭᠤᠯᠬᠤ ᠪᠠᠷ ᠢᠳᠡᠪᠬᠢᠲᠡᠶ ᠴᠢᠷᠮᠠᠶᠢᠨ᠎ᠠ᠃ | ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠶᠠᠰᠦ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ︽ᠳᠡᠭᠡᠳᠦ | ᠬᠤᠷᠳᠤᠴᠠᠲᠤ ᠲᠡᠮᠦᠷ ᠵᠠᠮ ᠤᠨ ᠴᠠᠭ ᠦᠶ᠎ᠡ︾ ᠶᠢᠨ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠪᠠᠲᠤ | ᠡᠵᠡᠮᠳᠡᠵᠦ᠂ ᠤᠯᠠᠭᠠᠨᠬᠠᠳᠠ ᠬᠤᠲᠠ ᠶᠢᠨ ᠥᠪᠡᠰᠦᠪᠡᠨ ᠲᠡᠷᠭᠡ ᠵᠢᠯᠣᠭᠤᠳᠴᠤ ᠨᠠᠭᠠᠳᠬᠤ ᠵᠢᠭᠤᠯᠴᠢᠯᠠᠯ ᠤᠨ | ᠦᠵᠡᠮᠵᠢᠲᠦ ᠣᠷᠣᠨ ᠢ ᠡᠭᠦᠳᠦᠨ᠎ᠡ᠃ ᠪᠤᠷᠬᠠᠨᠲᠤ ᠬᠠᠯᠠᠭᠤᠨ ᠷᠠᠰᠢᠶᠠᠨ ᠤ ᠵᠢᠵᠢᠭ ᠪᠠᠯᠭᠠᠰᠤ᠂ ᠬᠤᠷᠬᠤᠭ ᠤᠨ | ᠤᠰᠤᠨ ᠰᠡᠯᠡᠭᠦᠴᠡᠯ ᠤᠨ ᠵᠢᠵᠢᠭ ᠪᠠᠯᠭᠠᠰᠤ ᠪᠠ ᠰᠢᠭᠤᠶᠢᠲᠤ ᠵᠢᠵᠢᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠤᠷᠬᠤᠭ ᠤᠨ ᠵᠤᠭᠠᠴᠠᠭᠰᠠᠳ ᠲᠤ ᠦᠢᠯᠡᠴᠢᠯᠡᠬᠦ ᠲᠥᠪ ᠢ ᠡᠷᠲᠡᠬᠡᠨ ᠪᠠᠶᠢᠭᠤᠯᠵᠤ | ᠠᠰᠢᠭᠯᠠᠯᠲᠠ ᠳᠤ ᠤᠷᠤᠭᠤᠯᠬᠤ ᠶᠢ ᠠᠬᠢᠭᠤᠯᠤᠨ᠂ ᠳ᠋ᠤᠤ ᠰᠢᠤᠢ ᠭᠧᠤ᠂ ᠽᠢ ᠮᠧᠩ ᠬᠡᠦᠨᠠᠭᠤᠷ ᠵᠡᠷᠭᠡ | ᠦᠵᠡᠮᠵᠢ ᠶᠢᠨ ᠤᠷᠤᠨ ᠤ ᠦᠢᠯᠡᠴᠢᠯᠡᠭᠡᠨ ᠤ ᠴᠢᠳᠠᠪᠤᠷᠢ ᠪᠠ ᠬᠦᠯᠢᠶᠡᠨ ᠠᠪᠬᠤ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠤ | ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠂ ᠨᠢᠭᠡ ᠪᠦᠯᠦᠭ ᠦᠪᠡᠷᠮᠢᠴᠡ ᠣᠨᠴᠠᠯᠢᠭ ᠪᠦᠬᠦᠢ ᠵᠢᠱᠢᠶ᠎ᠡ | ᠦᠵᠡᠭᠦᠯᠬᠦ ᠲᠣᠰᠬᠤᠨ ᠢ ᠪᠠᠶᠢᠭᠤᠯᠤᠨ᠎ᠠ᠃ ᠴᠧᠩᠳᠧ ᠤᠨ ᠬᠡᠪ ᠢᠶᠠᠷ ᠯᠠᠪᠯᠠᠯᠲᠠ ᠪᠣᠯᠭᠠᠵᠤ᠂ ᠵᠢᠭᠤᠯᠴᠢᠯᠠᠯ ᠤᠨ | ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠳᠤ ᠲᠥᠰᠢᠭᠯᠡᠨ᠂ ᠵᠢᠭᠤᠯᠴᠢᠯᠠᠯ ᠤᠨ ᠵᠠᠮ | ᠳᠠᠭᠠᠤ ᠶᠢᠨ ᠰᠤᠶᠤᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠢᠭᠤᠯᠴᠢᠯᠠᠯ ᠤᠨ ᠥᠷᠲᠡᠭᠡ᠂ | ᠦᠵᠡᠮᠵᠢ ᠰᠣᠨᠢᠷᠬᠠᠬᠤ ᠲᠠᠪᠴᠠᠩ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠤᠨ᠂ | ᠵᠢᠭᠤᠯᠴᠢᠯᠠᠯ ᠤᠨ ᠦᠵᠡᠮᠵᠢᠲᠦ ᠵᠠᠮ ᠢ ᠪᠠᠶᠢᠭᠤᠯᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ | ᠦᠢᠯᠡᠴᠢᠯᠡᠭᠡᠨ ᠤ ᠲᠣᠣᠷ ᠢ ᠪᠦᠷᠢᠯᠳᠦᠭᠦᠯᠦᠨ᠎ᠡ᠃ ︽ᠦᠵᠡᠮᠵᠢᠲᠦ ᠰᠠᠶᠢᠬᠠᠨ ᠲᠤᠮᠳᠠᠳᠦ ᠨᠡᠶᠢᠰᠯᠡᠯ᠂ ᠪᠠᠶᠢᠭᠠᠯᠢ ᠶᠢᠨ | ᠬᠦᠷᠢᠶᠡᠯᠡᠭᠲᠦ ᠨᠢᠩᠴᠧᠩ︾ ᠵᠢᠭᠤᠯᠴᠢᠯᠠᠯ ᠤᠨ ᠭᠤᠣᠯ ᠰᠡᠳᠦᠪᠲᠦ ᠲᠦᠷᠢ ᠲᠥᠷᠬᠦ ᠲᠠᠢ ᠤᠶᠠᠯᠳᠤᠭᠤᠯᠤᠨ᠂ ᠰᠣᠶᠣᠯ | ᠵᠢᠭᠤᠯᠴᠢᠯᠠᠯ ᠤᠨ ︽ᠨᠡᠷ᠎ᠡ ᠶᠢᠨ ᠬᠠᠭᠤᠳᠠᠰᠤ︾ ᠪᠠ ᠰᠣᠳᠣᠨ ᠵᠢᠭᠤᠯᠴᠢᠯᠠᠯ ᠤᠨ ᠵᠠᠮ ᠱᠤᠭᠤᠮ ᠢ ᠲᠠᠨᠢᠯᠴᠠᠭᠤᠯᠬᠤ | ᠡᠷᠴᠢᠮ ᠢᠶᠠᠨ ᠴᠢᠩᠭᠠᠷᠠᠭᠤᠯᠤᠨ᠎ᠠ᠃ ᠰᠣᠶᠣᠯ ᠵᠢᠭᠤᠯᠴᠢᠯᠠᠯ ᠤᠨ ᠨᠠᠶᠢᠷ ᠨᠠᠭᠠᠳᠤᠮ ᠤᠨ ᠠᠵᠢᠯᠯᠠᠭᠠᠨ ᠢ ᠦᠷᠭᠦᠯᠵᠢᠯᠡᠨ | ᠡᠷᠬᠢᠯᠡᠵᠦ᠂ ︽ᠨᠠᠶᠢᠷ ᠢᠶᠠᠷ ᠵᠢᠭᠤᠯᠴᠢᠯᠠᠯ ᠢ ᠠᠬᠢᠭᠤᠯᠤᠨ︾᠂ ᠨᠢᠩᠴᠧᠩ ᠤᠨ ᠵᠢᠭᠤᠯᠴᠢᠯᠠᠯ ᠤᠨ ᠰᠣᠶᠣᠯ ᠤᠨ | ᠨᠠᠷᠠᠲᠤ ᠲᠡᠮᠳᠡᠭ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ᠤᠲᠦ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ᠤᠯᠤᠰ ᠤᠨ ᠲᠠᠰ ᠤᠨ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ | ᠵᠢᠱᠢᠶ᠎ᠡ ᠦᠵᠡᠭᠦᠯᠬᠦ ᠰᠢᠶᠠᠨ ᠤ ᠪᠥᠲᠥᠭᠡᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠠᠬᠢᠭᠤᠯᠵᠤ᠂ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠴᠢᠳᠠᠮᠵᠢ ᠪᠠᠶᠢᠷᠢᠰᠢᠯ ᠢ ᠲᠡᠭᠦᠯᠳᠡᠷᠵᠢᠭᠦᠯᠦᠨ᠂ ᠠᠷᠠᠯᠵᠢᠶ᠎ᠠ ᠬᠤᠳᠠᠯᠳᠤᠭ᠎ᠠ | ᠪᠣᠳᠠᠰ ᠤᠨ ᠭᠦᠢᠯᠭᠡᠭᠡᠨ ᠤ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠤᠯᠤᠳ ᠮᠠᠲ᠋ᠧᠷᠢᠶᠠᠯ ᠤᠨ | ᠠᠷᠠᠯᠵᠢᠶ᠎ᠠ ᠬᠤᠳᠠᠯᠳᠤᠭᠠᠨ ᠤ ᠪᠣᠷᠣᠯᠠᠭᠤᠯᠤᠯᠲᠠ ᠶᠢᠨ ᠲᠣᠭᠤᠷᠢᠭ ᠢ ᠲᠥᠯᠥᠪᠵᠢᠭᠦᠯᠦᠨ᠂ ᠳᠤᠮᠳᠠᠳᠤ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠠᠩᠭᠠᠨ ᠪᠣᠷᠣᠯᠠᠭᠤᠯᠬᠤ ᠬᠦᠢᠳᠡᠨ ᠢᠶᠠᠷ ᠬᠠᠳᠠᠭᠠᠯᠠᠬᠤ ᠡᠳ᠋ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠣᠯᠤᠨ ᠬᠠᠩᠭᠠᠨ ᠪᠣᠷᠣᠯᠠᠭᠤᠯᠬᠤ ᠶᠡᠷᠤᠩᠬᠡᠶᠢᠯᠡᠭᠰᠡᠨ | ᠲᠠᠷᠢᠶᠠᠯᠠᠩ ᠳᠤ ᠤᠶᠢᠯᠡᠴᠢᠯᠡᠬᠦ ᠲᠥᠪ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠣᠯᠠᠨ ᠤᠯᠤᠰ ᠤᠨ | ᠬᠤᠳᠠᠯᠳᠤᠭᠠᠨ ᠤ ᠬᠤᠲᠠ ᠶᠢᠨ ᠨᠢᠭᠡᠳᠤᠭᠡᠷ ᠬᠤᠭᠤᠴᠠᠭ᠎ᠠ᠂ ᠳᠤᠮᠳᠠᠳᠤ ᠤᠯᠤᠰ ᠤᠨ ᠳᠠᠯᠠᠶ ᠶᠢᠨ ᠴᠢᠯᠠᠭᠤᠨ ᠲᠤᠰᠤᠨ | ᠰᠢᠨ᠎ᠡ ᠡᠨᠧᠷᠭᠢ ᠶᠢᠨ ᠰᠤᠷᠪᠤᠯᠵᠢ ᠶᠢᠨ ᠤᠳᠤ ᠦᠶ᠎ᠡ ᠶᠢᠨ ᠦᠢᠯᠡᠴᠢᠯᠡᠭᠡᠨ ᠤ ᠠᠷᠠᠯ ᠪᠣᠯᠤᠨ ᠰᠣᠯᠠ ᠢᠳᠡᠭᠡᠨ ᠢ | ᠲᠥᠪᠯᠡᠷᠡᠭᠦᠯᠦᠨ ᠪᠣᠯᠪᠠᠰᠤᠷᠠᠭᠤᠯᠬᠤ ᠣᠷᠣᠨ ᠤ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠩ ᠰᠢᠩ ᠮᠧᠢ | ᠺᠠᠢ ᠯᠥᠩ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠭᠡᠷ᠎ᠡ ᠲᠣᠭᠲᠠᠨ ᠰᠠᠭᠤᠷᠢᠰᠢᠬᠤ ᠶᠢ ᠭᠦᠴᠦᠯᠡᠨ | ᠠᠬᠢᠭᠤᠯᠤᠨ᠎ᠠ᠃ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠲᠠᠯ᠎ᠠ ᠪᠠᠷ ᠭᠠᠷᠳᠠᠵᠤ᠂ ᠪᠢ | ᠶᠧ ᠡᠷᠡᠭᠦᠯ ᠮᠡᠨᠳᠦ ᠶᠢᠨ ᠣᠶᠢᠯᠠᠭᠠᠬᠤ ᠲᠥᠪ ᠪᠠ ᠰᠢᠶᠤᠤ ᠴᠧᠩ ᠽᠢ ᠶᠢᠨ ᠡᠮᠴᠢᠯᠡᠭᠡ ᠨᠠᠰᠤᠵᠢᠯ ᠢ | ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠰᠤᠷᠭᠠᠨ ᠬᠥᠮᠦᠵᠢᠯ | ᠂ ᠨᠢᠯᠬᠠᠰ ᠬᠡᠦᠬᠡᠳ ᠢ ᠬᠥᠮᠦᠵᠢᠭᠦᠯᠬᠦ᠂ ᠡᠮᠴᠢᠯᠡᠭᠡ᠂ ᠰᠣᠶᠣᠯ ᠪᠣᠯᠪᠠᠰᠤᠷᠠᠯ ᠵᠡᠷᠭᠡ ᠰᠢᠨ᠎ᠡ ᠬᠡᠯᠪᠡᠷᠢ ᠶᠢᠨ | ᠤᠶᠢᠯᠡᠴᠢᠯᠡᠭᠡᠨ ᠤ ᠤᠶᠢᠯᠡᠰ ᠢ ᠢᠳᠡᠪᠬᠢᠲᠡᠶ ᠪᠦᠢᠵᠢᠭᠤᠯᠤᠨᠠ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠠᠩ ᠮᠢᠩ ᠮᠧᠬᠠᠨᠢᠭ ᠢ ᠨᠡᠶᠢᠯᠡᠭᠦᠯᠦᠨ ᠲᠠᠬᠢᠨ | ᠪᠠᠶᠢᠭᠤᠯᠬᠤ ᠰᠠᠭᠤᠷᠢ ᠮᠥᠩᠭᠦ ᠶᠢ ᠪᠠᠶᠢᠭᠤᠯᠵᠤ᠂ ᠰᠠᠢ ᠹᠸᠢ ᠶᠠ᠂ ᠳ᠋ᠦᠩ ᠹᠠᠩ ᠸᠠᠨ ᠴᠢ ᠵᠡᠷᠭᠡ ᠨᠠᠩ ᠣᠯᠠᠨ ᠠᠵᠤ | ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠭᠠᠬᠤ᠂ ᠰᠢᠭᠤᠳ ᠪᠠᠯᠨ ᠲᠣᠬᠢᠷᠠᠭᠤᠯᠭ᠎ᠠ ᠶᠢ ᠠᠬᠢᠭᠤᠯᠤᠨ | ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠭᠤᠰ ᠬᠠᠳᠠᠭᠠᠯᠠᠭᠰᠠᠨ ᠦᠯᠡᠳᠡᠪᠦᠷᠢ ᠲᠤᠭ᠎ᠠ ᠶᠢ 205 | ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 125 ᠳ᠋ᠦᠩᠰᠢᠭᠤᠷ ᠲᠥᠭᠦᠷᠢᠭ ᠳᠤ ᠬᠦᠷᠭᠡᠨ᠎ᠡ | ᠃ | ︵ᠭᠤᠷᠪᠠ︶ ᠨᠢᠭᠡᠳᠦᠯᠲᠡᠶ ᠲᠥᠯᠥᠪᠯᠡᠵᠦ ᠠᠭᠤᠰᠤᠯᠴᠠᠭᠤᠯᠬᠤ ᠶᠢ ᠴᠢᠩᠭᠠᠳᠬᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠵᠤ ᠬᠥᠳᠡᠭᠡ ᠲᠣᠰᠬᠤᠨ ᠢ ᠨᠠᠩ ᠦᠵᠡᠰᠬᠦᠯᠡᠩᠲᠦ ᠰᠠᠶᠢᠬᠠᠨ | ᠪᠣᠯᠭᠠᠨ᠎ᠠ | ᠭᠤᠷᠪᠠᠨ ᠶᠡᠭᠡ ᠰᠢᠯᠢᠳᠡᠭ ᠠᠵᠤ ᠦᠢᠯᠡᠰ ᠤᠨ ᠬᠥᠭᠵᠢᠯᠲᠡ ᠶᠢ ᠲᠦᠷᠭᠡᠳᠭᠡᠨ᠎ᠡ᠃ ᠳᠠᠷᠢᠵᠤ ᠲᠡᠵᠢᠭᠡᠬᠦ | ᠪᠦᠲᠦᠴᠡ ᠪᠠᠨ ᠰᠢᠯᠢᠳᠡᠭᠵᠢᠭᠦᠯᠬᠦ ᠶᠢ ᠦᠷᠭᠦᠯᠵᠢᠯᠡᠨ ᠲᠣᠬᠢᠷᠠᠭᠤᠯᠵᠤ᠂ ︽ᠭᠤᠷᠪᠠᠨ ᠳᠡᠭᠡᠳᠦ ᠬᠢᠵᠠᠭᠠᠷ ᠢ | ᠲᠤᠬᠳᠠᠭᠠᠬᠤ ᠦᠭᠡᠢ︾ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠳᠡᠨᠢ ᠰᠢᠰᠢ | ᠲᠠᠷᠢᠬᠤ ᠲᠠᠯᠠᠪᠠᠢ ᠶᠢ 10.1 ᠲᠥᠮᠠᠨ ᠮᠦ ᠲᠣᠬᠢᠷᠠᠭᠤᠯᠤᠨ ᠬᠠᠰᠤᠵᠤ᠂ 4.5 ᠲᠦᠮᠡᠨ ᠮᠥ ᠲᠥᠬᠦᠭᠡᠷᠤᠮᠵᠢᠲᠦ | ᠲᠠᠷᠢᠶᠠᠯᠠᠩ᠂ 2 ᠲᠦᠮᠡᠨ ᠮᠥ ᠣᠨᠴᠠᠯᠢᠠᠠᠳᠣ ᠲᠠᠷᠢᠮᠠᠯ ᠢ ᠰᠢᠨ᠎ᠡ ᠪᠠᠷ ᠨᠡᠮᠡᠭᠳᠡᠭᠦᠯᠵᠦ᠂ ᠶᠡᠭᠡ ᠵᠥᠩ ᠳ᠋ᠠ ᠱᠤᠸᠠᠩ | ᠮᠢᠶᠣᠣ᠂ ᠰᠠᠨ ᠽᠦᠸᠧ ᠳ᠋ᠢᠶᠠᠨ ᠰᠣᠩᠭᠢᠨ᠎ᠠ ᠶᠢᠨ ᠭᠤᠤ ᠵᠡᠷᠭᠡ ᠲᠦᠮᠡᠨ ᠮᠥ ᠨᠡᠷᠡᠨ ᠤ ᠬᠡᠷᠡᠯ ᠤᠨ ᠬᠦᠯᠡᠮᠵᠢ ᠶᠢᠨ 3 | ᠬᠦᠷᠢᠶᠡᠯᠡᠩ ᠲᠣᠭᠤᠷᠢᠭ ᠢ ᠡᠬᠢᠯᠡᠨ ᠪᠠᠶᠢᠭᠤᠯᠵᠤ᠂ ᠮᠡᠷᠡᠲᠦ ᠶᠢᠨ ᠲᠥᠪᠡᠳ ᠬᠠᠰᠢ᠂ ᠰᠢ ᠽᠢ ᠭᠤᠭᠤᠳ ᠤᠨ ᠲᠦᠮᠡᠨ | ᠮᠥ ᠨᠡᠷᠡᠨ ᠤ ᠬᠡᠷᠡᠯ ᠤᠨ ᠬᠦᠯᠡᠮᠵᠢ ᠶᠢᠨ 2 ᠬᠦᠷᠢᠶᠡᠯᠡᠩ ᠲᠣᠭᠤᠷᠢᠭ ᠢ ᠥᠷᠭᠡᠳᠬᠡᠨ ᠪᠠᠶᠢᠭᠤᠯᠵᠤ ᠂ ᠳ᠋ᠠ ᠮᠢᠩ ᠤᠨ | ᠵᠡᠭᠦᠨ ᠡᠷᠭᠦᠳ᠂ ᠬᠠᠷᠠᠬᠤᠲᠠ ᠶᠢᠨ ᠡᠯ ᠳ᠋ᠤᠤ ᠶᠢᠩᠽᠢ ᠵᠡᠷᠭᠡ ᠨᠢᠭᠡ ᠪᠦᠯᠦᠭ ᠥᠨᠳᠥᠷ ᠪᠠᠷᠢᠮᠵᠢᠶᠠᠲᠤ ᠮᠢᠩᠭᠠᠨ ᠮᠦ | ᠰᠡᠷᠢᠭᠦᠨ ᠰᠠᠷᠠᠪᠴᠢᠲᠦ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠣᠨᠴᠠᠯᠢᠭᠲᠤ ᠲᠠᠷᠢᠮᠠᠯ ᠤᠨ ᠰᠠᠭᠤᠷᠢᠨ | ᠭᠠᠵᠠᠷ ᠢ ᠪᠥᠳᠥᠭᠡᠨ ᠪᠠᠶᠢᠭᠤᠯᠤᠨ᠎ᠠ᠃ ᠵᠢᠮᠢᠰ ᠤᠨ ᠮᠣᠳᠣ ᠠᠵᠦ ᠠᠬᠤᠢ ᠶᠢᠨ ᠮᠤᠲᠦ ᠶᠢ 2 ᠲᠦᠮᠡᠨ ᠮᠥ | ᠰᠢᠨ᠎ᠡ ᠪᠠᠷ ᠨᠡᠮᠡᠭᠳᠡᠭᠦᠯᠦᠨ᠂ ᠰᠢᠶᠤᠤ ᠴᠧᠩ ᠽᠢ ᠶᠢᠨ ᠤᠳᠠᠨ ᠠᠶᠢᠯ᠂ ᠬᠠᠯᠠᠭᠤᠨ ᠷᠠᠰᠢᠶᠠᠨ ᠵᠡᠭᠡᠯᠢ ᠭᠤᠳᠤᠮᠵᠢ | ᠵᠡᠷᠭᠡ ᠵᠢᠮᠢᠰ ᠲᠡᠭᠦᠵᠦ ᠵᠢᠭᠤᠯᠴᠢᠯᠠᠬᠤ 5 ᠬᠦᠷᠢᠶᠡᠯᠡᠩ ᠢ ᠪᠠᠶᠢᠭᠤᠯᠤᠨ᠎ᠠ᠃ ᠲᠡᠵᠢᠭᠡᠬᠦ ᠶᠢ ᠴᠠᠭᠠᠵᠠᠯᠠᠬᠤ ᠣᠷᠣᠨ ᠢ | ᠵᠠᠭᠠᠭᠯᠠᠨ ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠮᠠᠯ ᠠᠵᠤ ᠠᠬᠤᠶ ᠶᠢᠨ ᠬᠥᠭᠵᠢᠯᠲᠡ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠯᠠᠰᠢᠨ ᠦᠬᠡᠷ ᠤᠨ ᠠᠵᠤ ᠤᠶᠢᠯᠡᠰ ᠢ ᠲᠤᠪᠤᠶᠢᠯᠭᠠᠨ ᠬᠦᠭᠵᠢᠭᠦᠯᠦᠨ᠂ | ᠪᠠᠷᠢᠮᠵᠢᠶᠠᠵᠢᠭᠤᠯᠤᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠪᠠ ᠲᠡᠵᠢᠭᠡᠨ ᠦᠷᠡᠵᠢᠭᠦᠯᠬᠦ ᠲᠥᠪᠯᠡᠷᠡᠯ ᠤᠨ | ᠣᠷᠣᠨ ᠢ ᠭᠤᠣᠯᠳᠠᠯᠭ᠎ᠠ ᠪᠣᠯᠭᠠᠨ ᠪᠠᠶᠢᠭᠤᠯᠤᠨ᠎ᠠ᠂ ︽ᠲᠥᠬᠦᠭᠡᠷᠤᠮᠵᠢᠲᠦ ᠲᠡᠷᠢᠶᠠᠯᠠᠩ ᠳᠤ ᠲᠤᠬᠳᠠᠬᠰᠠᠨ ᠰᠠᠭᠤᠴᠠ︾ | ᠶᠢᠨ ᠠᠰᠠᠭᠤᠲᠠᠯ ᠢ ᠲᠤᠰᠬᠠᠶᠢᠯᠠᠨ ᠴᠡᠭᠴᠡᠯᠡᠨ ᠵᠠᠰᠠᠬᠤ᠂ ᠪᠢᠳᠡᠭᠦᠮᠵᠢᠯᠠᠨ ᠤᠶᠢᠵᠢᠭᠤᠯᠤᠨ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠠᠹᠷᠢᠺᠠ ᠲᠢᠪ ᠤᠨ ᠭᠠᠭ᠋ᠠᠶ ᠵᠡᠷᠭᠡ ᠠᠮᠢᠲᠠᠨ ᠤ ᠬᠦᠨᠳᠦ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ | ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠲᠦᠷᠭᠡᠳᠬᠡᠨ ᠠᠬᠢᠭᠤᠯᠤᠨ᠎ᠠ᠃ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠩᠵᠢᠭᠦᠯᠦᠨ᠂ ᠰᠢᠶᠤᠤ ᠴᠧᠩᠽᠢ — ᠮᠡᠷᠡᠲᠦ — ᠰᠠᠨ ᠽᠦᠸᠧ ᠳ᠋ᠢᠶᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠪᠦᠰᠡ ᠪᠣᠯᠤᠨ ᠰᠢᠩ ᠬᠠ ᠱᠤᠭᠤᠮ | ᠲᠠᠭᠤ ᠶᠢᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ | ᠶᠡᠬᠡᠪᠡᠷ ᠲᠦᠯᠬᠢᠨ ᠠᠬᠢᠭᠤᠯᠵᠤ᠂ ᠰᠢᠶᠤᠤ ᠴᠧᠩ ᠽᠢ ᠶᠢᠨ ᠪᠦᠳᠦᠭᠦᠨ ᠤᠳᠠ ᠮᠤᠳᠤ ᠶᠢᠨ ᠬᠦᠳᠡᠭᠡ ᠶᠢᠨ ᠬᠠᠮ | ᠴᠤᠬᠴᠠ᠂ ᠤᠭᠤᠷ ᠤᠨ ᠤᠰᠤᠲᠠᠶ ᠭᠤᠤ ᠠᠮᠢ ᠠᠬᠤᠶ ᠶᠢᠨ ᠬᠦᠨᠳᠡᠢ ᠵᠡᠷᠭᠡ ᠲᠦᠷᠦᠯ ᠵᠦᠢᠯ ᠢ ᠡᠬᠢᠯᠡᠭᠦᠯᠦᠨ | ᠪᠠᠶᠢᠭᠤᠯᠤᠨ᠂ ᠸᠧᠨ ᠣᠪᠣᠬᠳᠠᠨ ᠤ ᠪᠦᠯᠦᠭᠯᠡᠯ ᠤᠨ ᠪᠤᠷᠳᠤᠭᠠᠨ ᠦᠢᠯᠡᠳᠪᠦᠷᠢ᠂ ᠸᠠᠨ ᠢᠩᠽᠢ ᠶᠢᠨ ᠭᠠᠭ᠋ᠠᠶ ᠶᠢᠨ | ᠵᠤᠯᠵᠠᠭ᠎ᠠ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠠᠰᠢᠭᠯᠠᠯᠲᠠ ᠳᠤ ᠤᠷᠤᠭᠤᠯᠬᠤ ᠶᠢ ᠠᠬᠢᠭᠤᠯᠤᠨ᠂ | ᠸᠧᠨ ᠣᠪᠣᠬᠳᠠᠨ — ᠺᠠᠩ ᠵᠢᠶᠠᠨ ᠭᠠᠭ᠋ᠠᠶ ᠨᠢᠲᠤᠯᠵᠤ ᠡᠳ᠋ᠰᠢᠭᠦᠯᠬᠦ ᠲᠥᠷᠥᠯ ᠵᠤᠶᠢᠯ ᠤᠨ ᠪᠠᠷᠢᠯᠭ᠎ᠠ ᠡᠬᠢᠯᠡᠭᠦᠯᠬᠦ ᠶᠢ | ᠬᠦᠴᠦᠯᠡᠨ ᠠᠬᠢᠭᠤᠯᠤᠨ᠂ 5000 ᠲᠦᠮᠡᠨ ᠰᠢᠷᠬᠡᠭ ᠠᠴᠠ ᠳᠡᠭᠡᠭᠰᠢ ᠢᠳᠡᠰᠢᠨ ᠨᠣᠭᠤᠭᠠᠨ ᠤ ᠴᠢᠬᠢ | ᠪᠤᠶᠢᠵᠢᠭᠤᠯᠬᠤ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠦᠨ᠂ ᠥᠪᠥᠷ ᠮᠣᠩᠭᠤᠯ ᠤᠨ ᠠᠩᠬᠠᠳᠠᠬᠴᠢ ᠠᠯᠮᠤᠷᠠᠳ | ᠮᠦᠽᠧᠶ ᠶᠢ ᠪᠠᠶᠢᠭᠤᠯᠤᠨ᠎ᠠ᠃ ᠨᠢᠭᠡ ᠪᠦᠯᠦᠭ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠭᠡᠷ ᠪᠦᠯᠢ ᠶᠢᠨ | ᠮᠠᠯᠵᠢᠯ ᠤᠨ ᠲᠠᠯᠠᠪᠠᠢ᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ︽ | ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠨᠢᠩᠴᠧᠩ ᠤᠨ ᠣᠷᠣᠨ ᠪᠦᠰᠡ ᠶᠢᠨ ᠤᠯᠠᠨ ᠨᠡᠶᠢᠲᠡ ᠶᠢᠨ ᠨᠡᠷᠡᠲᠤ | ᠲᠡᠮᠲᠡᠭ ᠢ ᠪᠤᠢ ᠪᠣᠯᠭᠠᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ | ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ᠪᠡᠭᠡᠵᠢᠩ᠂ ᠱᠠᠩᠬᠠᠶ ᠵᠡᠷᠭᠡ ᠬᠤᠲᠠ ᠶᠢᠨ ᠭᠠᠳᠠᠨᠠᠬᠢ ᠵᠠᠬ᠎ᠠ | ᠳᠡᠯᠭᠡᠭᠦᠷ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠨ ᠽᠦᠸᠧ ᠳ᠋ᠢᠶᠠᠨ ᠤ ᠲᠠᠷᠢᠶᠠᠯᠠᠩ ᠤᠨ | ᠪᠦᠲᠦᠭᠡᠭᠳᠡᠬᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ | ᠡᠬᠢᠯᠡᠭᠦᠯᠬᠦ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠰᠢᠶᠠᠨ᠂ ︽ᠪᠠᠷᠢᠮᠵᠢᠶᠠᠵᠢᠭᠤᠯᠤᠯᠲᠠ + ᠲᠠᠷᠢᠶᠠᠯᠠᠩ︾ ᠤᠨ ᠵᠢᠱᠢᠶ᠎ᠡ ᠦᠵᠡᠭᠦᠯᠬᠦ | ᠰᠢᠶᠠᠨ ᠢ ᠪᠠᠶᠢᠭᠤᠯᠬᠤ ᠠᠵᠢᠯ ᠢ ᠪᠡᠶᠡᠯᠡᠭᠦᠯᠦᠨ᠎ᠡ᠃ | ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠲᠦᠷᠭᠡᠪᠴᠢᠯᠡᠨ ᠪᠠᠶᠢᠭᠤᠯᠤᠨ᠎ᠠ᠃ | ᠵᠧᠵᠢᠶᠠᠩ ᠮᠤᠵᠢ ᠶᠢᠨ ︽ᠮᠢᠩᠭᠠᠨ ᠲᠤᠰᠬᠤᠨ ᠵᠢᠱᠢᠶ᠎ᠡ ᠦᠵᠡᠭᠦᠯᠦᠨ᠂ ᠲᠥᠮᠡᠨ ᠲᠤᠰᠬᠤᠨ ᠴᠡᠭᠴᠡᠯᠡᠨ ᠵᠠᠰᠠᠬᠤ︾ | ᠢᠨᠵᠧᠨᠧᠷᠢᠩ ᠤᠨ ᠲᠤᠷᠰᠢᠯᠭ᠎ᠠ ᠶᠢ ᠬᠦᠨᠵᠡᠭᠡᠢ ᠰᠤᠷᠤᠯᠴᠠᠨ᠂ ᠬᠥᠳᠡᠭᠡ ᠲᠣᠰᠬᠤᠨ ᠤ ᠬᠥᠮᠦᠰ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠢᠶᠠᠷ ᠦᠷᠨᠢᠭᠦᠯᠦᠨ᠂ ᠲᠣᠰᠬᠤᠨ ᠤ | ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠨᠢᠭᠡ ᠴᠤᠬᠴᠠᠵᠢᠭᠤᠯᠤᠯᠲᠠ᠂ ᠬᠠᠶᠠᠭᠳᠠᠮᠠᠯ ᠪᠣᠬᠢᠷ ᠵᠤᠶᠢᠯ ᠢ ᠰᠢᠢᠳᠪᠤᠷᠢᠯᠡᠬᠦ᠂ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠂ ︽ᠵᠣᠷᠯᠣᠩ ᠤᠨ ᠬᠤᠪᠢᠰᠬᠠᠯ︾ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ | ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ︽ | ᠬᠥᠳᠡᠭᠡ ᠶᠢᠨ ᠵᠠᠮ ᠤᠨ ᠳᠥᠷᠪᠡᠨ ᠰᠠᠶᠢᠲᠤᠷ︾ ᠪᠤᠯᠤᠨ ︽ᠰᠥᠯᠵᠢᠶ᠎ᠡ ᠬᠥᠳᠡᠭᠡ ᠨᠡᠪᠲᠡᠷᠡᠬᠦ︾ ᠵᠡᠷᠭᠡ | ᠢᠨᠵᠧᠨᠧᠷᠢᠩ ᠤᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠪᠣᠯᠪᠠᠰᠤᠨ ᠲᠣᠰᠬᠤᠨ᠂ ᠪᠣᠯᠪᠠᠰᠤᠨ ᠭᠡᠷ ᠪᠦᠯᠢ ᠵᠡᠷᠭᠡ | ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠲᠦᠷᠭᠡᠪᠴᠢᠯᠡᠨ ᠠᠬᠢᠭᠤᠯᠵᠤ᠂ ᠪᠣᠯᠪᠠᠰᠤᠨ | ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠬᠡᠯ ᠪᠣᠷᠣᠭᠵᠢᠭᠤᠨ ᠢᠷᠭᠡᠨ ᠤ ᠰᠤᠷᠲᠠᠯ ᠢ ᠶᠡᠬᠡᠪᠡᠷ | ᠬᠥᠮᠦᠵᠢᠭᠦᠯᠵᠦ᠂ ᠲᠠᠷᠢᠶᠠᠴᠢᠳ ᠤᠨ ᠴᠤᠭ ᠵᠠᠯᠢ ᠰᠦ᠋ᠷ ᠰᠦᠯᠳᠡ ᠶᠢ ᠤᠯᠠᠮ ᠨᠢᠭᠡ ᠠᠯᠬᠤᠮ ᠰᠡᠷᠭᠦᠭᠡᠵᠦ | ᠬᠦᠭᠵᠢᠭᠡᠨ᠎ᠡ᠃ ᠬᠦᠳᠡᠭᠡ ᠲᠤᠰᠬᠤᠨ ᠤ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠬᠥᠭᠵᠢᠭᠦᠯᠦᠨ | ᠪᠤᠵᠠᠭᠠᠶᠢᠷᠠᠭᠤᠯᠵᠤ᠂ ᠰᠢᠨ᠎ᠡ ᠮᠠᠶ᠋ᠢᠭ ᠤᠨ ᠠᠵᠢᠯ ᠡᠷᠬᠢᠯᠡᠳᠡᠭ ᠲᠠᠷᠢᠶᠠᠴᠢᠳ ᠢ ᠪᠤᠢ ᠪᠣᠯᠭᠠᠨ᠎ᠠ᠃ ᠬᠦᠳᠡᠭᠡ | ᠲᠤᠰᠬᠤᠨ ᠢ ᠬᠦᠭᠵᠢᠬᠦᠯᠦᠨ ᠮᠠᠨᠳᠣᠭᠤᠯᠬᠤ ᠴᠢᠳᠠᠪᠤᠷᠢᠳᠠᠨ ᠤ ᠲᠦᠰᠢᠭ ᠢ ᠴᠢᠩᠭᠠᠳᠬᠠᠨ᠂ ᠨᠡᠶᠢᠭᠡᠮ ᠤᠨ | ᠴᠢᠳᠠᠪᠤᠷᠢᠲᠡᠨ ᠬᠦᠳᠡᠭᠡ ᠲᠤᠰᠬᠤᠨ ᠳᠤ ᠤᠷᠤᠯᠴᠠᠬᠤ ᠶᠢ ᠵᠤᠷᠢᠬᠵᠢᠭᠤᠯᠤᠨ᠂ ᠬᠥᠳᠡᠭᠡ ᠲᠣᠰᠬᠤᠨ ᠤ ᠬᠠᠤᠯᠢ | ᠳᠦᠷᠢᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠠᠤᠯᠢ ᠪᠠᠷ ᠵᠠᠰᠠᠬᠤ ᠦᠢᠯᠡᠴᠢᠯᠡᠭᠡ ᠶᠢ | ᠲᠡᠭᠦᠯᠳᠡᠷᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠳᠤ ᠬᠠᠤᠯᠢ ᠪᠠᠷ ᠵᠠᠰᠠᠬᠤ | ᠬᠦᠴᠦᠲᠡᠶ ᠪᠠᠲᠤᠯᠠᠭ᠎ᠠ ᠬᠠᠩᠭᠠᠨ᠎ᠠ᠃ | ︵ᠲᠥᠷᠪᠡ︶ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠥᠭᠡᠷᠡᠴᠢᠯᠡᠯᠲᠡ | ᠨᠡᠭᠡᠭᠡᠯᠳᠡ ᠶᠢ ᠬᠦᠴᠦᠯᠡᠨ ᠭᠦᠨᠵᠡᠭᠡᠶᠢᠷᠡᠭᠦᠯᠵᠦ᠂ ᠬᠥᠳᠡᠯᠭᠡᠬᠦ ᠬᠦᠴᠦᠨ ᠢ ᠨᠡᠩ ᠢᠳᠡ ᠬᠦᠴᠦᠲᠡᠢ ᠪᠠᠶᠢᠯᠭᠠᠨ᠎ᠠ | ᠵᠠᠩᠭᠢᠯᠠᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠬᠦ ᠶᠢ ᠬᠦᠴᠦᠯᠡᠨ ᠠᠬᠢᠭᠤᠯᠤᠨ᠎ᠠ᠃ | ᠵᠠᠰᠠᠭ ᠤᠨ ᠣᠷᠳᠣᠨ ᠤ ᠪᠠᠢᠭᠤᠯᠤᠮᠵᠢ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ᠡᠭᠦᠷᠭᠡ ᠴᠢᠳᠠᠪᠬᠢ ᠶᠢᠨ | ᠲᠤᠬᠢᠷᠠᠭᠤᠯᠤᠯᠳᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ | ᠰᠢᠯᠤᠭᠤᠳᠬᠠᠵᠤ᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ | ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠢ ᠲᠦᠷᠭᠡᠨ | ᠪᠠᠶᠢᠭᠤᠯᠵᠦ᠂ ᠲᠠᠷᠢᠶᠠᠯᠠᠩ ᠮᠠᠯ ᠠᠵᠤ ᠠᠬᠤᠶ᠂ ᠬᠤᠳᠠ ᠶᠢᠨ ᠬᠠᠮᠢᠶᠠᠷᠤᠯᠲᠠ᠂ ᠵᠡᠮ ᠲᠡᠭᠡᠭᠡᠪᠦᠷᠢ᠂ ᠰᠣᠶᠣᠯ ᠤᠨ | ᠵᠠᠬ᠎ᠠ ᠳᠡᠯᠭᠡᠭᠦᠷ ᠵᠡᠷᠭᠡ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮ ᠢ ᠢᠵᠢ ᠪᠦᠷᠢᠳᠦᠭᠦᠯᠦᠨ ᠪᠠᠶᠢᠭᠤᠯᠤᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ | ᠂ ᠡᠬᠢ ᠪᠠᠶᠠᠯᠢᠭ ᠤᠨ ᠲᠤᠬᠢᠷᠠᠭᠤᠯᠭ᠎ᠠ ᠶᠢ ᠰᠢᠯᠢᠳᠡᠭᠵᠢᠭᠦᠯᠵᠦ᠂ ᠥᠷᠢᠰᠥᠯᠳᠦᠭᠡᠨ ᠤ ᠳᠠᠪᠠᠭᠤᠯᠢᠭ ᠪᠠ | ᠬᠥᠭᠵᠢᠯᠲᠡ ᠶᠢᠨ ᠰᠡᠯᠭᠦᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ ᠴᠢᠩᠭᠠᠳᠬᠠᠨ᠎ᠠ᠃ ᠬᠤᠳᠠᠯᠳᠤᠭᠠᠨ ᠤ | ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠷᠬᠦᠯᠵᠢᠯᠡᠨ ᠥᠷᠭᠡᠳᠬᠡᠵᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠤᠨ ᠪᠦᠲᠦᠭᠡᠯᠴᠢ ᠴᠢᠳᠠᠪᠤᠷᠢ ᠶᠢ ᠭᠦᠢᠴᠡᠳ ᠬᠦᠭᠵᠢᠭᠡᠨ᠎ᠡ᠃ ᠬᠥᠳᠡᠭᠡ | ᠲᠣᠰᠬᠤᠨ ᠤ ᠡᠯ᠎ᠡ ᠵᠤᠶᠢᠯ ᠤᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠬᠥᠳᠡᠭᠡ | ᠲᠣᠰᠬᠤᠨ ᠤ ︽ᠭᠤᠷᠪᠠᠨ ᠬᠤᠪᠢᠷᠠᠭᠤᠯᠬᠤ︾ ᠪᠠ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | ᠨᠡᠭᠡᠭᠡᠯᠲᠡ ᠶᠢᠨ ᠬᠢᠷᠢ ᠲᠦᠪᠰᠢᠨ ᠳᠠᠬᠢᠨᠲᠠ ᠲᠠᠰ ᠲᠡᠪᠰᠢᠭᠦ ᠶᠢ ᠬᠦᠴᠦᠯᠡᠨ ᠠᠬᠢᠭᠤᠯᠤᠨ᠎ᠠ᠃ ᠡᠷᠬᠢᠨ | ᠲᠣᠭᠤᠷᠢᠨ ᠤ ᠭᠠᠵᠠᠷ ᠣᠷᠣᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ | ᠨᠥᠬᠦᠪᠥᠷᠢᠯᠡᠬᠦ ᠶᠢ ᠠᠬᠢᠭᠤᠯᠤᠨ᠂ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠠᠬᠢᠭᠤᠯᠵᠤ᠂ ᠬᠠᠮᠲᠤᠷᠠᠯᠴᠠᠭ᠎ᠠ ᠬᠢᠵᠦ | ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ᠃ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠢ ᠴᠢᠩᠭ᠎ᠠ | ᠡᠵᠡᠮᠳᠡᠵᠦ᠂ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠠᠵᠢᠯᠯᠠᠭᠠᠨ ᠢ ᠯᠠᠪᠳᠠᠭᠤᠨ ᠦᠷᠨᠢᠭᠦᠯᠦᠨ᠂ ᠪᠡᠭᠡᠵᠢᠩ | ᠲᠢᠶᠠᠨᠵᠢᠨ ᠾᠧᠪᠧᠶ᠂ ᠬᠥᠬᠡᠮᠥᠷᠡᠨ ᠤ ᠭᠤᠷᠪᠠᠯᠵᠢᠨ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ | ᠭᠤᠣᠯᠳᠠᠯᠭ᠎ᠠ ᠲᠠᠢ ᠭᠠᠵᠠᠷ ᠣᠷᠣᠨ ᠢ ᠤᠨᠢᠯᠠᠵᠦ᠂ ᠨᠠᠷᠢᠨ ᠨᠢᠭᠲᠠ ᠴᠢᠳᠬᠤᠮᠠᠯ ᠲᠣᠨᠤᠭ᠂ ᠨᠠᠷᠢᠯᠢᠭ ᠬᠢᠮᠢ ᠶᠢᠨ ᠠᠵᠤ | ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠲᠡᠮᠦᠷᠯᠢᠭ ᠪᠣᠯᠪᠠᠰᠤᠷᠠᠭᠤᠯᠬᠤ ᠵᠡᠷᠭᠡ ᠬᠡᠳᠦᠨ ᠶᠡᠭᠡ ᠳᠠᠪᠠᠭᠤᠯᠢᠭ ᠠᠵᠤ | ᠤᠶᠢᠯᠡᠰ ᠲᠠᠢ ᠤᠶᠠᠯᠳᠤᠭᠤᠯᠤᠨ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠨ᠂ ᠭᠤᠣᠯᠯᠠᠬᠤ ᠠᠵᠤ | ᠦᠢᠯᠡᠰ ᠤᠨ ᠡᠷᠴᠷᠮᠵᠢᠭᠰᠡᠨ ᠲᠥᠪᠯᠡᠷᠡᠭᠰᠡᠨ ᠰᠦᠷᠦᠭᠵᠢᠯ ᠤᠨ ᠬᠥᠭᠵᠢᠯᠲᠡ ᠶᠢ ᠠᠬᠢᠭᠤᠯᠤᠨ᠎ᠠ᠃ ᠪᠡᠭᠡᠵᠢᠩ | ᠲᠢᠶᠠᠨᠵᠢᠨ ᠾᠧᠪᠧᠶ ᠶᠢᠨ ᠠᠵᠤ ᠦᠢᠯᠡᠰ ᠤᠨ ᠰᠢᠯᠵᠢᠯᠲᠡ ᠲᠠᠢ ᠢᠳᠡᠪᠬᠢᠲᠡᠶ ᠵᠠᠯᠭᠠᠯᠳᠤᠭᠤᠯᠤᠨ᠂ ᠲᠠᠩᠱᠠᠨ ᠤ ᠶᠢᠨ | ᠮᠠ ᠪᠦᠯᠦᠭᠯᠡᠯ ᠤᠨ ᠵᠢᠯ ᠤᠨ ᠭᠠᠷᠤᠯᠲᠠ 300 ᠲᠦᠮᠡᠨ ᠲᠣᠨ ᠤ ᠪᠤᠯᠤᠳ ᠲᠡᠮᠦᠷ ᠤᠨ ᠦᠢᠯᠡᠳᠪᠦᠷᠢᠯᠡᠯ ᠤᠨ | ᠲᠦᠷᠦᠯ ᠵᠦᠢᠯ ᠢ ᠪᠦᠬᠦᠯᠢ ᠴᠤᠬᠴᠠ ᠪᠠᠷ ᠨᠡᠭᠦᠯᠭᠡᠬᠦ ᠶᠢ ᠬᠦᠴᠦᠯᠡᠨ ᠠᠬᠢᠭᠤᠯᠤᠨ᠂ ᠲᠠᠩᠱᠠᠨ ᠤ ᠰᠥᠩ ᠲᠢᠩ | ᠪᠦᠯᠦᠭᠯᠡᠯ ᠤᠨ ᠵᠢᠯ ᠤᠨ ᠭᠠᠷᠤᠯᠲᠠ 400 ᠲᠦᠮᠡᠨ ᠲᠣᠨ ᠤ ᠪᠤᠯᠤᠳ ᠲᠡᠮᠦᠷ ᠤᠨ ᠦᠢᠯᠡᠳᠪᠦᠷᠢᠯᠡᠯ ᠤᠨ ᠲᠦᠷᠦᠯ | ᠵᠦᠢᠯ ᠢ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ | ᠤᠷᠤᠭᠤᠯᠬᠤ ᠶᠢ ᠠᠬᠢᠭᠤᠯᠤᠨ᠎ᠠ᠃ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠰᠢᠨ᠎ᠡ ᠵᠠᠭᠪᠤᠷ ᠢ ᠬᠠᠶᠢᠨ | ᠰᠦᠪᠡᠭᠴᠢᠯᠡᠵᠦ᠂ ᠪᠠᠷᠢᠮᠵᠢᠶᠠᠵᠢᠬᠰᠠᠨ ᠦᠢᠯᠡᠳᠪᠦᠷᠢ ᠶᠢᠨ ᠠᠷᠠᠯᠵᠢᠶᠠᠴᠢᠨ ᠤᠷᠢᠬᠤ ᠶᠢ ᠠᠬᠢᠭᠤᠯᠤᠨ᠎ᠠ᠃ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠲᠡᠬᠢᠨᠲᠡ ᠲᠥᠷᠭᠡᠰᠬᠦ ᠶᠢ ᠬᠦᠴᠦᠯᠡᠨ ᠠᠬᠢᠭᠤᠯᠤᠨ᠎ᠠ᠃ | ᠭᠤᠤᠯᠳᠠᠯᠭ᠎ᠠ ᠲᠠᠢ ᠲᠥᠷᠥᠯ ᠵᠤᠶᠢᠯ ᠢ 55 ᠵᠦᠢᠯ ᠬᠡᠷᠡᠭᠵᠢᠭᠦᠯᠬᠦ ᠪᠠᠷ ᠲᠥᠯᠥᠪᠯᠡᠵᠦ᠂ 83 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ︽ᠲᠠᠪᠤᠨ ᠨᠢᠭᠡ︾ ᠲᠤᠰᠬᠠᠶ ᠵᠦᠢᠯ ᠢᠶᠠᠷ ᠲᠦᠯᠬᠢᠨ | ᠠᠬᠢᠭᠤᠯᠬᠤ ᠬᠠᠷᠢᠭᠤᠴᠠᠯᠭ᠎ᠠ ᠶᠢᠨ ᠳᠦᠷᠢᠮ ᠪᠠ ᠠᠮᠤᠷ ᠲᠦᠪᠰᠢᠨ ᠤ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ | ᠳᠥᠷᠢᠮ ᠢ ᠦᠷᠭᠦᠯᠵᠢᠯᠡᠨ ᠬᠡᠷᠡᠭᠵᠢᠭᠦᠯᠵᠦ᠂ ᠭᠠᠷ ᠭᠦᠢᠴᠳᠭᠡᠯ ᠢ ᠭᠦᠢᠴᠡᠳᠭᠡᠬᠦ ᠶᠢ ᠲᠦᠷᠭᠡᠳᠭᠡᠨ᠂ ᠲᠥᠷᠥᠯ | ᠵᠦᠢᠯ ᠢ ᠬᠢᠨᠠᠨ ᠵᠥᠪᠰᠢᠶᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠵᠦ᠂ ᠨᠢᠭᠡ ᠪᠦᠯᠦᠭ ᠲᠥᠷᠥᠯ ᠵᠤᠶᠢᠯ ᠢ ᠠᠯᠢ | ᠲᠦᠷᠭᠡᠨ ᠢᠶᠠᠷ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ | ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠳᠡᠭᠡᠳᠦ ᠱᠠᠲᠤᠨ ᠤ ᠪᠠᠯᠠ | ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠪᠤᠶᠢᠵᠢᠭᠤᠯᠬᠤ᠂ ᠠᠮᠢ | ᠠᠬᠤᠶ ᠶᠢ ᠵᠠᠰᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠲᠠᠢ ᠤᠶᠠᠯᠳᠤᠭᠤᠯᠤᠨ᠂ ᠳᠤᠲᠠᠭᠤᠳᠠᠯ ᠢ ᠨᠥᠬᠦᠪᠥᠷᠢᠯᠡᠬᠦ᠂ | ᠪᠠᠭᠤᠷᠠᠢ ᠶᠢ ᠴᠢᠩᠭᠠᠳᠬᠠᠬᠤ᠂ ᠰᠠᠭᠤᠷᠢ ᠶᠢ ᠪᠠᠬᠢᠵᠢᠭᠦᠯᠵᠦ ᠪᠠᠶᠢᠭ᠎ᠠ ᠴᠢᠬᠤᠯᠠ ᠶᠡᠭᠡ ᠵᠦᠢᠯᠡᠰ ᠢ ᠨᠤᠲᠠᠯᠠᠨ | ᠨᠦᠭᠡᠴᠡᠯᠡᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠡᠬᠢᠨᠲᠡ ᠰᠢᠯᠢᠳᠡᠭᠵᠢᠭᠦᠯᠬᠦ ᠶᠢ ᠬᠦᠴᠦᠯᠡᠨ ᠠᠬᠢᠭᠤᠯᠤᠨ᠎ᠠ᠃ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠳᠠᠷᠦ᠋ᠢᠬᠠᠨ ᠰᠢᠢᠳᠪᠦᠷᠢᠯᠡᠬᠦ᠂ | ᠰᠦᠯᠵᠢᠶᠡᠨ ᠳᠡᠭᠡᠷ᠎ᠡ ᠰᠢᠢᠳᠪᠦᠷᠢᠯᠡᠬᠦ᠂ ᠣᠶᠢᠷ᠎ᠠ ᠬᠠᠪᠢ ᠳᠤᠨᠢ ᠰᠢᠢᠳᠪᠦᠷᠢᠯᠡᠬᠦ︾ ᠵᠠᠷᠴᠢᠮ ᠶᠤᠰᠤᠭᠠᠷ᠂ ᠬᠢᠨᠠᠨ | ᠵᠥᠪᠰᠢᠶᠡᠷᠡᠬᠦ ᠭᠤᠭᠴᠤᠭ᠎ᠠ ᠪᠣᠯᠤᠨ ᠬᠡᠷᠡᠭ ᠬᠦᠢᠴᠡᠳᠭᠡᠬᠦ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠨᠢᠭᠡ | ᠪᠠᠶᠢᠭᠤᠯᠤᠮᠵᠢ ᠭᠥᠯᠢᠶᠡᠨ ᠠᠪᠴᠤ᠂ ᠨᠢᠭᠡ ᠯᠡ ᠤᠳᠠᠭ᠎ᠠ ᠭᠦᠶᠦᠬᠦ ᠪᠠ ᠰᠠᠯᠠᠭ᠎ᠠ ᠮᠥᠴᠢᠷ ᠣᠷᠣᠯᠠᠨ ᠭᠦᠢᠴᠡᠳᠬᠡᠬᠦ | ᠲᠦᠷᠢᠮ ᠢ ᠬᠡᠷᠩᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡᠯᠡ ᠰᠦᠯᠵᠢᠶ᠎ᠡ ᠪᠠᠷ ᠪᠦᠬᠦᠨ ᠢ | ᠰᠢᠢᠳᠪᠦᠷᠢᠯᠡᠬᠦ ᠶᠢ ᠲᠦᠷᠭᠡᠪᠴᠢᠯᠡᠨ ᠪᠡᠶᠡᠯᠡᠭᠦᠯᠦᠨ᠎ᠡ᠃ ᠠᠷᠠᠳ ᠤᠨ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ | ᠳᠡᠮᠵᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠂ ᠵᠠᠬ᠎ᠠ ᠳᠡᠯᠭᠡᠭᠦᠷ ᠤᠨ ᠢᠲᠡᠭᠡᠯ ᠢ | ᠨᠡᠮᠡᠭᠳᠡᠭᠦᠯᠦᠨ ᠤᠷᠮᠠᠰᠢᠭᠤᠯᠤᠨ᠂ ᠠᠷᠠᠳ ᠤᠨ ᠡᠵᠡᠩᠨᠡᠭᠰᠡᠨ ᠠᠵᠤ ᠠᠬᠤᠶ ᠴᠡᠴᠡᠭᠯᠡᠨ ᠬᠥᠭᠵᠢᠬᠦ᠂ ᠴᠢᠨᠠᠷ ᠰᠠᠶᠢᠲᠠᠢ | ᠬᠦᠭᠵᠢᠬᠦ ᠶᠢ ᠠᠬᠢᠭᠤᠯᠤᠨ᠎ᠠ᠃ ᠠᠵᠤ ᠠᠬᠤᠶ ᠶᠢᠨ ᠡᠮᠬᠢ ᠵᠢᠷᠤᠮ ᠢ ᠡᠪᠳᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠤᠶᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠥᠪ ᠭᠤᠣᠯᠴᠢ ᠢᠯᠡ ᠲᠤᠳᠤ᠂ ᠡᠮᠬᠢ | ᠵᠢᠷᠤᠮ ᠲᠠᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠨ᠂ ᠠᠷᠠᠳ ᠤᠨ ᠡᠵᠡᠩᠨᠡᠭᠰᠡᠨ | ᠠᠵᠦ ᠠᠬᠤᠶᠢᠯᠠᠯ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠎ᠠ᠃ | ︵ᠲᠠᠪᠤ︶ ᠪᠠᠶᠢᠭᠤᠯᠵᠤ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠰᠠᠭᠤᠷᠢ ᠪᠥᠳᠥᠭᠡᠨ | ᠪᠠᠶᠢᠭᠤᠯᠤᠯᠲᠠ ᠶᠢ ᠬᠦᠴᠦᠯᠡᠨ ᠲᠦᠷᠭᠡᠳᠬᠡᠵᠦ᠂ ᠬᠤᠳᠠ ᠪᠠᠨ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠶ | ᠪᠣᠯᠭᠠᠨ᠎ᠠ | ᠤᠳᠤ ᠦᠶ᠎ᠡ ᠶᠢᠨ ᠪᠣᠯᠪᠠᠰᠤᠨ ᠬᠤᠲᠠ ᠢ ᠪᠠᠶᠢᠭᠤᠯᠤᠨ᠎ᠠ᠃ ᠲᠥᠯᠥᠪᠵᠢᠭᠦᠯᠭᠡ ᠪᠠᠷ ᠬᠤᠳᠠ ᠶᠢᠨ ᠪᠦᠳᠦᠭᠡᠠ | ᠪᠠᠶᠢᠭᠤᠯᠤᠯᠲᠠ ᠶᠢᠨ ᠬᠥᠭᠵᠢᠯᠲᠡ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠬᠤᠳᠠ ᠶᠢᠨ ᠶᠡᠷᠦᠩᠬᠡᠶ | ᠲᠥᠯᠥᠪᠵᠢᠭᠦᠯᠭᠡ ᠪᠣᠯᠤᠨ ᠳᠡᠭᠡᠳᠦ ᠬᠤᠷᠳᠤᠴᠠᠲᠤ ᠳᠡᠮᠤᠷ ᠵᠠᠮ ᠤᠨ ᠡᠷᠬᠢᠨ ᠲᠣᠭᠤᠷᠢᠨ ᠤ ᠬᠡᠷᠡᠭᠯᠡᠬᠦ ᠭᠠᠵᠠᠷ ᠢ | ᠬᠢᠵᠠᠭᠠᠷᠯᠠᠬᠤ ᠴᠢᠨᠠᠷᠲᠠᠶ ᠲᠥᠯᠥᠪᠵᠢᠭᠦᠯᠭᠡ ᠶᠢᠨ ᠨᠠᠷᠢᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠶᠢ | ᠪᠡᠶᠡᠯᠡᠭᠦᠯᠦᠨ᠎ᠡ᠃ ᠬᠤᠲᠠ ᠶᠢᠨ ᠠᠷᠠᠳ ᠤᠨ ᠭᠠᠳᠠᠭᠰᠢ ᠭᠠᠷᠬᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠂ | ᠬᠦᠨᠲᠡᠯᠡᠨ ᠵᠡᠭᠡᠯᠢ᠂ ᠹᠦ᠋ ᠶᠢᠨ ᠵᠠᠮ ᠵᠡᠷᠭᠡ ᠬᠤᠲᠠ ᠲᠣᠭᠤᠷᠢᠭ ᠤᠨ 12 ᠵᠤᠷᠪᠤᠰ ᠵᠠᠮ ᠢ ᠰᠢᠨ᠎ᠡ ᠪᠠᠷ ᠪᠠᠶᠢᠭᠤᠯᠤᠨ᠂ | ᠱᠤᠸᠠᠩ ᠶᠢᠩ ᠵᠡᠭᠡᠯᠢ᠂ ᠬᠦᠨᠲᠡᠯᠡᠨ ᠵᠡᠭᠡᠯᠢ᠂ ᠯᠤᠤᠬ᠎ᠠ ᠶᠢᠨ ᠭᠤᠣᠯ ᠤᠨ ᠶᠡᠭᠡ ᠵᠡᠭᠡᠯᠢ ᠶᠢᠨ ᠵᠠᠰᠠᠮᠠᠯ ᠵᠠᠮ ᠲᠡᠮᠦᠷ | ᠵᠠᠮ ᠤᠨ ᠵᠦᠷᠢᠯᠢᠭ ᠬᠥᠭᠦᠷᠭᠡ ᠶᠢᠨ ᠵᠠᠯᠭᠠᠭᠤᠯᠬᠤ ᠵᠠᠮ ᠵᠢᠴᠢ ᠬᠠᠪᠰᠤᠷᠤᠭ᠎ᠠ ᠵᠠᠮ ᠤᠨ ᠢᠨᠵᠧᠨᠧᠷᠢᠩ ᠢ | ᠬᠡᠷᠩᠵᠢᠭᠦᠯᠦᠨ᠎ᠡ᠃ ᠳᠡᠭᠡᠳᠦ ᠬᠤᠷᠳᠤᠴᠠᠲᠤ ᠲᠡᠮᠦᠷ ᠵᠠᠮ ᠤᠨ ᠡᠷᠬᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠲᠡᠭᠦᠯᠳᠡᠷᠵᠢᠭᠦᠯᠦᠨ᠂ ᠥᠨᠳᠥᠷ ᠬᠤᠷᠳᠤᠴᠠᠲᠤ ᠲᠡᠮᠦᠷ ᠵᠠᠮ ᠤᠨ | ᠨᠢᠩᠴᠧᠩ ᠦᠷᠲᠡᠭᠡ ᠵᠢᠴᠢ ᠥᠷᠲᠡᠭᠡᠨ ᠡᠮᠦᠨᠡᠬᠢ ᠠᠭᠤᠳᠠᠮ ᠲᠠᠯᠠᠪᠠᠢ ᠵᠢᠴᠢ ᠡᠷᠭᠢᠨ ᠲᠣᠭᠤᠷᠢᠨ ᠤ 8 ᠵᠤᠷᠪᠤᠰ | ᠵᠡᠭᠡᠯᠢ ᠵᠠᠮ ᠪᠣᠯᠤᠨ 8 ᠵᠤᠷᠪᠤᠰ ᠬᠤᠭᠤᠯᠠᠶ ᠱᠤᠭᠤᠮ ᠤᠨ ᠪᠠᠷᠢᠯᠭ᠎ᠠ ᠶᠢ ᠠᠵᠢᠯ ᠡᠬᠢᠯᠡᠭᠦᠯᠦᠨ ᠶᠢ ᠬᠦᠴᠦᠯᠡᠨ | ᠠᠬᠢᠭᠤᠯᠤᠨ᠎ᠠ᠃ ᠬᠤᠲᠠ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠶᠢ ᠪᠠᠲᠤᠯᠠᠬᠤ ᠴᠢᠳᠠᠪᠤᠷᠢ ᠶᠢ | ᠬᠦᠴᠦᠯᠡᠨ ᠳᠡᠭᠡᠭᠰᠢᠯᠡᠭᠦᠯᠵᠦ᠂ ᠭᠦ᠋ ᠱᠠᠨ ᠽᠢ ᠶᠢᠨ ᠪᠡᠯᠡᠳᠬᠡᠯ ᠤᠰᠤᠨ ᠰᠤᠷᠪᠤᠯᠵᠢ ᠶᠢᠨ ᠭᠠᠵᠠᠷ᠂ ᠲᠢᠶᠧ ᠵᠢᠶᠠᠩ | ᠶᠢᠩᠽᠢ ᠶᠢᠨ ᠤᠰᠤᠨ ᠰᠤᠷᠪᠤᠯᠵᠢ ᠶᠢᠨ ᠭᠠᠵᠠᠷ ᠵᠢᠴᠢ ᠲᠢᠶᠠᠨ ᠢ ᠬᠤᠲᠠ ᠲᠣᠭᠤᠷᠢᠭ ᠤᠨ ᠪᠣᠬᠢᠷ ᠤᠰᠤ | ᠰᠢᠢᠳᠪᠤᠷᠢᠯᠡᠬᠦ ᠦᠢᠯᠡᠳᠪᠦᠷᠢ ᠶᠢᠨ ᠶᠡᠷᠦᠩᠬᠡᠶᠢᠯᠡᠨ ᠵᠠᠰᠠᠬᠤ᠂ ᠯᠤᠤᠬ᠎ᠠ ᠶᠢᠨ ᠭᠤᠣᠯ ᠵᠡᠭᠡᠯᠢ ᠶᠢᠨ ᠬᠦᠭᠡᠷᠭᠡᠨ ᠦᠷᠲᠡᠭᠡ | ᠶᠢ ᠪᠠᠷᠠᠭᠤᠨᠰᠢ ᠰᠢᠯᠵᠢᠬᠦᠯᠬᠦ᠂ ᠳ᠋ᠠ ᠮᠢᠩ ᠵᠡᠭᠡᠯᠢ ᠶᠢᠨ ᠬᠦᠭᠡᠷᠭᠡᠨ ᠦᠷᠲᠡᠭᠡ ᠵᠢᠴᠢ ᠬᠤᠭᠤᠯᠠᠶ ᠶᠢᠨ ᠲᠣᠣᠷ ᠵᠡᠷᠭᠡ | ᠪᠠᠷᠢᠯᠭ᠎ᠠ ᠶᠢᠨ ᠪᠦ᠋ᠳᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠤᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠲᠡᠮᠤᠷ ᠵᠠᠮ ᠤᠨ ᠪᠡᠷᠡᠭᠤᠨᠲᠡᠬᠢ ᠤᠰᠤᠨ ᠰᠢᠰᠲ᠋ᠧᠮ ᠤᠨ ᠴᠡᠴᠡᠷᠯᠢᠭ ᠂ ᠲᠡᠮᠤᠷ ᠵᠡᠮ ᠤᠨ | ᠵᠡᠭᠦᠨᠳᠡᠬᠢ ᠵᠢᠶᠧ ᠰᠢᠨ ᠴᠡᠴᠡᠷᠯᠢᠭ ᠪᠣᠯᠤᠨ ᠰᠢᠷᠭᠤᠯᠵᠢ ᠠᠭᠤᠯᠠᠨ ᠶᠢᠨ ᠬᠦᠳᠡᠭᠡ ᠶᠢᠨ ᠬᠠᠮ ᠴᠤᠬᠴᠠ ᠶᠢᠨ | ᠳᠦᠷᠦᠯ ᠢ ᠲᠦᠷᠭᠡᠳᠭᠡᠨ ᠠᠬᠢᠭᠤᠯᠤᠨ᠂ ᠳᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠵᠢᠴᠢ | ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠰᠠᠶᠢᠵᠢᠷᠠᠭᠤᠯᠬᠤ ᠮᠠᠶ᠋ᠢᠭ ᠤᠨ ᠣᠷᠣᠨ ᠰᠠᠭᠤᠴᠠ ᠶᠢ 53 ᠲᠦᠮᠡᠨ ᠲᠡᠭᠰᠢ ᠳᠥᠷᠪᠡᠯᠵᠢᠨ ᠮᠧᠲᠷ᠂ ᠡᠩ ᠤᠨ ᠣᠷᠣᠨ | ᠰᠠᠭᠤᠴᠠ ᠶᠢ 23 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠤᠨ᠎ᠠ᠃ ᠵᠢᠵᠢᠭ ᠬᠤᠲᠠ ᠪᠠᠯᠭᠠᠰᠤ ᠶᠢᠨ | ᠪᠦᠳᠤᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠰᠤ ᠬᠠᠩᠭᠠᠬᠤ᠂ ᠤᠰᠤ ᠵᠠᠯᠠᠬᠤ᠂ | ᠢᠯᠴᠢ ᠬᠦᠷᠭᠡᠬᠦ᠂ ᠬᠠᠶᠠᠭᠳᠠᠮᠠᠯ ᠪᠣᠬᠢᠷ ᠢ ᠰᠢᠢᠳᠪᠤᠷᠢᠯᠡᠬᠦ ᠪᠠᠷ ᠭᠤᠣᠯᠳᠠᠯᠭ᠎ᠠ ᠪᠣᠯᠭᠠᠨ᠂ ᠵᠢᠵᠢᠭ ᠬᠤᠲᠠ | ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢᠨ ᠲᠤᠪᠤᠶᠢᠮ᠎ᠠ ᠲᠤᠳᠠᠭᠤᠲᠠᠯ ᠢ ᠲᠦᠷᠭᠡᠨ ᠨᠥᠬᠦᠪᠥᠷᠢᠯᠡᠵᠦ᠂ | ᠲᠥᠪᠯᠡᠷᠡᠯ ᠤᠨ ᠳᠠᠭᠠᠭᠠᠴᠠ ᠶᠢᠨ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ ᠬᠤᠲᠠ ᠬᠦᠳᠡᠭᠡ ᠶᠢᠨ | ᠨᠡᠶᠢᠭᠡᠮ ᠤᠨ ᠵᠠᠰᠠᠯᠲᠠ ᠶᠢ ᠴᠢᠩᠭᠠᠳᠬᠠᠨ ᠲᠡᠭᠦᠯᠳᠡᠷᠵᠢᠭᠦᠯᠦᠨ᠂ ᠨᠡᠶᠢᠭᠡᠮ ᠲᠤᠭᠤᠷᠢᠭ ᠤᠨ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠦᠨ᠎ᠡ᠃ | ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠨᠠᠷᠢᠯᠢᠭᠵᠢᠭᠤᠯᠤᠨ᠎ᠠ᠃ ᠬᠤᠳᠠ ᠶᠢᠨ ᠬᠠᠤᠯᠢ | ᠬᠡᠷᠡᠭᠵᠢᠭᠦᠯᠦᠯᠲᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ | ᠲᠤᠭᠠᠴᠢᠯᠠᠬᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ | ᠤᠶᠤᠨᠴᠢᠯᠠᠬᠰᠠᠨ᠂ ᠨᠠᠷᠢᠯᠢᠭᠵᠢᠬᠰᠠᠨ ᠲᠥᠪᠰᠢᠨ ᠢ ᠳᠡᠭᠡᠭᠰᠢᠯᠡᠭᠦᠯᠦᠨ᠎ᠡ᠃ ᠬᠠᠯᠠᠭᠤᠨ ᠷᠠᠰᠢᠶᠠᠨ ᠵᠡᠭᠡᠯᠢ | ᠭᠤᠳᠤᠮᠵᠢ ᠶᠢᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠤᠪᠢᠶᠠᠷᠢ | ᠲᠤᠪᠴᠢᠶᠠᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠤᠷᠬᠠᠨᠲᠤ ᠪᠠᠯᠭᠠᠰᠤ ᠣᠷᠣᠨ᠂ ᠬᠠᠯᠠᠭᠤᠨ ᠷᠠᠰᠢᠶᠠᠨ | ᠵᠡᠭᠡᠯᠢ ᠭᠤᠳᠤᠮᠵᠢ ᠶᠢᠨ ᠵᠡᠭᠡᠯᠢ ᠶᠢᠨ ᠦᠵᠡᠮᠵᠢ ᠬᠢᠭᠡᠳ ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ | ᠬᠠᠮᠢᠶᠠᠷᠤᠯᠲᠠ ᠶᠢ ᠴᠢᠩᠭᠠᠳᠬᠠᠨ᠎ᠠ᠃ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠣᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠤᠯᠢ ᠠᠴᠠ ᠵᠦᠷᠢᠴᠡᠨ ᠪᠥᠲᠥᠭᠡᠨ ᠪᠠᠶᠢᠭᠤᠯᠤᠬᠰᠠᠨ ᠢ | ᠪᠠᠶᠢᠴᠠᠭᠠᠨ ᠰᠢᠢᠳᠪᠤᠷᠢᠯᠡᠨ ᠴᠢᠩᠭ᠎ᠠ ᠴᠤᠬᠢᠯᠲᠠ ᠦᠭᠬᠦ ᠶᠢ ᠪᠡᠷᠢᠮᠲᠡᠯᠡᠵᠦ᠂ ︽ᠬᠤᠶᠠᠷ ᠢ ᠵᠦᠷᠢᠴᠡᠭᠰᠡᠨ︾ | ᠪᠠᠷᠢᠯᠭ᠎ᠠ ᠶᠢ ᠨᠤᠷᠠᠭᠠᠬᠤ ᠡᠷᠴᠢᠮ ᠢ ᠴᠢᠩᠭᠠᠷᠠᠭᠤᠯᠤᠨ᠎ᠠ᠃ ᠲᠢᠶᠠᠨ ᠢ ᠬᠤᠲᠠ ᠲᠣᠭᠤᠷᠢᠭ ᠤᠨ ᠵᠠᠮ ᠤᠨ ᠳ᠋ᠧᠩ ᠤᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠵᠠᠮ ᠤᠨ ᠳ᠋ᠧᠩ ᠤᠨ ᠡᠨᠧᠷᠭᠢ ᠶᠢᠨ | ᠠᠷᠪᠢᠯᠲᠠ ᠶᠢᠨ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠦᠨ᠎ᠡ᠃ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠨ ᠲᠠᠲᠠᠭᠤᠷᠲᠤ | ᠵᠣᠷᠯᠣᠩ ᠢ 14 ᠰᠠᠤᠷᠢ᠂ ᠬᠤᠭ ᠨᠣᠪᠰᠢ ᠲᠡᠭᠡᠭᠡᠪᠦᠷᠢᠯᠡᠬᠦ ᠦᠷᠲᠡᠭᠡ ᠶᠢ 10 ᠰᠠᠤᠷᠢ ᠰᠢᠨ᠎ᠡ ᠪᠠᠷ ᠪᠠᠶᠢᠭᠤᠯᠤᠨ᠂ | ᠠᠮᠢᠳᠤᠷᠠᠯ ᠤᠨ ᠬᠤᠭ ᠨᠣᠪᠰᠢ ᠶᠢ ᠪᠤᠬᠢᠷᠳᠦᠯ ᠦᠭᠡᠢ ᠰᠢᠢᠳᠪᠤᠷᠢᠯᠡᠬᠦ ᠲᠠᠯᠠᠪᠠᠢ ᠶᠢ ᠪᠠᠶᠢᠭᠤᠯᠬᠤ ᠶᠢ ᠠᠬᠢᠭᠤᠯᠤᠨ᠂ | ᠬᠤᠭ ᠨᠣᠪᠰᠢ ᠶᠢ ᠰᠢᠢᠳᠪᠤᠷᠢᠯᠡᠬᠦ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢᠨ ᠴᠡᠭ ᠢ | ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ | ᠪᠠᠶᠢᠭᠤᠯᠤᠨ᠎ᠠ᠃ | ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠤᠯᠠᠭᠠᠨᠬᠠᠲᠠ ᠠᠴᠠ ᠬᠠᠷᠠᠴᠢᠨ | ᠵᠡᠭᠦᠨ ᠭᠠᠷᠤᠨ ᠬᠤᠰᠢᠭᠤ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠪᠠ ᠪᠠᠶᠢᠰᠢᠩᠲᠦ ᠠᠴᠠ ᠤᠯᠠᠭᠠᠨᠬᠠᠲᠠ ᠬᠦᠷᠬᠦ | ᠲᠡᠮᠦᠷ ᠵᠠᠮ ᠤᠨ ᠴᠠᠬᠢᠯᠭᠠᠨᠵᠢᠭᠤᠯᠤᠭᠰᠠᠨ ᠱᠤᠭᠤᠮ ᠢ ᠥᠭᠡᠷᠡᠴᠢᠯᠡᠬᠦ ᠪᠥᠳᠥᠭᠡᠨ ᠪᠠᠶᠢᠭᠤᠯᠬᠤ ᠡᠭᠦᠷᠭᠡ ᠶᠢ ᠪᠦᠬᠦ | ᠬᠦᠴᠦ ᠪᠠᠷ ᠢᠶᠠᠨ ᠬᠠᠮᠵᠢᠯᠴᠠᠨ ᠪᠡᠶᠡᠯᠡᠭᠦᠯᠵᠦ᠂ ᠵᠢᠯ ᠤᠨ ᠳᠣᠲᠣᠷ᠎ᠠ ᠲᠤᠬᠢᠷᠠᠭᠤᠯᠤᠨ ᠲᠤᠷᠰᠢᠬᠤ ᠱᠠᠲᠤᠨ ᠳᠤ | ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠮᠤᠵᠢ ᠶᠢᠨ ᠵᠡᠮ 505 ᠱᠤᠭᠤᠮ ᠬᠠᠷᠠᠬᠤᠲᠠ ᠶᠢᠨ ᠠᠷᠪᠠᠨ | ᠭᠡᠷ ᠠᠴᠠ ᠬᠤᠷᠬᠤᠭ ᠤᠨ ᠳ᠋ᠠ ᠪᠠ ᠭᠧᠦ ᠬᠦᠷᠬᠦ ᠵᠠᠰᠠᠮᠠᠯ ᠵᠠᠮ ᠢ ᠠᠵᠢᠯ ᠡᠬᠢᠯᠡᠭᠦᠯᠦᠨ ᠪᠠᠶᠢᠭᠤᠯᠤᠨ᠂ ᠤᠯᠤᠰ ᠤᠨ | ᠵᠠᠮ 508 ᠱᠤᠭᠤᠮ ᠰᠢᠶᠤᠤ ᠴᠧᠩ ᠽᠢ ᠠᠴᠠ ᠬᠠᠷᠠᠬᠤᠲᠠ ᠬᠦᠷᠬᠦ ᠵᠠᠰᠠᠮᠠᠯ ᠵᠠᠮ᠂ ᠢᠦᠢ ᠬᠤᠸᠠᠩ ᠯᠢᠶᠠᠩ ︵ | ᠯᠥᠩ ᠲᠠᠨ ᠢ ᠦᠩᠭᠡᠷᠡᠭᠡᠨ︶ ᠠᠴᠠ ᠰᠣᠩᠭᠢᠨ᠎ᠠ ᠶᠢᠨ ᠭᠤᠤ ᠬᠦᠷᠬᠦ ᠵᠠᠰᠠᠮᠠᠯ ᠵᠠᠮ᠂ ᠬᠤᠷᠬᠤᠭ ᠤᠨ ᠾᠧᠨᠠᠨ ᠠᠴᠠ | ᠳ᠋ᠤᠤ ᠰᠢᠤᠢ ᠭᠧᠤ ᠦᠵᠡᠮᠵᠢ ᠶᠢᠨ ᠣᠷᠣᠨ ᠬᠦᠷᠬᠦ ᠵᠡᠷᠭᠡ ᠵᠠᠰᠠᠮᠠᠯ ᠵᠠᠮ ᠤᠨ ᠪᠠᠶᠢᠭᠤᠯᠤᠯᠲᠠ ᠶᠢ ᠢᠳᠡᠪᠬᠢᠲᠡᠶ | ᠲᠦᠯᠬᠢᠨ ᠠᠬᠢᠭᠤᠯᠤᠨ᠎ᠠ᠃ ᠳ᠋ᠢᠶᠠᠨᠽᠢ ᠶᠢᠨ ᠤᠰᠤᠯᠠᠯᠲᠠ ᠶᠢᠨ ᠣᠷᠣᠨ ᠤ ᠰᠤᠪᠠᠭ ᠢᠶᠠᠷ ᠲᠢᠶᠠᠨ ᠢ ᠶᠢᠨ ᠣᠰᠣᠨ | ᠴᠥᠭᠦᠷᠥᠮ ᠵᠦᠭ ᠤᠰᠤ ᠳᠠᠮᠵᠢᠭᠤᠯᠬᠤ᠂ ᠬᠠᠰᠢᠯᠭ᠎ᠠ ᠶᠢᠨ ᠠᠶᠤᠯ ᠢ ᠠᠷᠢᠯᠭᠠᠨ ᠴᠥᠭᠦᠷᠥᠮ ᠢ ᠪᠠᠬᠢᠯᠡᠬᠦ ᠵᠡᠷᠭᠡ | ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠢ ᠠᠵᠢᠯ ᠡᠬᠢᠯᠡᠭᠦᠯᠦᠨ ᠪᠠᠶᠢᠭᠤᠯᠤᠨ᠂ ᠯᠤᠤᠬ᠎ᠠ ᠶᠢᠨ | ᠭᠤᠣᠯ ᠤᠨ ᠠᠶᠤᠯᠲᠠᠢ ᠪᠠᠷᠢᠯᠭ᠎ᠠ ᠠᠶᠤᠯᠳᠠᠢ ᠬᠡᠰᠩ᠂ ᠪᠤᠷᠬᠠᠨᠲᠤ ᠭᠤᠣᠯ ᠤᠨ ᠭᠤᠣᠯᠳᠠᠯᠭ᠎ᠠ ᠲᠠᠢ ᠬᠡᠰᠩ᠂ | ᠯᠤᠤᠬ᠎ᠠ ᠶᠢᠨ ᠭᠤᠣᠯ ᠤᠨ ᠤᠷᠤᠰᠬᠠᠯ ᠲᠠᠰᠤᠷᠠᠬᠤ ᠶᠢ ᠵᠠᠰᠠᠬᠤ ᠢᠨᠵᠧᠨᠧᠷᠢᠩ ᠢ ᠲᠦᠷᠭᠡᠳᠭᠡᠨ ᠠᠬᠢᠭᠤᠯᠤᠨ᠎ᠠ᠃ | ᠴᠠᠬᠢᠯᠭᠠᠨ ᠲᠣᠣᠷ ᠤᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠦᠷᠭᠦᠯᠵᠢᠯᠡᠨ ᠲᠦᠷᠭᠡᠳᠬᠡᠨ᠂ ᠴᠠᠬᠢᠯᠭᠠᠨ | ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠬᠦᠴᠦᠯᠡᠨ ᠨᠡᠮᠡᠭᠳᠡᠭᠦᠯᠵᠦ ᠂ ᠠᠷᠠᠳ ᠤᠯᠠᠨ ᠢ ᠨᠡᠩ ᠵᠣᠯ ᠵᠢᠷᠭᠠᠯ ᠲᠠᠢ | ᠠᠮᠢᠳᠤᠷᠠᠭᠤᠯᠤᠨ᠎ᠠ | ᠨᠡᠶᠢᠭᠡᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠬᠤᠲᠠ ᠬᠥᠳᠡᠭᠡ ᠶᠢᠨ ᠰᠤᠷᠭᠠᠨ | ᠬᠥᠮᠦᠵᠢᠯ ᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠂ ᠰᠤᠷᠭᠠᠨ ᠬᠥᠮᠦᠵᠢᠯ ᠤᠨ ᠵᠢᠭᠠᠨ ᠰᠤᠷᠭᠠᠬᠤ | ᠶᠠᠰᠤ ᠴᠢᠨᠠᠷ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠤᠷᠠᠢ ᠶᠢ ᠥᠭᠡᠷᠡᠴᠢᠯᠡᠬᠦ ᠶᠢ ᠪᠦᠬᠦ | ᠲᠠᠯ᠎ᠠ ᠪᠠᠷ ᠪᠡᠶᠡᠯᠡᠭᠦᠯᠦᠨ᠂ ᠮᠣᠩᠭᠤᠯ ᠲᠤᠮᠳᠠᠳᠤ ᠰᠤᠷᠭᠠᠭᠤᠯᠢ᠂ ᠲᠠᠪᠤᠳᠤᠭᠠᠷ ᠲᠤᠮᠳᠠᠳᠤ ᠰᠤᠷᠭᠠᠭᠤᠯᠢ ᠶᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠵᠤ᠂ ︽ᠨᠡᠷᠡᠨ ᠭᠡᠷᠡᠯᠲᠦ ᠡᠯᠰᠡᠯᠲᠡ︾ ᠶᠢ ᠠᠬᠢᠭᠤᠯᠵᠤ᠂ ︽ᠰᠤᠷᠭᠠᠭᠤᠯᠢ | ᠰᠣᠩᠭᠤᠬᠤ ᠬᠠᠯᠠᠮᠰᠢᠯ︾ ︽ᠰᠣᠷᠣᠭᠴᠢ ᠣᠯᠠᠨᠲᠠᠶ ᠠᠩᠭᠢ︾ ᠶᠢᠨ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ | ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ | ᠵᠢᠷᠤᠮᠵᠢᠭᠤᠯᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ ᠡᠷᠡᠭᠦᠯ ᠮᠡᠨᠳᠦ ᠨᠢᠩᠴᠧᠩ ᠤᠨ ᠪᠠᠶᠢᠭᠤᠯᠤᠯᠲᠠ ᠶᠢ ᠲᠦᠷᠭᠡᠳᠬᠡᠵᠦ᠂ ᠦᠪᠡᠷᠳᠡᠭᠡᠨ ᠵᠠᠰᠠᠬᠤ | ᠤᠷᠤᠨ ᠤ ᠡᠷᠡᠭᠦᠯ ᠬᠠᠮᠠᠭᠠᠯᠠᠯ ᠤᠨ ᠬᠤᠲᠠ ᠪᠣᠯᠣᠨ ᠤᠳᠠᠭᠠᠨ ᠴᠢᠨᠠᠷᠳᠠᠢ ᠡᠪᠡᠳᠴᠢᠨ ᠢ ᠵᠠᠰᠠᠬᠤ ᠵᠢᠱᠢᠶ᠎ᠡ ᠦᠵᠡᠭᠦᠯᠬᠦ | ᠰᠢᠶᠠᠨ ᠤ ᠪᠠᠶᠢᠭᠤᠯᠤᠯᠲᠠ ᠶᠢᠨ ᠦᠷ᠎ᠡ ᠪᠦᠳᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ ᠦᠪᠡᠷᠳᠡᠭᠡᠨ | ᠵᠠᠰᠠᠬᠤ ᠤᠷᠤᠨ ᠤ ᠡᠷᠡᠭᠦᠯ ᠮᠡᠨᠲᠦ ᠶᠢ ᠠᠬᠢᠭᠤᠯᠬᠤ ᠰᠢᠶᠠᠨ ᠤ ᠰᠢᠯᠭᠠᠨ ᠠᠪᠤᠯᠲᠠ ᠶᠢ ᠦᠩᠭᠡᠷᠡᠭᠡᠬᠦ ᠪᠠᠷ ᠬᠦᠴᠦᠯᠡᠨ᠎ᠡ | ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠠᠯᠲᠠ ᠶᠢ ᠬᠦᠨᠵᠡᠭᠡᠶᠢᠷᠡᠭᠦᠯᠦᠨ᠂ ᠱᠠᠳᠤ | ᠬᠤᠪᠢᠶᠠᠨ ᠣᠨᠣᠰᠢᠯᠠᠨ ᠡᠮᠴᠢᠯᠡᠬᠦ ᠲᠦᠷᠢᠮ ᠢ ᠲᠡᠭᠦᠯᠳᠡᠷᠵᠢᠬᠦᠯᠦᠨ᠂ ᠦᠷ᠎ᠡ ᠪᠦᠲᠦᠮᠵᠢᠲᠡᠢ ᠠᠵᠢᠯᠯᠠᠭᠠᠨ ᠲᠠᠢ ᠡᠮ | ᠡᠮᠨᠡᠯᠭᠡ ᠶᠢᠨ ᠬᠤᠯᠪᠣᠭᠠᠲᠤ ᠴᠣᠭᠴᠠ ᠶᠢ ᠪᠠᠶᠢᠭᠤᠯᠤᠨ᠂ ᠰᠢᠶᠠᠨ ᠤ ᠡᠮᠨᠡᠯᠭᠡ ᠶᠢᠨ ᠬᠤᠷᠢᠶᠠᠨ ᠤ ᠲᠡᠮᠤᠷ ᠵᠠᠮ ᠤᠨ | ᠪᠡᠷᠡᠭᠤᠨᠲᠡᠬᠢ ᠬᠤᠪᠢᠶᠠᠷᠢ ᠬᠤᠷᠢᠶᠠᠨ ᠤ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ | ᠲᠦᠯᠬᠢᠨ ᠠᠬᠢᠭᠤᠯᠵᠤ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠯᠠᠪᠳᠠᠭᠤᠨ ᠢᠶᠠᠷ ᠬᠡᠷᠩᠵᠢᠭᠦᠯᠦᠨ᠎ᠡ᠃ ᠰᠣᠶᠣᠯ ᠤᠨ ᠲᠤᠮᠤ ᠠᠰᠠᠷ ᠤᠨ ᠰᠡᠭᠦᠯ ᠬᠤᠷᠢᠶᠠᠬᠤ ᠢᠨᠵᠧᠨᠧᠷᠢᠩ ᠢ | ᠪᠡᠶᠡᠯᠡᠭᠦᠯᠵᠦ᠂ ᠤᠯᠠᠭᠠᠨᠮᠥ᠋ᠴᠢᠷ ᠤᠨ ᠲᠣᠭᠯᠠᠯᠲᠠ ᠪᠤᠯᠪᠠᠰᠤᠷᠠᠬᠤ ᠵᠦᠴᠦᠭᠡ ᠲᠤᠬᠠᠯᠠᠬᠤ ᠲᠠᠯᠠᠪᠤᠷ ᠪᠠ | ᠲᠣᠭᠠᠴᠢᠯᠠᠭᠰᠠᠨ ᠺᠢᠨᠣ᠋ ᠶᠢᠨ ᠤᠷᠳᠤᠨ ᠢ ᠪᠠᠶᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠢᠷᠢᠰ | ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ | ᠬᠥᠭᠵᠢᠭᠡᠨᠲᠡᠶ ᠪᠣᠯᠭᠠᠨ᠎ᠠ᠃ ᠰᠣᠶᠣᠯ ᠤᠨ ᠥᠪ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠵᠤ᠂ ᠯᠢᠶᠤᠤ | ᠤᠯᠤᠰ ᠤᠨ ᠲᠤᠮᠳᠠᠳᠦ ᠨᠡᠶᠢᠰᠯᠡᠯ ᠤᠨ ᠲᠡᠦᠬᠡ ᠰᠣᠶᠣᠯ ᠤᠨ ᠤᠬᠠᠭᠤᠯᠤᠯ ᠤᠨ ᠠᠵᠢᠯᠯᠠᠭ᠎ᠠ ᠶᠢ ᠥᠷᠭᠡᠨ ᠢᠶᠠᠷ | ᠦᠷᠨᠢᠭᠦᠯᠦᠨ᠎ᠡ᠃ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠤᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ | ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠬᠥᠳᠡᠯᠭᠡᠭᠡᠨ ᠢ ᠶᠡᠬᠡᠪᠡᠷ ᠦᠷᠨᠢᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ᠂ | ᠬᠥᠳᠡᠭᠡ ᠲᠣᠰᠬᠤᠨ ᠠᠴᠠ ᠰᠢᠯᠵᠢᠭᠰᠡᠨ ᠬᠥᠳᠡᠯᠮᠦᠷᠢ ᠶᠢᠨ ᠬᠦᠴᠦᠨ ᠵᠡᠷᠭᠡ ᠬᠠᠮᠲᠤᠯᠢᠭ ᠲᠤ ᠠᠵᠢᠯ ᠣᠯᠭᠤᠬᠤ | ᠠᠵᠢᠯ ᠢ ᠲᠤᠪᠤᠶᠢᠮ᠎ᠠ ᠰᠠᠶᠢᠲᠤᠷ ᠠᠳᠬᠤᠵᠤ᠂ ᠬᠤᠳᠠ ᠪᠠᠯᠭᠠᠰᠤᠨ ᠤ ᠠᠵᠢᠯ ᠤᠯᠬᠤ ᠳᠤ ᠬᠦᠴᠢᠷᠲᠡᠶ ᠬᠥᠮᠦᠰ ᠪᠠ | ᠨᠢᠭᠡ ᠬᠥᠮᠦᠨ ᠴᠦ ᠠᠵᠢᠯ ᠣᠯᠤᠭᠠᠳᠤᠶ ᠬᠡᠷ ᠪᠦᠯᠢ ᠶᠢ ᠬᠠᠪᠰᠤᠷᠤᠨ ᠲᠡᠳᠬᠦᠬᠦ ᠠᠵᠢᠯ ᠢ ᠭᠤᠣᠯᠳᠠᠯᠭ᠎ᠠ ᠲᠠᠢ | ᠰᠠᠶᠢᠲᠤᠷ ᠬᠢᠵᠦ᠂ ᠬᠤᠲᠠ ᠪᠠᠯᠭᠠᠰᠤᠨ ᠤ 2000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ | ᠲᠣᠰᠬᠤᠨ ᠤ 10 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠤᠯᠭᠤᠵᠦ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ 400 ᠬᠦᠮᠦᠨ ᠢ ᠲᠤᠬᠢᠷᠠᠭᠤᠯᠵᠦ᠂ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ ᠶᠢ 4 % ᠳᠣᠲᠣᠷ᠎ᠠ ᠬᠢᠵᠠᠭᠠᠷᠯᠠᠨ᠎ᠠ ᠃ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠶᠢᠭᠡᠮ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ | ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠣᠨᠴᠠ ᠶᠠᠳᠠᠭᠤ | ᠬᠦᠴᠢᠷᠳᠡᠯᠳᠡᠢ ᠬᠥᠮᠦᠰ ᠢ ᠠᠪᠤᠷᠠᠨ ᠲᠤᠰᠠᠯᠠᠬᠤ ᠶᠢ ᠨᠡᠶᠢᠳᠡᠮ ᠪᠦᠷᠬᠦᠬᠦᠯᠬᠦ ᠶᠢ ᠪᠡᠶᠡᠯᠡᠭᠦᠯᠦᠨ᠎ᠡ᠃ ᠨᠠᠰᠤᠲᠠᠨ ᠢ | ᠠᠰᠠᠷᠠᠬᠤ ᠬᠦᠷᠢᠶᠡᠯᠡᠩ ᠤᠨ ᠤᠶᠢᠯᠡᠴᠢᠯᠡᠭᠡᠨ ᠤ ᠶᠠᠰᠤ ᠴᠢᠨᠠᠷ ᠤᠨ ᠪᠠᠶᠢᠭᠤᠯᠤᠯᠲᠠ ᠶᠢᠨ ᠲᠤᠰᠬᠠᠶ ᠠᠵᠢᠯᠯᠠᠭ᠎ᠠ ᠶᠢ | ᠥᠷᠨᠢᠭᠦᠯᠵᠦ᠂ ᠦᠨᠳᠦᠰᠦᠨ ᠱᠠᠲᠤᠨ ᠤ ᠨᠠᠰᠤᠲᠠᠨ ᠢ ᠠᠰᠠᠷᠠᠬᠤ ᠬᠦᠷᠢᠶᠡᠯᠡᠩ ᠢ ᠡᠮᠬᠢᠯᠡᠨ ᠰᠢᠯᠢᠳᠡᠭᠵᠢᠬᠦᠯᠬᠦ ᠶᠢ | ᠲᠦᠷᠭᠡᠳᠭᠡᠨ ᠠᠬᠢᠭᠤᠯᠤᠨ᠎ᠠ᠃ | ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠦᠨ᠎ᠡ᠃ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠶ ᠥᠷᠨᠢᠭᠦᠯᠵᠦ᠂ ᠭᠤᠣᠯᠳᠠᠯᠭ᠎ᠠ ᠲᠠᠢ ᠬᠡᠷᠡᠭ᠂ | ᠭᠤᠣᠯᠳᠠᠯᠭ᠎ᠠ ᠲᠠᠢ ᠠᠰᠠᠭᠤᠳᠠᠯ ᠢ ᠲᠥᠪᠯᠡᠷᠡᠭᠦᠯᠦᠨ ᠰᠢᠪᠲᠤᠯᠤᠯᠲᠠ ᠬᠢᠵᠦ᠂ ᠬᠠᠷ᠎ᠠ ᠬᠠᠷᠭᠢᠰ ᠬᠦᠴᠦᠨ ᠤ ᠡᠭᠦᠰᠴᠦ | ᠲᠥᠯᠵᠢᠬᠦ ᠬᠥᠷᠥᠰᠥ ᠶᠢ ᠲᠦᠢᠯᠪᠤᠷᠢᠲᠠᠶ ᠠᠷᠢᠯᠭᠠᠨ᠎ᠠ᠃ ︽ᠬᠤᠷᠴᠠ ᠭᠢᠷᠠᠬᠠᠢ ᠢᠨᠵᠧᠨᠧᠷᠢᠩ︾ ᠤᠨ ᠪᠦᠳᠦᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ | ᠲᠡᠭᠦᠯᠳᠡᠷᠵᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠦᠭᠭᠦᠨ᠎ᠡ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠵᠠᠬᠢᠳᠠᠯ ᠰᠤᠷᠪᠤᠯᠵᠢᠯᠠᠭ᠎ᠠ ᠶᠢᠨ | ᠬᠤᠷᠠᠮᠳᠤᠭᠰᠠᠨ ᠬᠡᠷᠡᠭ ᠢ ᠨᠠᠮᠳᠠᠭᠤᠯᠬᠤ ᠠᠵᠢᠯ ᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠠᠭ | ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠢᠳᠪᠤᠷᠢᠯᠡᠬᠦ ᠶᠢ ᠠᠬᠢᠭᠤᠯᠤᠨ᠎ᠠ᠃ ︽ᠳᠣᠯᠣᠳᠤᠭᠠᠷ ᠲᠠᠪᠤᠨ ᠵᠢᠯ ︾ | ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠤᠶᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ᠰᠢᠶᠠᠨ ᠰᠢᠶᠠᠩ ᠲᠣᠰᠬᠤᠨ ᠭᠤᠷᠪᠠᠨ | ᠱᠠᠲᠤᠨ ᠤ ᠦᠢᠯᠡᠴᠢᠯᠡᠭᠡᠨ ᠤ ᠲᠣᠣᠷ ᠢ ᠪᠦᠷᠢᠳᠦᠭᠦᠯᠬᠦ ᠶᠢ ᠪᠡᠶᠡᠯᠡᠭᠦᠯᠦᠨ᠎ᠡ᠃ ᠠᠶᠤᠯᠭᠦᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠠᠶᠤᠯᠭᠦᠶ | ᠦᠢᠯᠡᠳᠪᠦᠷᠢᠯᠡᠯ ᠤᠨ ᠺᠣᠮᠢᠰ ᠪᠣᠯᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ ᠶᠢ | ᠪᠥᠲᠥᠭᠡᠨ ᠪᠠᠶᠢᠭᠤᠯᠬᠤ ᠶᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠶᠤᠯᠭᠦᠶ ᠶᠢᠨ | ᠠᠳᠡᠯ ᠬᠡᠷᠡᠭ ᠭᠠᠷᠬᠤ ᠶᠢ ᠡᠷᠡᠰ ᠬᠤᠷᠢᠬᠯᠠᠨ᠎ᠠ᠃ ᠭᠡᠨᠡᠳᠲᠡ ᠡᠭᠦᠰᠦᠭᠰᠡᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠤᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠲᠦᠷᠪᠡᠨ ᠬᠠᠮᠤᠭ ᠴᠢᠩᠭ᠎ᠠ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠢᠳᠡᠭᠡᠨ ᠪᠠ ᠡᠮ ᠤᠨ ᠵᠤᠶᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠤᠯᠠᠨ ᠲᠦᠮᠡᠨ ᠤ ᠢᠳᠡᠭᠡᠨ ᠤᠮᠳᠠᠭᠠᠨ ᠡᠮ ᠲᠠᠩ ᠤᠨ ᠠᠮᠤᠷ ᠲᠦᠪᠰᠢᠨ ᠢ | ᠦᠨᠡᠨ ᠬᠦ ᠪᠠᠲᠤᠯᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠤᠬᠢᠶᠠᠬᠤ ᠶᠢ ᠴᠠᠭ ᠲᠤᠨᠢ ᠲᠣᠬᠢᠷᠠᠭᠤᠯᠤᠨ ᠡᠬᠢᠯᠡᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠬᠢᠵᠠᠭᠠᠷ | ᠱᠤᠭᠤᠮ ᠢ ᠴᠢᠩᠭ᠎ᠠ ᠰᠠᠬᠢᠵᠤ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠨ | ᠰᠤᠳᠤᠯᠬᠤ ᠠᠵᠢᠯ ᠢ ᠰᠠᠶᠢᠳᠤᠷ ᠬᠢᠨ᠎ᠡ᠃ ᠲᠤᠭ᠎ᠠ ᠪᠠᠷᠢᠮᠲᠠ ᠶᠢ ᠪᠦᠷᠢᠳᠭᠡᠬᠦ ᠴᠢᠨᠠᠷ ᠴᠢᠨᠰᠠᠭ᠎ᠠ ᠪᠠᠨ | ᠳᠡᠭᠡᠭᠰᠢᠯᠡᠬᠦᠯᠦᠨ ᠲᠤᠷᠪᠡᠳᠤᠭᠡᠷ ᠤᠳᠠᠭᠠᠨ ᠤ ᠪᠦᠬᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠲᠠ ᠶᠢ | ᠪᠡᠶᠡᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠤᠨ ᠬᠤᠶᠠᠷ ᠢ ᠬᠦᠷᠢᠶᠡᠯᠡᠨ ᠬᠠᠮᠲᠤᠪᠠᠷ | ᠪᠠᠶᠢᠭᠤᠯᠬᠤ ᠶᠢ ᠭᠦᠨᠵᠡᠭᠡᠶ ᠥᠷᠨᠢᠭᠦᠯᠵᠦ᠂ ᠠᠷᠠᠳ ᠤᠨ ᠵᠡᠪᠰᠡᠭᠲᠦ ᠬᠦᠴᠦᠨ ᠪᠠ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠷᠦᠭᠡ ᠶᠢᠨ ᠴᠡᠷᠢᠭ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢ ᠤᠨᠤᠪᠴᠢᠲᠠᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠲᠠ᠂ | ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠬᠠᠮᠢᠶᠠᠷᠤᠯᠲᠠ᠂ ᠠᠭᠤᠷᠬᠠᠶ ᠶᠢᠨ ᠭᠠᠷᠤᠯᠲᠠ ᠶᠢᠨ ᠬᠢᠨᠠᠨ | ᠬᠠᠮᠢᠶᠠᠷᠬᠤ᠂ ᠠᠵᠢᠯᠳᠠᠨ ᠤ ᠶᠠᠪᠤᠳᠠᠯ ᠴᠢᠳᠠᠪᠤᠷᠢᠲᠠᠨ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ | ︵ᠲᠤᠯᠤᠭ᠎ᠠ︶ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠬᠦᠴᠦᠯᠡᠨ ᠴᠢᠩᠭᠠᠳᠬᠠᠵᠤ᠂ ᠠᠷᠠᠳ ᠲᠦᠮᠡᠨ ᠢ ᠨᠡᠩ ᠬᠠᠨᠤᠮᠵᠢᠲᠠᠶ ᠪᠠᠶᠢᠯᠭᠠᠨ᠎ᠠ | ᠤᠯᠤᠰ ᠲᠥᠷᠥ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠵᠥᠪ ᠤᠯᠤᠰ ᠲᠦᠷᠦ ᠶᠢᠨ ᠴᠢᠭᠯᠡᠯ ᠢ | ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠬᠠᠮᠠᠭᠠᠯᠠᠯᠲᠠ︾ ᠶᠢ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠲᠠᠯ᠎ᠠ ᠪᠠᠷ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠲᠠᠢ ᠢᠮᠠᠭᠲᠠ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠵᠤ᠂ ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠠᠵᠢᠯ | ᠦᠢᠯᠡᠰ ᠳᠡᠭᠡᠨ ᠦᠨᠡᠨᠴᠢ ᠰᠢᠳᠤᠷᠭᠤ ᠪᠠᠶᠢᠬᠤ ᠬᠡᠷᠩᠳᠡᠢ᠃ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ | ᠪᠠᠷᠢᠮᠳᠠᠯᠠᠨ᠂ ᠳᠡᠭᠡᠳᠦ ᠱᠠᠲᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠰᠢᠶᠠᠨ ᠤ | ᠨᠠᠮ ᠤᠨ ᠬᠤᠷᠢᠶᠠᠨ ᠤ ᠤᠳᠤᠷᠢᠳᠤᠯᠭ᠎ᠠ ᠶᠢᠨ ᠳᠣᠣᠷ᠎ᠠ ᠪᠠᠶᠢᠬᠤ ᠶᠢ ᠢᠮᠠᠭᠲᠠ ᠪᠡᠷᠢᠮᠳᠡᠯᠡᠨ᠂ ᠵᠠᠰᠠᠭ ᠤᠨ ᠵᠠᠷᠯᠢᠭ ᠤᠨ | ᠰᠠᠭᠠᠳ ᠦᠭᠡᠢ ᠨᠡᠪᠳᠡᠷᠡᠭᠦᠯᠦᠨ᠂ ᠵᠠᠷᠯᠢᠭ ᠴᠠᠭᠠᠵᠠ ᠶᠢ ᠡᠷᠡᠰ ᠳᠠᠭᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ ᠬᠠᠤᠯᠢ ᠪᠠᠷ ᠵᠠᠰᠠᠬᠤ | ᠵᠣᠷᠢᠭ ᠰᠠᠨᠠᠭ᠎ᠠ᠂ ᠬᠠᠤᠯᠢ ᠪᠠᠷ ᠵᠠᠰᠠᠬᠤ ᠰᠡᠳᠬᠢᠬᠦᠶ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠵᠠᠰᠠᠭ ᠤᠨ ᠣᠷᠳᠣᠨ ᠤ | ᠠᠵᠢᠯ ᠤᠨ ᠪᠦᠬᠦ ᠶᠠᠪᠤᠴᠠ ᠳᠤ ᠠᠭᠤᠰᠬᠠᠨ ᠨᠡᠶᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠤᠷᠢᠲᠦ ᠪᠣᠳᠣᠯᠭ᠎ᠠ ᠲᠣᠭᠲᠠᠭᠠᠬᠤ ᠵᠢᠷᠤᠮ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠠᠤᠯᠢ | ᠶᠣᠰᠣᠴᠢ ᠴᠢᠨᠠᠷ ᠲᠠᠢ ᠬᠢᠨᠠᠨ ᠪᠠᠶᠢᠴᠠᠭᠠᠬᠤ᠂ ᠠᠶᠤᠯ ᠲᠦᠭᠰᠢᠭᠦᠷᠢ ᠶᠢᠨ ᠦᠨᠡᠯᠡᠨ ᠵᠢᠱᠢᠬᠦ ᠲᠣᠭᠲᠠᠴᠠ ᠶᠢ | ᠪᠦᠷᠢᠨᠰᠢᠭᠦᠯᠦᠨ᠎ᠡ᠃ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠠᠷᠢᠮᠲᠠᠯᠠᠨ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠡᠯ᠎ᠡ ᠵᠦᠢᠯ ᠤᠨ ᠰᠢᠢᠳᠪᠤᠷᠢ | ᠲᠣᠭᠲᠠᠭᠠᠯ ᠢ ᠡᠷᠡᠰ ᠨᠡᠶᠢᠳᠠᠪᠤᠷᠢᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ | ᠲᠦᠷᠤ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠨᠠᠷᠢᠨ ᠭᠢᠨᠠᠮᠭᠠᠢ ᠰᠢᠢᠳᠪᠤᠷᠢᠯᠡᠨ᠂ ᠦᠢᠯᠡᠳᠪᠦᠷᠢ | ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ ᠤᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ | ᠲᠤᠬᠠᠶ ᠳᠤᠨᠢ ᠬᠠᠷᠢᠭᠤᠯᠲᠠ ᠦᠭᠬᠦᠨ᠎ᠡ᠃ | ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠃ ᠬᠥᠭᠵᠢᠭᠦᠯᠦᠯᠲᠡ ᠶᠢ ᠢᠮᠠᠭᠲᠠ ᠡᠭᠦᠷᠭᠡᠯᠡᠵᠦ᠂ | ᠴᠢᠩᠭ᠎ᠠ ᠠᠳᠬᠤᠨ᠂ ᠥᠭᠡᠷᠡᠴᠢᠯᠡᠯᠲᠡ ᠪᠠ ᠲᠣᠭᠲᠠᠭᠤᠨ ᠪᠠᠶᠢᠯᠭᠠᠬᠤ ᠶᠢᠨ ᠬᠠᠷᠢᠴᠠᠭ᠎ᠠ ᠶᠢ ᠵᠥᠪ ᠰᠠᠶᠢᠲᠤᠷ | ᠰᠢᠢᠳᠪᠤᠷᠢᠯᠡᠵᠦ᠂ ᠵᠥᠷᠢᠴᠡᠯ ᠠᠴᠠ ᠵᠠᠶᠢᠯᠠᠬᠤ ᠦᠭᠡᠢ᠂ ᠬᠤᠭᠤᠰᠣᠨ ᠨᠡᠷ᠎ᠡ ᠶᠢ ᠬᠥᠭᠡᠭᠡᠴᠡᠯᠳᠦᠬᠦ ᠦᠭᠡᠢ᠂ ᠭᠦᠨᠵᠡᠭᠡᠶ | ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠰᠢᠶᠠᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ | ᠡᠬᠦᠷᠭᠡᠯᠡᠨ᠎ᠡ᠃ ᠪᠣᠳᠠᠲᠤ ᠠᠮᠵᠢᠯᠲᠠ ᠶᠢᠨ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠤᠢ ᠪᠣᠯᠭᠠᠵᠤ᠂ | ᠬᠤᠷᠠᠯ ᠪᠢᠴᠢᠭ ᠮᠠᠲ᠋ᠧᠷᠢᠶᠠᠯ ᠢ ᠴᠥᠭᠡᠳᠬᠡᠨ ᠳᠥᠭᠦᠮᠴᠢᠯᠡᠵᠦ᠂ ᠬᠢᠨᠠᠯᠲᠠ ᠪᠠᠶᠢᠴᠠᠭᠠᠯᠲᠠ ᠶᠢ ᠵᠢᠷᠤᠮᠵᠢᠭᠤᠯᠵᠤ᠂ | ᠦᠨᠳᠦᠰᠦᠨ ᠱᠠᠲᠤᠨ ᠳᠤ ᠨᠡᠩ ᠢᠯᠡᠭᠦᠦ ᠴᠠᠭ ᠢ ᠭᠠᠷᠭᠠᠵᠤ ᠦᠭᠭᠦᠨ ᠠᠵᠢᠯ ᠬᠢᠯᠭᠡᠨ᠂ ᠨᠠᠶᠢᠳᠠᠪᠤᠷᠢᠵᠢᠭᠤᠯᠬᠤ ᠶᠢ | ᠠᠳᠬᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ | ᠦᠢᠯᠡᠳᠦᠯᠭᠡᠵᠢᠭᠦᠯᠵᠦ᠂ ᠵᠣᠷᠢᠯᠲᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠢᠯᠡᠴᠢᠯᠡᠬᠦ ᠴᠢᠳᠠᠪᠤᠷᠢ ᠪᠠᠨ | ᠳᠡᠭᠡᠭᠰᠢᠯᠡᠭᠦᠯᠦᠨ᠂ ᠬᠠᠶᠢᠷ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ ᠡᠪᠦᠷᠯᠡᠨ᠂ ᠦᠨᠳᠦᠰᠦᠨ ᠱᠠᠲᠤᠨ ᠳᠤ | ᠬᠦᠨᠵᠡᠭᠡᠶᠢᠷᠡᠨ᠂ ᠤᠯᠡᠨ ᠲᠦᠮᠡᠨ ᠤ ᠳᠤᠮᠳᠠ ᠬᠦᠨᠵᠡᠭᠡᠶᠢᠷᠡᠨ᠂ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ | ᠪᠣᠳᠠᠲᠤ ᠶᠠᠪᠤᠳᠠᠯ ᠪᠦᠲᠦᠭᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢᠨ ᠦᠷ᠎ᠡ ᠪᠦᠲᠦᠭᠡᠯ ᠢ | ᠨᠡᠩ ᠤᠯᠠᠨ ᠨᠡᠩ ᠰᠠᠶᠢᠨ ᠢᠶᠠᠷ ᠠᠷᠠᠳ ᠲᠥᠮᠡᠨ ᠳᠤ ᠬᠦᠷᠲᠡᠭᠡᠨ᠎ᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠦᠷᠭᠦᠯᠵᠢᠯᠡᠨ ᠴᠢᠩᠭᠠᠳᠬᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠂ ︽ᠨᠢᠭᠡ ᠠᠵᠢᠯ ᠤᠨ | ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠤᠭ ᠲᠡᠮᠳᠡᠭ | ᠲᠣᠳᠣᠷᠬᠠᠶ ᠪᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ | ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠡᠷᠡᠰ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ | ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠨ᠂ ᠰᠢᠨ᠎ᠡ ᠬᠡᠯᠪᠡᠷᠢᠴᠢ ᠦᠵᠡᠯ᠂ ᠨᠣᠶᠠᠨᠴᠢ ᠦᠵᠡᠯ ᠢ ᠴᠢᠩᠭ᠎ᠠ | ᠰᠡᠷᠭᠡᠶᠢᠯᠡᠨ᠎ᠡ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠵᠠᠰᠠᠭ ᠤᠨ ᠣᠷᠳᠣᠨ ᠤ ᠴᠢᠨᠠᠷᠲᠠᠶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠤᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠰᠢᠢᠳᠪᠤᠷᠢᠯᠡᠬᠦ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠪᠠ | ᠬᠢᠨᠠᠨ ᠪᠤᠳᠤᠬᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ︽ᠨᠠᠷᠢᠯᠠᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ | ᠪᠠᠬᠢ ᠪᠤᠢ ᠪᠣᠯᠭᠠᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠦᠨ᠂ ︽ᠭᠤᠷᠪᠠᠨ ᠵᠦᠢᠯ ᠤᠨ ᠠᠯᠪᠠᠨ ᠤ | ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠨᠡᠩ ᠤᠯᠠᠨ ᠡᠳ᠋ ᠤᠨ ᠬᠦᠴᠦᠨ ᠢ ᠪᠠᠳᠤᠯᠠᠭ᠎ᠠ ᠪᠠ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠡᠷᠩᠯᠡᠨ᠎ᠡ᠃ ᠰᠤᠷᠲᠠᠯ ᠰᠠᠬᠢᠯᠭ᠎ᠠ ᠶᠢ ᠴᠡᠭᠴᠡᠯᠡᠵᠦ | ᠰᠠᠶᠢᠵᠢᠷᠠᠭᠤᠯᠬᠤ ᠶᠢ ᠦᠷᠭᠦᠯᠵᠢᠳᠡ ᠪᠠᠷᠢᠮᠳᠠᠯᠠᠨ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠲᠥᠪ | ᠪᠤᠰᠤ ᠰᠤᠷᠲᠠᠯ ᠢ ᠡᠷᠡᠰ ᠵᠠᠯᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠵᠠᠰᠠᠭ ᠤᠨ ᠶᠠᠪᠤᠳᠠᠯ ᠤᠨ ᠣᠷᠴᠢᠨ | ᠨᠥᠬᠦᠴᠡᠯ ᠢ ᠪᠤᠢ ᠪᠣᠯᠭᠠᠨ᠎ᠠ᠃ | ᠲᠥᠯᠥᠭᠡᠯᠡᠭᠴᠢᠳ ᠡ᠂ 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ | ᠤᠢ᠂ ᠮᠥᠨ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ ᠡᠨᠡ ᠵᠢᠯ ᠤᠨ | ᠠᠵᠢᠯ ᠢ ᠰᠠᠶᠢᠲᠤᠷ ᠬᠢᠬᠦ ᠨᠢ ᠠᠯᠤᠰ ᠬᠡᠳᠦ ᠳᠤ ᠬᠤᠯᠪᠣᠭᠳᠠᠬᠤ ᠲᠦᠢᠯ ᠤᠨ ᠴᠢᠬᠤᠯᠠ ᠤᠴᠢᠷ ᠶᠣᠮ᠃᠃ ᠪᠢᠳᠠ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ | ᠪᠦᠯᠬᠦᠮᠳᠡᠵᠦ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠢᠶᠠᠨ | ᠨᠢᠭᠡᠳᠬᠡᠵᠦ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠤᠷᠤᠬᠰᠢᠯᠡᠨ ᠲᠠᠪᠰᠢᠨ᠂ | ᠬᠠᠯᠠᠰᠢᠷᠠᠯ ᠦᠭᠡᠢ ᠴᠢᠷᠮᠠᠶᠢᠨ ᠵᠢᠳᠬᠦᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠤᠯᠤᠨ᠂ ᠤᠳᠤᠬᠢᠴᠢᠯᠠᠬᠰᠠᠨ᠂ ᠰᠣᠶᠣᠯ ᠢᠷᠭᠡᠨᠰᠢᠯ ᠲᠠᠢ᠂ ᠦᠵᠡᠰᠬᠦᠯᠡᠩᠲᠦ ᠰᠠᠶᠢᠬᠠᠨ᠂ | ᠠᠮᠢᠵᠢᠷᠠᠯ ᠤᠨ ᠬᠦᠴᠦᠨ ᠲᠠᠢ᠂ ᠵᠣᠯ ᠵᠢᠷᠭᠠᠯᠲᠦ ᠨᠢᠩᠴᠧᠩ ᠢ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠦ᠂ | ᠰᠢᠯᠢᠳᠡᠭ ᠬᠢᠷᠢ ᠪᠦᠲᠦᠮᠵᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠳᠠᠭᠠᠨ ᠪᠡᠯᠡᠭ | ᠪᠣᠯᠭᠠᠵᠤ ᠳᠡᠪᠰᠢᠭᠦᠯᠦᠶ᠎ᠡ︕ |