| ᠰᠤᠷᠪᠤᠯᠵᠢᠯᠠᠭ᠎ᠠ ᠬᠦᠯᠢᠶᠡᠭᠴᠢ᠄ ᠨᠢᠩᠴᠧᠩ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ | ᠼᠦᠩ ᠱᠦ ᠪᠦᠦ | ᠰᠤᠷᠪᠤᠯᠵᠢᠯᠠᠭᠰᠠᠨ ᠴᠠᠭ᠄ 2019 ᠣᠨ ᠤ 3 ᠰᠠᠷ᠎ᠠ ᠶᠢᠨ 1 ᠤ ᠡᠳᠤᠷ | ᠰᠤᠷᠪᠤᠯᠵᠢᠯᠠᠭᠰᠠᠨ ᠭᠠᠵᠠᠷ᠄ ᠨᠢᠩᠴᠧᠩ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢᠨ ᠲᠠᠰᠤᠭ | ︽ᠬᠦᠳᠦᠯᠦᠭᠴᠢ︾ ᠰᠦᠯᠵᠢᠶᠡᠨ ᠠᠨᠳᠠ ᠨᠠᠷ ᠮᠢᠨᠢ᠂ ᠲᠠ ᠪᠦᠬᠦᠨ ᠰᠠᠶᠢᠨ ᠪᠠᠶᠢᠵᠠᠭᠠᠨ᠎ᠠ︕ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠡ ᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠣᠯᠤᠨ ︽ᠳᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠭᠤᠯᠤᠨ ᠲᠤᠬᠢᠷᠠᠭᠤᠯᠬᠤ ᠶᠢᠨ ᠴᠢᠬᠤᠯᠠ ᠠᠭᠤᠯᠭ᠎ᠠ | ᠪᠣᠯᠭᠠᠨ᠂ ᠠᠯᠢ ᠤᠯᠠᠨ ᠦᠨᠳᠦᠰᠦᠨ ᠴᠢᠨᠠᠷᠲᠠᠢ᠂ ᠡᠭᠦᠳᠦᠨ ᠪᠦᠳᠦᠭᠡᠯᠴᠢ ᠴᠢᠨᠠᠷᠲᠠᠢ᠂ ᠠᠯᠤᠰ ᠬᠡᠳᠦ ᠶᠢᠨ ᠴᠢᠨᠠᠷᠲᠠᠢ | ᠠᠵᠢᠯ ᠢ ᠰᠦᠪᠡᠭᠴᠢᠯᠡᠨ ᠥᠷᠨᠢᠭᠦᠯᠦᠨ᠂ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠪᠠ ᠠᠮᠢ | ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠠᠬᠢᠭᠤᠯᠬᠤ ᠨᠢ ᠦᠢᠯᠡᠳᠥᠯᠭᠡ ᠠᠴᠠ ᠲᠠᠨᠢᠯᠲᠠ ᠳᠤ | ᠬᠦᠷᠲᠡᠯᠡᠬᠢ ᠲᠡᠤᠬᠡᠲᠦ ᠴᠢᠨᠠᠷᠲᠠᠶ᠂ ᠡᠷᠭᠢᠯᠲᠡ ᠶᠢᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠠᠢ᠃ | ᠰᠠᠶᠢᠨ ᠰᠠᠶᠢᠬᠠᠨ ᠠᠮᠢ ᠠᠬᠤᠶ ᠣᠷᠴᠢᠨ ᠠᠬᠤᠶ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ | ᠬᠥᠭᠵᠢᠯᠲᠡ ᠶᠢ ᠪᠡᠶᠡᠯᠡᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ | ᠨᠡᠮᠡᠭᠳᠡᠭᠦᠯᠬᠦ ᠶᠢᠨ ᠲᠡᠷᠢᠭᠦᠨ ᠴᠢᠬᠤᠯᠠ ᠬᠦᠷᠢᠶ᠎ᠡ ᠮᠥᠨ᠂ ᠥᠨᠥᠳᠦᠷ ᠪᠢᠳᠡ ᠨᠢᠩᠴᠧᠩ ᠰᠢᠶᠠᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ ᠼᠦᠩ ᠱᠦ ᠪᠦᠦ ᠨᠥᠬᠦᠷ ᠢ ᠤᠷᠢᠵᠦ ᠮᠠᠨ ᠤ | ᠰᠢᠶᠠᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠬᠡᠷᠬᠢᠨ ᠰᠠᠶᠢᠲᠤᠷ ᠬᠢᠵᠦ ᠪᠠᠶᠢᠭ᠎ᠠ | ᠲᠤᠬᠠᠢ ᠶᠠᠷᠢᠯᠴᠠᠭ᠎ᠠ ᠶᠢ ᠲᠠ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠤᠯᠢᠯᠴᠠᠶ᠎ᠠ᠃ ᠼᠦᠩ ᠲᠣᠪᠴᠢᠶᠠᠨ | ᠳᠠᠷᠤᠭ᠎ᠠ᠂ ᠲᠠᠨ ᠢ ᠪᠠᠶᠠᠷᠯᠠᠨ ᠤᠭᠲᠤᠶ᠎ᠠ︕ | ︽ᠰᠤᠷᠪᠤᠯᠵᠢᠯᠠᠭ᠎ᠠ ᠬᠦᠯᠢᠶᠡᠭᠴᠢ ᠼᠦᠩ ᠱᠦ ᠪᠦᠦ︾ ᠬᠥᠲᠥᠯᠥᠭᠴᠢ ᠰᠠᠶᠢᠨ ᠤᠤ︕ ᠥᠷᠭᠡᠨ ᠣᠯᠠᠨ ᠰᠦᠯᠵᠢᠶᠡᠨ | ᠠᠨᠳᠠ ᠨᠠᠷ ᠰᠠᠶᠢᠨ ᠪᠠᠶᠢᠨ᠎ᠠ︕ ᠰᠢᠶᠠᠨ ᠤ ᠵᠠᠰᠠᠭ ᠤᠨ ᠣᠷᠳᠣᠨ ᠤ ᠰᠦᠯᠵᠢᠶ᠎ᠡ ᠪᠠᠷ ᠲᠠ ᠣᠯᠠᠨ ᠲᠠᠢ ᠰᠠᠨᠠᠯ ᠢᠶᠠᠨ | ᠰᠤᠯᠢᠯᠴᠠᠬᠤ ᠪᠤᠯᠤᠬᠰᠠᠨ ᠳᠠᠭᠠᠨ ᠮᠠᠰᠢ ᠶᠡᠭᠡ ᠪᠠᠶᠠᠷᠯᠠᠵᠤ ᠪᠠᠶᠢᠨ᠎ᠠ᠃ ᠡ᠊ᠨᠳᠡ ᠪᠢ ᠰᠢᠶᠠᠨ ᠤ ᠣᠷᠴᠢᠨ ᠠᠬᠤᠶ ᠶᠢᠨ | ᠬᠠᠮᠠᠭᠠᠯᠠᠯᠲᠠ ᠶᠢ ᠲᠥᠯᠥᠭᠡᠯᠡᠨ ᠤᠷᠳᠤ ᠬᠤᠭᠤᠴᠠᠭᠠᠨ ᠤ ᠲᠤᠷᠰᠢ ᠨᠢᠩᠴᠧᠩ ᠰᠢᠶᠠᠨ ᠤ ᠣᠷᠴᠢᠨ ᠠᠬᠤᠶ ᠶᠢᠨ | ᠬᠠᠮᠠᠭᠠᠯᠠᠯᠲᠠ ᠶᠢᠨ ᠦᠢᠯᠡᠰ ᠲᠤ ᠠᠩᠬᠠᠷᠤᠯ ᠲᠠᠯᠪᠢᠵᠦ ᠳᠡᠮᠵᠢᠯᠭᠡ ᠦᠵᠡᠭᠦᠯᠦᠭᠰᠡᠨ ᠰᠦᠯᠵᠢᠶᠡᠨ ᠠᠨᠳᠠ ᠨᠠᠷ ᠲᠤ | ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ | ︽ᠬᠦᠳᠦᠯᠦᠭᠴᠢ︾ ᠣᠷᠴᠢᠨ ᠲᠣᠭᠤᠷᠢᠨ ᠢ ᠬᠠᠮᠠᠭᠠᠯᠠᠬᠤ ᠨᠢ ᠤᠳᠤᠬᠢᠴᠢᠯᠠᠬᠰᠠᠨ ᠪᠦᠳᠦᠭᠡᠠ ᠪᠠᠶᠢᠭᠤᠯᠤᠯᠲᠠ ᠶᠢᠨ | ᠪᠦᠬᠦ ᠲᠠᠯ᠎ᠠ ᠪᠣᠯᠤᠨ ᠠᠯᠤᠰ ᠬᠡᠲᠦ ᠶᠢᠨ ᠬᠥᠭᠵᠢᠯᠲᠡ ᠲᠠᠢ ᠬᠤᠯᠪᠤᠬᠳᠠᠵᠦ᠂ ᠤᠳᠤ ᠦᠶ᠎ᠡ ᠳᠤ ᠪᠤᠶᠠᠨ ᠦᠢᠯᠡᠳᠴᠦ᠂ | ᠦᠷ᠎ᠡ ᠬᠤᠶᠢᠴᠢᠰ ᠲᠠᠭᠠᠨ ᠠᠰᠢᠭ ᠬᠦᠷᠲᠡᠭᠡᠬᠦ ᠶᠡᠭᠡ ᠦᠢᠯᠡᠰ ᠮᠥᠨ᠃ ᠶᠠᠭᠤᠨ ᠤ ᠡᠮᠦᠨ᠎ᠡ ᠼᠦᠩ ᠲᠤᠪᠴᠢᠶᠠᠨ | ᠳᠠᠷᠤᠭ᠎ᠠ ᠪᠠᠷ ᠮᠠᠨ ᠤ ᠰᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ | ᠪᠠᠲᠤ ᠰᠠᠶᠢᠲᠤᠷ ᠬᠢᠵᠦ ᠪᠠᠶᠢᠭ᠎ᠠ ᠪᠠᠶᠢᠳᠠᠯ ᠢ ᠲᠠᠨᠢᠯᠴᠠᠭᠤᠯᠤᠶ᠎ᠠ᠃ | ︽ᠰᠤᠷᠪᠤᠯᠵᠢᠯᠠᠭ᠎ᠠ ᠬᠦᠯᠢᠶᠡᠭᠴᠢ ᠼᠦᠩ ᠱᠦ ᠪᠦᠦ︾ 2018 ᠣᠨ ᠤ 6 ᠰᠠᠷ᠎ᠠ ᠳᠤ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠡ ︽ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠪᠠᠲᠤ ᠰᠠᠶᠢᠲᠤᠷ ᠬᠢᠬᠦ ᠲᠤᠬᠠᠢ ᠰᠠᠨᠠᠯ︾ ᠢ ᠲᠠᠷᠤᠮᠯᠠᠯᠨ ᠲᠠᠷᠬᠠᠭᠠᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠴᠠᠭ ᠤᠨ ᠬᠦᠰᠦᠨᠦᠭᠲᠦ᠂ ᠵᠠᠮ | ᠱᠤᠭᠤᠮ ᠤᠨ ᠵᠢᠷᠤᠭ᠂ ᠡᠭᠦᠷᠭᠡ ᠶᠢᠨ ᠪᠢᠴᠢᠭ ᠢ ᠤᠯᠠᠮ ᠨᠢᠭᠡ ᠠᠯᠬᠤᠮ ᠲᠤᠳᠤᠷᠬᠠᠶᠢᠯᠠᠪᠠ᠂ ᠤᠯᠠᠭᠠᠨᠬᠠᠳᠠ | ᠬᠤᠳᠠ ᠶᠢᠨ ᠨᠠᠮ ᠤᠨ ᠬᠤᠷᠢᠶ᠎ᠡ᠂ ᠬᠤᠳᠠ ᠶᠢᠨ ᠵᠠᠰᠠᠭ ᠤᠨ ᠣᠷᠳᠣᠨ ︽ᠤᠯᠠᠭᠠᠨᠬᠠᠳᠠ ᠬᠤᠲᠠ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢᠨ | ᠬᠡᠷᠡᠭᠵᠢᠭᠦᠯᠬᠦ ᠲᠥᠰᠦᠯ︾ ᠵᠢᠴᠢ ᠢᠵᠢ ᠪᠦᠷᠢᠳᠦᠭᠰᠡᠨ 12 ᠲᠤᠰᠬᠠᠢ ᠲᠥᠰᠦᠯ ᠪᠣᠯᠤᠨ ︽ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠪᠠᠲᠤ ᠰᠠᠶᠢᠲᠤᠷ ᠬᠢᠬᠦ ᠲᠤᠬᠠᠢ ᠰᠠᠨᠠᠯ︾ ᠢ ᠲᠠᠷᠬᠠᠭᠠᠪᠠ᠃ ᠮᠠᠨ ᠤ | ᠰᠢᠶᠠᠨ ᠪᠠᠰᠠ ︽ᠨᠢᠩᠴᠧᠩ ᠰᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ | ᠬᠡᠷᠡᠭᠵᠢᠭᠦᠯᠬᠦ ᠲᠥᠰᠦᠯ︾ ᠢ ᠲᠠᠷᠤᠮᠯᠠᠯᠨ ᠲᠠᠷᠬᠠᠭᠠᠪᠠ᠂ ᠤᠰᠤ᠂ ᠠᠭᠠᠷ ᠮᠠᠨᠳᠠᠯ᠂ ᠬᠥᠷᠥᠰᠥ ᠰᠢᠷᠣᠶ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠂ ᠠᠰᠠᠭᠤᠳᠠᠯ ᠲᠤᠪᠤᠶᠢᠮ᠎ᠠ | ᠪᠠᠶᠢᠭ᠎ᠠ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠠᠶᠢᠨ ᠪᠠ ᠠᠷᠪᠠᠨ ᠬᠤᠶᠠᠷ | ᠶᠡᠭᠡ ᠢᠨᠵᠧᠨᠧᠷᠢᠩ ᠤᠨ ᠪᠣᠳᠠᠲᠠᠶ ᠠᠷᠭ᠎ᠠ ᠬᠡᠮᠵᠢᠶ᠎ᠡ ᠶᠢ ᠲᠤᠬᠳᠠᠭᠠᠪᠠ᠃ | ︽ᠬᠦᠳᠦᠯᠦᠭᠴᠢ︾ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠶᠢ ᠴᠢᠩᠭᠠᠳᠬᠠᠬᠤ ᠪᠣᠯ ᠨᠠᠮ ᠤᠨ ᠲᠥᠪ | ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠡᠦᠬᠡᠲᠦ ᠡᠭᠦᠷᠭᠡ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠵᠤ ᠴᠢᠳᠠᠬᠤ ᠬᠥᠭᠵᠢᠯᠲᠡ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠢᠯᠡᠷᠡᠭᠦᠯᠬᠦ | ᠬᠥᠭᠵᠢᠯᠲᠡ ᠮᠥᠨ᠂ ᠼᠦᠩ ᠲᠤᠪᠴᠢᠶᠠᠨ ᠳᠠᠷᠤᠭ᠎ᠠ ᠠᠴᠠ ᠪᠢᠳᠡᠨ ᠳᠤ ᠮᠠᠨ ᠤ ᠰᠢᠶᠠᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠬᠠᠷᠠᠯᠲᠠ ᠶᠢ ᠲᠠᠨᠢᠯᠴᠠᠭᠤᠯᠤᠨ᠎ᠠ︖ | ︽ᠰᠤᠷᠪᠤᠯᠵᠢᠯᠠᠭ᠎ᠠ ᠬᠦᠯᠢᠶᠡᠭᠴᠢ ᠼᠦᠩ ᠱᠦ ᠪᠦᠦ︾ ᠭᠤᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ 2020 | ᠣᠨ ᠪᠣᠯᠬᠤ ᠳᠤ᠂ ᠪᠦᠬᠦ ᠰᠢᠶᠠᠨ ᠤ ᠠᠭᠠᠷ ᠤᠨ ᠶᠠᠰᠤ ᠴᠢᠨᠠᠷ ᠢ ᠤᠯᠤᠰ ᠤᠨ ᠪᠠᠷᠢᠮᠵᠢᠶ᠎ᠠ ᠳᠤ ᠬᠦᠷᠦᠭᠦᠯᠦᠨ᠎ᠡ᠂ | ᠰᠢᠯᠢᠳᠡᠭ ᠰᠠᠶᠢᠨ ᠡᠳᠦᠷ ᠤᠨ ᠲᠣᠭᠠᠨ ᠤ ᠬᠠᠷᠢᠴᠠᠯ ᠢ 88 % ᠠᠴᠠ ᠳᠡᠭᠡᠭᠰᠢ ᠪᠠᠶᠢᠯᠭᠠᠨ᠎ᠠ᠂ ᠰᠠᠪᠠ ᠭᠠᠵᠠᠷ ᠤᠨ | ᠤᠰᠤᠨ ᠤ ᠴᠢᠨᠠᠷ ᠢ ᠰᠠᠶᠢᠵᠢᠷᠠᠭᠤᠯᠵᠦ᠂ ᠤᠰᠤᠨ ᠤ ᠴᠢᠨᠠᠷ ᠢᠶᠠᠷ ᠰᠢᠯᠢᠳᠡᠭ ᠰᠠᠶᠢᠨ ︵III ᠲᠥᠷᠥᠯ ᠳᠤ ᠬᠦᠷᠦᠭᠰᠡᠨ | ᠪᠤᠶᠤ ᠲᠠᠪᠠᠭᠰᠠᠨ︶ ᠬᠠᠷᠢᠴᠠᠯ ᠢ ᠶᠡᠷᠦᠩᠬᠡᠶ ᠳᠡᠭᠡᠨ 66 % ᠠᠴᠠ ᠳᠡᠭᠡᠭᠰᠢ ᠪᠠᠶᠢᠯᠭᠠᠨ᠎ᠠ᠂ ᠬᠠᠷ᠎ᠠ ᠦᠮᠡᠬᠡᠢ ᠤᠰᠤᠨ | ᠴᠣᠭᠴᠠ ᠶᠢ ᠤᠰᠠᠳᠬᠠᠵᠤ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ | ᠴᠢᠨᠠᠷ III ᠲᠦᠷᠦᠯ ᠬᠦᠷᠬᠦ ᠪᠤᠶᠤ ᠳᠠᠪᠠᠭ᠋ᠤ ᠬᠠᠷᠢᠴᠠᠯ 100% ᠪᠠᠶᠢᠬᠤ ᠶᠢ ᠪᠠᠷᠢᠮᠲᠠᠯᠠᠨ᠎ᠠ᠂ ᠪᠦᠬᠦ ᠰᠢᠶᠠᠨ ᠤ | ᠭᠠᠵᠠᠷ ᠳᠣᠣᠷᠠᠬᠢ ᠤᠰᠤᠨ ᠤ ᠶᠠᠰᠤ ᠴᠢᠨᠠᠷ ᠨᠢ ᠲᠣᠩ ᠠᠨᠠᠶ ᠬᠠᠷᠢᠴᠠᠯ ᠢ 12.5 % ᠣᠷᠴᠢᠮ ᠬᠢᠵᠠᠭᠠᠷᠯᠠᠨ᠎ᠠ᠂ | ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ | ᠣᠷᠴᠢᠨ ᠠᠬᠤᠶ ᠶᠢᠨ ᠠᠮᠤᠷ ᠲᠦᠪᠰᠢᠨ ᠢ ᠦᠨᠳᠦᠰᠦᠨ ᠳᠡᠭᠡᠨ ᠪᠠᠲᠤᠯᠠᠵᠤ᠂ ᠬᠥᠷᠥᠰᠥ ᠰᠢᠷᠣᠶ ᠶᠢᠨ ᠣᠷᠴᠢᠨ | ᠠᠬᠤᠶ ᠶᠢᠨ ᠲᠦᠭᠰᠢᠭᠦᠷᠢ ᠶᠢ ᠦᠨᠳᠦᠰᠦᠨ ᠳᠡᠭᠡᠨ ᠬᠠᠮᠢᠶᠠᠷᠤᠨ ᠡᠵᠡᠮᠳᠡᠨ᠎ᠠ᠂ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠦᠨᠳᠦᠰᠦᠨ ᠳᠡᠭᠡᠨ ᠰᠢᠶ᠋ᠳᠪᠦᠷᠢᠯᠡᠵᠦ᠂ | ᠠᠭᠤᠷᠬᠠᠶ ᠶᠢᠨ ᠠᠭᠤᠯᠠ ᠶᠢ ᠶᠡᠷᠦᠩᠬᠡᠶ ᠳᠤ ᠪᠠᠨ ᠪᠣᠬᠢᠷᠲᠤᠯ ᠥᠬᠡᠶ ᠠᠭᠤᠷᠬᠠᠶ ᠶᠢᠨ ᠠᠭᠤᠯᠠ ᠶᠢᠨ ᠪᠥᠲᠥᠭᠡᠨ | ᠪᠠᠶᠢᠭᠤᠯᠤᠯᠲᠠ ᠶᠢᠨ ᠦᠨᠳᠦᠰᠦᠨ ᠨᠥᠬᠦᠴᠡᠯ ᠪᠠᠷᠢᠮᠵᠢᠶ᠎ᠠ ᠳᠤ ᠬᠦᠷᠦᠭᠦᠯᠦᠨᠠ᠃ | ︽ᠬᠦᠳᠦᠯᠦᠭᠴᠢ︾ ᠼᠦᠩ ᠲᠤᠪᠴᠢᠶᠠᠨ ᠳᠠᠷᠤᠭ᠎ᠠ ᠠᠴᠠ ᠮᠠᠨ ᠤ ᠰᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠠᠵᠢᠯ ᠥᠷᠨᠢᠭᠦᠯᠦᠭᠰᠡᠨ ᠪᠠᠶᠢᠳᠠᠯ ᠪᠠ ᠲᠤᠯᠭᠠᠷᠠᠵᠤ ᠪᠦᠬᠦᠢ ᠥᠷᠢᠰᠥᠯᠳᠦᠭᠡᠨ | ᠲᠤᠬᠠᠢ ᠶᠡᠷᠢᠭᠠᠳ ᠦᠭᠬᠦᠨ᠎ᠡ︖ | ︽ᠰᠤᠷᠪᠤᠯᠵᠢᠯᠠᠭ᠎ᠠ ᠬᠦᠯᠢᠶᠡᠭᠴᠢ ᠼᠦᠩ ᠱᠦ ᠪᠦᠦ︾ ᠣᠶᠢᠷ᠎ᠠ ᠶᠢᠨ ᠵᠢᠯ ᠤᠳ ᠲᠤ᠂ ᠰᠢᠶᠠᠨ ᠤ ᠣᠷᠴᠢᠨ | ᠠᠬᠤᠶ ᠶᠢᠨ ᠬᠠᠮᠠᠭᠠᠯᠠᠯᠲᠠ ᠶᠢᠨ ᠲᠤᠪᠴᠢᠶ᠎ᠠ ᠨᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ | ᠭᠤᠣᠯ ᠪᠣᠯᠭᠠᠨ᠂ ᠣᠷᠴᠢᠨ ᠲᠣᠭᠤᠷᠢᠨ ᠢ ᠬᠠᠮᠠᠭᠠᠯᠠᠬᠤ ᠨᠢ ᠠᠷᠠᠳ ᠤᠨ ᠲᠥᠯᠥᠭᠡ ᠭᠡᠬᠦ ᠤᠢᠢᠯᠠᠭᠠᠭᠳᠠᠬᠤᠨ ᠢ | ᠪᠠᠷᠢᠮᠲᠠᠯᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠪᠠᠲᠤ ᠰᠠᠶᠢᠲᠤᠷ ᠬᠢᠵᠦ᠂ ᠳᠣᠣᠷᠠᠬᠢ | ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠪᠠᠷ ᠥᠷᠨᠢᠭᠦᠯᠪᠡ᠄ | ᠨᠢᠭᠡ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠪᠡ᠃ | ᠬᠤᠶᠠᠷ ᠲᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠨ᠂ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠢᠯᠠᠯᠲᠠ ᠣᠯᠪᠠ᠃ | ᠦᠢᠷ᠎ᠠ ᠶᠢᠨ ᠬᠡᠳᠤᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠰᠢᠶᠠᠨ ᠤ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠵᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠰᠠᠶᠢᠵᠢᠷᠠᠵᠤ᠂ ᠬᠥᠷᠥᠰᠥ | ᠰᠢᠷᠣᠶ ᠶᠢᠨ ᠣᠷᠴᠢᠨ ᠠᠬᠤᠶ ᠶᠢᠨ ᠶᠠᠰᠤ ᠴᠢᠨᠠᠷ ᠢ ᠶᠡᠷᠦᠩᠬᠡᠶ ᠳᠤᠨᠢ ᠲᠣᠭᠲᠠᠭᠤᠨ ᠪᠠᠶᠢᠵᠦ᠂ ᠪᠠᠶᠢᠭᠠᠯᠢ ᠶᠢᠨ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠭᠤᠷᠪᠠ ᠳᠤ᠂ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠪᠠᠷ ᠤᠳᠤᠷᠢᠳᠤᠮᠵᠢ ᠪᠣᠯᠭᠠᠨ᠂ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠠᠷ ᠴᠢᠬᠤᠯᠠ ᠠᠵᠠ ᠲᠣᠬᠢᠶᠠᠯ ᠪᠣᠯᠤᠨ ᠬᠦᠴᠦᠷᠬᠡᠭ ᠶᠡᠭᠡ ᠬᠥᠳᠡᠯᠭᠡᠭᠴᠢ | ᠬᠦᠴᠦᠨ ᠪᠣᠯᠭᠠᠨ᠂ ᠠᠮᠢ ᠠᠬᠤᠶ ᠣᠷᠴᠢᠨ ᠠᠬᠤᠶ ᠶᠢᠨ ᠳᠤᠲᠠᠭᠤᠳᠠᠯ ᠢ ᠬᠦᠴᠦᠯᠡᠨ ᠨᠦᠬᠦᠪᠦᠷᠢᠯᠡᠪᠡ᠃ | ᠲᠦᠷᠪᠡ ᠳᠤ᠂ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠪᠠ ᠪᠦᠬᠦ ᠤᠯᠤᠰ ᠤᠨ ᠬᠤᠶᠠᠳᠠᠬᠢ | ᠤᠳᠠᠭᠠᠨ ᠤ ᠪᠣᠬᠢᠷᠲᠤᠯ ᠤᠨ ᠡᠬᠢ ᠶᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠵᠦ᠂ ᠣᠷᠴᠢᠨ ᠠᠬᠤᠶ ᠶᠢᠨ | ᠬᠠᠮᠢᠶᠠᠷᠤᠯᠲᠠ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠪᠠ᠃ ᠲᠠᠪᠤ ᠳᠤ᠂ ᠨᠠᠮ ᠤᠨ ᠪᠠᠶᠢᠭᠤᠯᠤᠯᠲᠠ ᠶᠢ | ᠦᠨᠢᠲᠡ ᠰᠠᠶᠢᠲᠤᠷ ᠠᠳᠬᠤᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ | ᠪᠠᠶᠢᠭᠤᠯᠬᠤ ᠪᠠᠷ ᠳᠠᠮᠵᠢᠭᠤᠯᠤᠨ ᠠᠷᠢᠭᠤᠨ ᠲᠤᠩᠭᠠᠯᠠᠭ ᠪᠠᠶᠢᠭᠠᠯᠢ ᠶᠢᠨ ᠠᠮᠢ ᠠᠬᠤᠢ ᠶᠢ ᠰᠡᠷᠭᠦᠭᠡᠬᠦ ᠶᠢ ᠠᠬᠢᠭᠤᠯᠪᠠ᠃ | | ᠤᠳᠤᠬᠠᠨ ᠳᠤ᠂ ᠮᠠᠨ ᠤ ᠰᠢᠶᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠶ ᠣᠷᠴᠢᠨ | ᠠᠬᠤᠶ ᠶᠢᠨ ᠬᠠᠮᠠᠭᠠᠯᠠᠯᠲᠠ ᠳᠤ ᠲᠤᠯᠭᠠᠷᠠᠵᠤ ᠪᠠᠶᠢᠭ᠎ᠠ ᠭᠤᠣᠯ ᠬᠦᠴᠢᠷᠳᠡᠯ ᠪᠠ ᠥᠷᠢᠰᠥᠯᠳᠦᠭᠡᠨ ᠪᠣᠯ᠄ ᠡᠪᠦᠯ ᠤᠨ | ᠤᠯᠠᠷᠢᠯ ᠳᠤ ᠨᠡᠭᠦᠷᠡᠰᠦᠨ ᠤᠳᠦᠭᠠᠠ ᠤ ᠠᠭᠠᠷ ᠮᠠᠨᠳᠠᠯ ᠤᠨ ᠪᠣᠬᠢᠷᠲᠤᠯ ᠮᠥᠨ ᠯᠡ ᠨᠡᠯᠢᠶᠡᠳ ᠲᠤᠪᠤᠶᠢᠮ᠎ᠠ ᠪᠠᠶᠢᠵᠤ᠂ | ᠬᠡᠰᠡᠭ ᠭᠤᠣᠯ ᠮᠥᠷᠡᠨ ᠤ ᠣᠭᠲᠣᠯᠤᠭᠠᠰᠤ ᠶᠢᠨ ᠤᠰᠤᠨ ᠤ ᠴᠢᠨᠠᠷ ᠨᠢ ᠪᠠᠰᠠ ᠤᠯᠤᠰ ᠤᠨ ᠬᠢᠨᠠᠨ ᠰᠢᠯᠭᠠᠬᠤ | ᠱᠠᠭᠠᠷᠳᠠᠯᠭ᠎ᠠ ᠳᠤ ᠬᠦᠷᠦᠭᠡᠲᠤᠢ᠂ ᠬᠥᠷᠥᠰᠥᠨ ᠤ ᠪᠣᠬᠢᠷᠲᠤᠯ ᠤᠨ ᠳᠠᠷᠤᠯᠲᠠ ᠪᠠᠰᠠ ᠨᠡᠯᠢᠶᠡᠳ ᠶᠡᠭᠡ ᠲᠤᠯᠭᠠᠷᠠᠵᠤ᠂ | ᠪᠠᠰᠠ ᠵᠠᠷᠢᠮ ᠲᠤᠪᠤᠶᠢᠮ᠎ᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠲᠦᠢᠯᠪᠤᠷᠢᠲᠠᠶ ᠰᠢᠢᠳᠪᠤᠷᠢᠯᠡᠵᠦ | ᠴᠢᠳᠠᠭ᠎ᠠ ᠦᠭᠡᠢ᠃ | ︽ᠬᠦᠳᠦᠯᠦᠭᠴᠢ︾ ᠪᠢᠳᠡ ᠼᠦᠩ ᠲᠤᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠶᠢ ᠰᠣᠨᠣᠰᠤᠭᠠᠳ ᠮᠠᠨ ᠤ | ᠰᠢᠶᠠᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠲᠣᠪᠴᠢᠶ᠎ᠠ ᠨᠢ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠬᠤ ᠪᠣᠯᠤᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠰᠠᠶᠢᠲᠤᠷ ᠬᠢᠬᠦ ᠲᠠᠯ᠎ᠠ ᠪᠠᠷ ᠶᠡᠭᠡ ᠬᠡᠮᠵᠢᠶᠡᠨ ᠤ ᠭᠢᠯᠠᠷᠠᠭᠰᠠᠨ ᠠᠮᠵᠢᠯᠲᠠ ᠤᠯᠤᠬᠰᠠᠨ ᠢ ᠤᠶᠢᠯᠠᠭᠠᠵᠦ ᠮᠡᠳᠡᠯ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠶ ᠬᠡᠷᠩᠵᠢᠬᠦᠯᠬᠦ ᠶᠢ ᠳᠠᠭᠠᠯᠳᠤᠨ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠠᠷᠠᠳ ᠤᠯᠠᠨ ᠤ ᠬᠠᠨᠤᠮᠵᠢᠲᠠᠶ ᠪᠠᠶᠢᠬᠤ ᠬᠡᠮᠵᠢᠶ᠎ᠡ | ᠤᠯᠠᠮ ᠠᠴᠠ ᠤᠯᠠᠮ ᠥᠨᠳᠥᠷ ᠪᠠᠶᠢᠨ᠎ᠠ᠃ ᠤᠳᠤ ᠰᠦᠯᠵᠢᠶᠡᠨ ᠠᠨᠳᠠ ᠶᠢᠨ ᠠᠰᠠᠭᠤᠯᠲᠠ ᠠᠰᠠᠭᠤᠬᠤ ᠴᠠᠭ ᠪᠣᠯᠣᠯ᠎ᠠ | ᠂ ᠤᠯᠠᠨ ᠢᠶᠠᠷ ᠢᠶᠠᠨ ᠢᠳᠡᠪᠬᠢᠲᠡᠢ ᠤᠷᠤᠯᠴᠠᠭᠠᠷᠠᠢ᠃ | ︽ᠰᠦᠯᠵᠢᠶᠡᠨ ᠤ ᠠᠨᠲᠠ ᠴᠠᠭᠠᠨ ᠴᠠᠮᠴᠠ︾ ᠼᠦᠩ ᠲᠤᠪᠴᠢᠶᠠᠨ ᠳᠠᠷᠤᠭ᠎ᠠ ᠡ᠂ ᠰᠢᠶᠠᠨ ᠤ ᠣᠷᠴᠢᠨ ᠠᠬᠤᠶ ᠶᠢᠨ | ᠬᠠᠮᠠᠭᠠᠯᠠᠯᠲᠠ ᠶᠢᠨ ᠲᠤᠪᠴᠢᠶ᠎ᠠ ᠨᠢ ᠤᠰᠤᠨ ᠤ ᠣᠷᠴᠢᠨ ᠲᠣᠭᠤᠷᠢᠨ ᠤ ᠴᠢᠨᠠᠷ ᠢ ᠰᠠᠶᠢᠵᠢᠷᠠᠭᠤᠯᠬᠤ ᠲᠠᠯ᠎ᠠ ᠪᠠᠷ ᠶᠠᠮᠠᠷ | ᠠᠷᠭ᠎ᠠ ᠬᠡᠮᠵᠢᠶ᠎ᠡ ᠠᠪᠤᠭᠰᠠᠨ ᠪᠣᠢ︖ | ︽ᠰᠤᠷᠪᠤᠯᠵᠢᠯᠠᠭ᠎ᠠ ᠬᠦᠯᠢᠶᠡᠭᠴᠢ ᠼᠦᠩ ᠱᠦ ᠪᠦᠦ︾ ᠮᠠᠨ ᠤ ᠲᠣᠪᠴᠢᠶ᠎ᠠ ᠨᠢ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠰᠤᠨ ᠤ ᠴᠢᠨᠠᠷ ᠤᠨ ᠵᠠᠳᠠᠯᠤᠯᠲᠠ ᠪᠠ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ ᠪᠠᠷᠢᠮᠵᠢᠶ᠎ᠠ ᠳᠤ ᠬᠦᠷᠦᠭᠰᠡᠨ ᠦᠭᠡᠢ | ᠤᠰᠤᠨ ᠴᠣᠭᠴᠠ ᠳᠤ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠬᠡᠷᠩᠵᠢᠭᠦᠯᠵᠦ᠂ ᠬᠤᠲᠠ ᠪᠠᠯᠭᠠᠰᠤᠨ ᠤ | ᠠᠮᠢᠳᠤᠷᠠᠯ ᠤᠨ ᠪᠣᠬᠢᠷ ᠤᠰᠤ ᠶᠢᠨ ᠵᠠᠰᠠᠯᠲᠠ ᠶᠢ ᠴᠢᠩᠭᠠᠳᠬᠠᠵᠤ᠂ ᠰᠠᠪᠠ ᠭᠠᠵᠠᠷ ᠤᠨ ᠤᠰᠤᠨ ᠤ ᠣᠷᠴᠢᠨ | ᠲᠣᠭᠤᠷᠢᠨ ᠤ ᠶᠠᠰᠤ ᠴᠢᠨᠠᠷ ᠢ ᠦᠨᠡᠨ ᠬᠦ ᠰᠠᠶᠢᠵᠢᠷᠠᠭᠤᠯᠵᠤ᠂ ᠤᠰᠤᠨ ᠤ ᠰᠤᠷᠪᠤᠯᠵᠢ ᠶᠢ ᠵᠢᠷᠤᠮᠵᠢᠭᠤᠯᠬᠤ | ᠪᠠᠶᠢᠭᠤᠯᠤᠯᠲᠠ ᠶᠢ ᠥᠷᠨᠢᠭᠦᠯᠵᠦ᠂ ᠤᠤᠭᠤᠬᠤ ᠤᠰᠤᠨ ᠤ ᠠᠶᠤᠯᠭᠦᠶ ᠶᠢ ᠪᠠᠲᠤᠯᠠᠪᠠ᠃ | ᠨᠢᠭᠡ ᠳᠤ᠂ ᠯᠣᠤᠬ᠎ᠠ ᠶᠢᠨ ᠭᠤᠣᠯ ᠵᠢᠴᠢ ᠲᠡᠭᠦᠨ ᠤ ᠰᠠᠯᠪᠤᠷᠢ ᠤᠷᠤᠰᠬᠠᠯ ᠶᠢᠨ ᠬᠦᠪᠡᠭᠡ ᠳᠠᠭᠠᠤ ᠠᠵᠤ | ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠠᠮᠠ ᠳᠠᠬᠢ ᠤᠰᠤᠨ ᠤ ᠴᠢᠨᠠᠷ ᠢ ᠬᠢᠨᠠᠨ ᠬᠡᠮᠵᠢᠬᠦ ᠪᠠ ᠬᠢᠨᠠᠨ | ᠬᠠᠮᠢᠶᠠᠷᠬᠤ ᠶᠢ ᠭᠤᠣᠯᠳᠠᠯᠭ᠎ᠠ ᠲᠠᠢ ᠴᠢᠩᠭᠠᠳᠬᠠᠵᠤ᠂ ᠬᠠᠤᠯᠢ ᠶᠢ ᠵᠦᠷᠢᠴᠡᠨ ᠪᠣᠬᠢᠷᠲᠤᠯ ᠢ ᠭᠠᠳᠠᠭᠰᠢᠯᠠᠭᠤᠯᠬᠤ | ᠠᠵᠢᠯᠯᠠᠭ᠎ᠠ ᠳᠤ ᠡᠷᠡᠰ ᠴᠣᠬᠢᠯᠲᠠ ᠦᠭᠪᠡ᠃ | ᠬᠤᠶᠠᠷ ᠲᠤ᠂ ᠵᠢᠶᠠᠨ ᠫᠢᠩ ᠰᠢᠶᠠᠨ ᠯᠤᠭ᠎ᠠ ᠶᠢᠨ ᠣᠷᠣᠨ ᠪᠦᠰᠡ ᠠᠯᠤᠰᠯᠠᠭᠰᠠᠨ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ | ᠵᠢᠶᠠᠨ ᠫᠢᠩ ᠰᠢᠶᠠᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠲᠤᠪᠴᠢᠶ᠎ᠠ ᠲᠠᠢ ᠬᠤᠯᠪᠣᠭᠠᠯᠠᠨ ᠵᠡᠭᠦᠨ ᠪᠠᠭ᠎ᠠ | ᠭᠤᠣᠯ ᠤᠨ ᠪᠣᠬᠢᠷ ᠤᠰᠤ ᠶᠢ ᠭᠠᠳᠠᠬᠰᠢᠯᠠᠭᠤᠯᠬᠤ ᠠᠰᠠᠭᠤᠳᠠᠯ ᠢ ᠲᠤᠤᠱᠲᠠᠢ ᠪᠠᠶᠢᠴᠠᠭᠠᠵᠤ ᠴᠡᠭᠴᠡᠯᠡᠨ ᠵᠠᠰᠠᠪᠠ᠃ | ᠭᠤᠷᠪᠠ ᠳᠤ᠂ ᠬᠤᠲᠠ ᠲᠣᠭᠤᠷᠢᠭ ᠤᠨ ᠪᠣᠬᠢᠷ ᠤᠰᠤ ᠰᠢᠢᠳᠪᠤᠷᠢᠯᠡᠬᠦ ᠦᠢᠯᠡᠳᠪᠦᠷᠢ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠵᠤ᠂ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠤᠷᠲᠤ ᠬᠤᠭᠤᠴᠠᠭ᠎ᠠ ᠪᠠᠷ | ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠪᠠ᠃ | ᠳᠥᠷᠪᠡ ᠳᠤ᠂ ᠬᠤᠲᠠ ᠲᠣᠭᠤᠷᠢᠭ ᠤᠨ ᠬᠤᠶᠠᠷ᠂ ᠲᠥᠷᠪᠡᠳᠤᠭᠡᠷ ᠤᠰᠤᠨ ᠰᠤᠷᠪᠤᠯᠵᠢ ᠶᠢᠨ ᠭᠠᠵᠠᠷ ᠤᠨ | ᠬᠠᠮᠠᠭᠠᠯᠠᠯᠲᠠ ᠶᠢᠨ ᠣᠷᠣᠨ ᠤ ᠲᠤᠳᠤᠷᠠᠬᠢ ᠣᠷᠴᠢᠨ ᠲᠣᠭᠤᠷᠢᠨ ᠤ ᠠᠰᠠᠭᠤᠳᠠᠯ ᠳᠤ ᠬᠠᠮᠳᠤᠷᠠᠨ ᠬᠠᠤᠯᠢ | ᠬᠡᠷᠩᠵᠢᠭᠦᠯᠦᠨ᠂ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠤ ᠲᠤᠳᠤᠷᠠᠬᠢ ᠭᠠᠭ᠋ᠠᠶ ᠲᠡᠵᠢᠭᠡᠬᠦ ᠨᠢᠭᠡᠨ | ᠲᠠᠯᠠᠪᠠᠢ ᠶᠢ ᠬᠦᠴᠦᠨ ᠤᠢᠭᠡᠢ ᠪᠣᠯᠭᠠᠵᠤ᠂ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠤ ᠲᠤᠳᠤᠷᠠᠬᠢ ᠮᠠᠯ | ᠵᠢᠭᠦᠷᠲᠡᠨ ᠲᠡᠵᠢᠭᠡᠨ ᠦᠷᠡᠵᠢᠭᠦᠯᠬᠦ ᠶᠢᠰᠥᠨ ᠲᠡᠯᠡᠪᠡᠢ ᠶᠢᠨ ᠪᠣᠬᠢᠷᠲᠤᠭᠤᠯᠤᠯ ᠢ ᠰᠡᠷᠭᠡᠶᠢᠯᠡᠨ ᠵᠠᠰᠠᠬᠤ | ᠲᠥᠬᠦᠭᠡᠷᠦᠮᠵᠢ ᠶᠢ ᠲᠥᠪᠯᠡᠷᠡᠭᠦᠯᠦᠨ ᠰᠢᠨᠡᠳᠬᠡᠨ ᠵᠠᠰᠠᠭᠤᠯᠪᠠ᠃ | ᠲᠠᠪᠤ ᠳᠤ᠂ 15 ᠰᠠᠤᠷᠢ ᠲᠤᠰᠤ ᠨᠡᠮᠡᠬᠦ ᠥᠷᠲᠡᠭᠡ ᠶᠢᠨ ᠲᠤᠰᠦ ᠬᠠᠳᠠᠭᠠᠯᠠᠬᠤ ᠰᠡᠪᠡ ᠶᠢᠨ ᠨᠡᠪᠴᠢᠬᠦ ᠶᠢ ᠰᠡᠷᠭᠡᠶᠢᠯᠡᠨ | ᠵᠠᠰᠠᠬᠤ ᠡᠭᠦᠷᠭᠡ ᠶᠢ ᠪᠡᠶᠡᠯᠡᠭᠦᠯᠵᠦ᠂ ᠡᠪᠦᠯ ᠤᠨ ᠴᠠᠭ ᠲᠤ ᠪᠠᠷᠢᠯᠭ᠎ᠠ ᠪᠠᠷᠢᠬᠤ ᠳᠤ ᠬᠦᠴᠢᠷᠲᠡᠶ ᠤᠴᠢᠷ ᠠᠴᠠ | ᠦᠯᠡᠳᠡᠭᠰᠡᠨ 2 ᠰᠠᠤᠷᠢ ᠲᠣᠰᠣ ᠨᠡᠮᠡᠬᠦ ᠥᠷᠲᠡᠭᠡ ᠶᠢ 2019 ᠣᠨ ᠳᠤ ᠵᠠᠰᠠᠬᠤ ᠪᠠᠷ ᠪᠠᠶᠢᠨ᠎ᠠ᠃ | ᠵᠢᠷᠭᠤᠭ᠎ᠠ ᠳᠤ᠂ ᠤᠷᠤᠭᠡᠰᠤᠨ ᠰᠠᠷ᠎ᠠ ᠪᠦᠷᠢ ᠮᠠᠨ ᠤ ᠰᠢᠶᠠᠨ ᠤ ᠭᠠᠵᠠᠷ ᠳᠡᠭᠡᠷᠡᠬᠢ ᠤᠰᠤᠨ ᠤ ᠬᠢᠨᠠᠨ ᠬᠡᠮᠵᠢᠬᠦ | ᠣᠭᠲᠣᠯᠤᠭᠠᠰᠤ ᠶᠢᠨ ᠤᠰᠤᠨ ᠤ ᠴᠢᠨᠠᠷ ᠢ ᠨᠢᠭᠡ ᠤᠳᠠᠭ᠎ᠠ ᠬᠢᠨᠠᠨ ᠬᠡᠮᠵᠢᠵᠦ᠂ ᠤᠰᠤᠨ ᠤ ᠴᠢᠨᠠᠷ ᠤᠨ | ᠬᠤᠪᠢᠷᠠᠯᠲᠠ ᠶᠢᠨ ᠪᠠᠶᠢᠳᠠᠯ ᠢ ᠨᠢᠭᠲᠠ ᠠᠩᠬᠠᠷᠴᠤ ᠪᠠᠶᠢᠨ᠎ᠠ᠃ | ︽ᠰᠦᠯᠵᠢᠶᠡᠨ ᠤ ᠠᠨᠲᠠ ᠬᠥᠪᠪᠥᠯᠵᠡᠬᠦ ᠡᠭᠦᠯᠡ ᠤᠷᠤᠰᠬᠤ ᠤᠰᠤᠨ︾ ᠼᠦᠩ ᠲᠣᠪᠴᠢᠶᠠᠨ ᠳᠠᠷᠤᠭ᠎ᠠ ᠡ᠂ | ᠨᠢᠩᠴᠧᠩ ᠰᠢᠶᠠᠨ ᠨᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ | ᠴᠢᠷᠮᠠᠶᠢᠯᠲᠠ ᠭᠠᠷᠭᠠᠭᠰᠠᠨ ᠪᠤᠶ︖ | ︽ᠰᠤᠷᠪᠤᠯᠵᠢᠯᠠᠭ᠎ᠠ ᠬᠦᠯᠢᠶᠡᠭᠴᠢ ᠼᠦᠩ ᠱᠦ ᠪᠦᠦ︾ ᠮᠠᠨ ᠤ ᠲᠣᠪᠴᠢᠶ᠎ᠠ ᠠᠮᠢ ᠠᠬᠤᠶ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠨᠣᠭᠤᠭᠠᠨ ᠪᠠᠮᠪᠠᠶ | ᠲᠤᠰᠬᠠᠶ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠤᠰᠤᠭᠠᠷ᠂ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠲᠤᠰᠬᠠᠶ ᠪᠠᠶᠢᠴᠠᠭᠠᠯᠲᠠ ᠶᠢ ᠲᠥᠷᠥᠭᠦᠯᠡᠨ ᠦᠷᠨᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ | ᠲᠤᠳᠤᠷᠠᠬᠢ ᠬᠠᠤᠯᠢ ᠲᠣᠭᠲᠠᠭᠠᠯ ᠠᠴᠠ ᠵᠥᠷᠢᠴᠡᠨ ᠨᠡᠭᠡᠭᠡᠨ ᠭᠦᠭᠵᠢᠬᠦᠯᠦᠨ ᠪᠦᠲᠦᠭᠡᠨ ᠪᠠᠶᠢᠭᠤᠯᠬᠤ ᠠᠵᠢᠯᠯᠠᠭ᠎ᠠ ᠶᠢ | ᠢᠯᠭᠠᠷᠠᠭᠤᠯᠤᠨ ᠴᠡᠭᠴᠡᠯᠡᠬᠦ ᠶᠢ ᠤᠯᠠᠮ ᠨᠢᠭᠡ ᠠᠯᠬᠤᠮ ᠲᠦᠷᠭᠡᠳᠬᠡᠨ᠂ ᠪᠠᠶᠢᠭᠠᠯᠢ ᠶᠢᠨ ᠠᠮᠢ ᠠᠬᠤᠶ ᠶᠢᠨ ᠣᠷᠴᠢᠨ | ᠨᠥᠬᠦᠴᠡᠯ ᠪᠦᠲᠦᠮᠵᠢᠲᠡᠢ ᠰᠡᠷᠭᠦᠭᠡᠬᠦ ᠶᠢ ᠪᠠᠳᠤᠯᠠᠪᠠ᠃ | ᠨᠢᠭᠡ ᠳᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠣᠯᠤᠨ ᠤᠯᠠᠭᠠᠨ | ᠱᠤᠭᠤᠮ ᠳᠤ ᠵᠥᠪᠰᠢᠶᠡᠷᠡᠨ ᠣᠷᠣᠭᠤᠯᠬᠤ᠂ ᠶᠡᠷᠦᠩᠬᠡᠶ ᠬᠡᠮᠵᠢᠶᠡᠨ ᠤ ᠤᠯᠠᠭᠠᠨ ᠱᠤᠭᠤᠮ ᠬᠠᠮᠲᠤ ᠪᠠᠷ ᠠᠮᠢ | ᠠᠬᠤᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠬᠢᠵᠠᠭᠠᠷ ᠱᠤᠭᠤᠮ ᠢ ᠪᠦᠷᠢᠯᠳᠥᠭᠦᠯᠪᠡ᠃ | ᠬᠤᠶᠠᠷ ᠲᠤ᠂ ︽ᠨᠢᠩᠴᠧᠩ ᠰᠢᠶᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ | ᠠᠭᠤᠷᠬᠠᠶ ᠶᠢᠨ ᠠᠵᠤ ᠠᠬᠤᠶᠢᠯᠠᠯ ᠢ ᠭᠠᠷᠭᠠᠬᠤ ᠲᠥᠰᠦᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢ | ᠦᠨᠡᠨ ᠬᠦ ᠰᠠᠶᠢᠲᠤᠷ ᠠᠳᠬᠤᠵᠤ᠂ ᠬᠠᠤᠯᠢ ᠶᠢ ᠵᠥᠷᠢᠴᠡᠵᠦ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠡᠷᠡᠰ ᠴᠡᠭᠴᠡᠯᠡᠨ ᠵᠠᠰᠠᠪᠠ᠃ | ᠭᠤᠷᠪᠠ ᠳᠤ᠂ ᠬᠤᠷᠬᠤᠭ ᠤᠨ ᠤᠯᠤᠰ ᠤᠨ ᠲᠠᠰ ᠤᠨ ᠪᠠᠶᠢᠭᠠᠯᠢ ᠶᠢᠨ ᠳᠠᠷᠬᠠᠨ ᠣᠷᠣᠨ ᠳᠠᠬᠢ ᠦᠢᠯᠡᠳᠪᠦᠷᠢ | ᠠᠭᠤᠷᠬᠠᠶ ᠠᠵᠤ ᠠᠬᠤᠶᠢᠯᠠᠯ ᠢ ᠭᠠᠷᠭᠠᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠢᠳᠡᠪᠬᠢᠲᠡᠶ ᠪᠠᠷ ᠲᠦᠯᠬᠢᠨ | ᠠᠬᠢᠭᠤᠯᠵᠤ᠂ ︽ᠨᠢᠭᠡ ᠠᠵᠤ ᠠᠬᠤᠶᠢᠯᠠᠯ ᠨᠢᠭᠡ ᠬᠡᠷᠡᠭ︾ ᠤᠨ ᠬᠠᠮᠢᠶᠠᠷᠤᠯᠲᠠ ᠶᠢ ᠬᠡᠷᠩᠵᠢᠭᠦᠯᠵᠦ᠂ ᠡᠯ᠎ᠡ | ᠬᠤᠯᠪᠣᠭᠳᠠᠯ ᠪᠦᠬᠦᠢ ᠠᠵᠤ ᠠᠬᠤᠶᠢᠯᠠᠯ ᠢ ᠱᠠᠭᠠᠷᠳᠠᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠶᠢ | ᠲᠦᠷᠭᠡᠳᠬᠡᠨ ᠠᠬᠢᠭᠤᠯᠪᠠ᠃ | ᠲᠦᠷᠪᠡ ᠳᠤ᠂ ︽ᠨᠣᠭᠤᠭᠠᠨ ᠪᠠᠮᠪᠠᠶ 2017︾ ᠲᠤᠰᠬᠠᠶ ᠵᠦᠢᠯ ᠤᠨ ᠠᠵᠢᠯᠯᠠᠭ᠎ᠠ ᠶᠢᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠦᠷᠭᠦᠯᠵᠢᠯᠡᠨ ᠨᠠᠶᠢᠳᠠᠪᠤᠷᠢᠵᠢᠭᠤᠯᠤᠬᠰᠠᠨ ᠰᠠᠭᠤᠷᠢᠨ ᠳᠡᠭᠡᠷ᠎ᠡ᠂ ︽ᠨᠣᠭᠤᠭᠠᠨ ᠪᠠᠮᠪᠠᠶ | 2018︾ ᠤᠯᠤᠰ ᠤᠨ ᠲᠠᠰ ᠤᠨ ᠪᠠᠶᠢᠭᠠᠯᠢ ᠶᠢᠨ ᠳᠠᠷᠬᠠᠨ ᠣᠷᠣᠨ ᠢ ᠬᠢᠨᠠᠨ ᠪᠠᠶᠢᠴᠠᠭᠠᠬᠤ ᠲᠤᠰᠬᠠᠶ ᠠᠵᠢᠯᠯᠠᠭ᠎ᠠ ᠶᠢ | ᠭᠦᠨᠵᠡᠭᠡᠶ ᠦᠷᠨᠢᠭᠦᠯᠪᠠ᠃ ᠨᠢᠩᠴᠧᠩ ᠰᠢᠶᠠᠨ ᠤ ︽ᠨᠣᠭᠤᠭᠠᠨ ᠪᠠᠮᠪᠠᠶ 2018︾ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠲᠤᠳᠤᠷᠠᠬᠢ ᠠᠰᠠᠭᠤᠳᠠᠯ ᠤᠨ ᠨᠠᠷᠢᠨ ᠬᠠᠭᠤᠳᠠᠰᠤ ᠶᠢ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ | ᠲᠡᠭᠦᠯᠳᠡᠷᠵᠢᠭᠦᠯᠬᠦ ᠶᠢᠨ ᠬᠠᠮᠲᠦ ︽ᠴᠡᠭᠴᠡᠯᠡᠨ ᠥᠭᠡᠷᠡᠴᠢᠯᠡᠵᠦ ᠳ᠋ᠤᠭᠠᠷ ᠬᠠᠰᠤᠬᠤ︾ ᠤᠨ ᠲᠦᠷᠢᠮ ᠢ ᠬᠡᠷᠩᠵᠢᠭᠦᠯᠪᠡ᠃ | | ︽ᠬᠦᠳᠦᠯᠦᠭᠴᠢ︾ ᠴᠠᠭ ᠤᠨ ᠬᠠᠷᠠᠭᠠᠨ ᠠᠴᠠ᠂ ᠥᠨᠥᠳᠦᠷ ᠤᠨ ᠰᠦᠯᠵᠢᠶᠡᠨ ᠳᠡᠭᠡᠷ᠎ᠡ ᠰᠤᠷᠪᠤᠯᠵᠢᠯᠠᠭ᠎ᠠ ᠠᠲᠡ | ᠭᠦᠷᠦᠭᠡᠳ ᠲᠡᠭᠦᠰᠦᠯ᠎ᠡ᠂ ᠪᠢᠳᠡ ᠲᠠᠷᠠᠭᠠᠴᠢ ᠶᠢᠨ ᠳ᠋ᠤᠭᠠᠷ ᠲᠤ ᠪᠠᠨ ᠪᠠᠶᠠᠷᠲᠠᠶ ᠵᠤᠯᠭᠠᠶ᠎ᠠ᠂ ᠼᠦᠩ ᠲᠤᠪᠴᠢᠶᠠᠨ | ᠲᠠᠷᠤᠭ᠎ᠠ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠨ ᠶᠠᠷᠢᠯᠴᠠᠯᠭ᠎ᠠ ᠶᠢ ᠬᠦᠯᠢᠶᠡᠭᠰᠡᠨ ᠳᠤ ᠳᠠᠬᠢᠨᠲᠠ ᠲᠠᠯᠠᠷᠬᠠᠵᠤ | ᠪᠠᠶᠢᠨ᠎ᠠ᠂ ᠰᠦᠯᠵᠢᠶᠡᠨ ᠠᠨᠳᠠ ᠶᠢᠨ ᠢᠳᠡᠪᠬᠢᠳᠡᠢ ᠣᠷᠣᠯᠴᠠᠭᠰᠠᠨ ᠳᠤ ᠲᠠᠯᠠᠷᠬᠠᠵᠦ ᠪᠠᠶᠢᠨ᠎ᠠ᠂ ᠪᠠᠶᠠᠷᠲᠠᠶ︕ |