ᠨᠢᠩᠴᠧᠩ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019/3/13
                    ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠶᠠᠨ ᠤ ᠰᠢᠭᠤᠳ ᠬᠠᠷᠢᠶ᠎ᠠ ᠬᠤᠯᠪᠣᠬᠳᠠᠯ ᠪᠥᠬᠦᠶ ᠨᠢᠭᠡᠴᠡ ᠳᠤ᠄    ᠡᠳᠤᠭᠡ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ ︽ᠨᠢᠩᠴᠧᠩ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                          ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                                       2014 ᠣᠨ ᠤ 11  ᠰᠠᠷ᠎ᠠ ᠶᠢᠨ 28  ᠤ ᠡᠳᠤᠷ               ᠨᠢᠩᠴᠧᠩ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ               ᠵᠠᠰᠠᠭ ᠤᠨ ᠶᠠᠪᠤᠳᠠᠯ ᠤᠨ ᠰᠦᠯᠵᠢᠶᠡᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠰᠦᠷᠦᠭᠵᠢᠯ ᠤᠨ ᠪᠠᠶᠢᠭᠤᠯᠤᠯᠲᠠ ᠶᠢᠨ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ︹2013 ︺309 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠶᠠᠨ ᠤ ᠵᠠᠰᠠᠭ ᠤᠨ ᠣᠷᠳᠣᠨ ᠤ ᠮᠣᠩᠭᠤᠯ ᠦᠨᠳᠦᠰᠦᠲᠡᠨ ᠤ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠣᠯᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠣᠩᠭᠤᠯ ᠬᠡᠯᠡᠨ ᠤ ᠰᠦᠯᠵᠢᠶᠡᠨ ᠤ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠲᠣᠰ ᠲᠥᠰᠦᠯ ᠢ ᠣᠨᠴᠣᠭᠤᠶᠢᠯᠠᠨ ᠲᠣᠭᠲᠠᠭᠠᠪᠠ᠃ ᠨᠢᠭᠡ᠂ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ   ᠮᠣᠩᠭᠤᠯ ᠦᠭᠡ ᠬᠡᠯᠡ ᠥᠰᠥᠭ ᠪᠢᠴᠢᠭ ᠪᠣᠯ ᠮᠠᠨ ᠤ ᠣᠷᠣᠨ ᠤ ᠬᠠᠤᠯᠢ ᠪᠠᠷ ᠲᠣᠭᠲᠠᠭᠠᠭᠰᠠᠨ ᠨᠡᠶᠢᠳᠡᠮ ᠬᠡᠷᠡᠭᠯᠡᠬᠦ ᠦᠭᠡ ᠬᠡᠯᠡ ᠤᠢᠰᠦᠭ ᠪᠢᠴᠢᠭ ᠮᠥᠨ᠂ ᠥᠪᠡᠷᠲᠡᠭᠡᠨ ᠵᠠᠰᠠᠬᠤ ᠡᠷᠬᠡ ᠪᠠᠨ ᠬᠡᠷᠡᠭᠵᠢᠭᠦᠯᠬᠦ ᠴᠢᠬᠤᠯᠠ ᠪᠠᠭᠠᠵᠢ ᠮᠥᠨ᠂ ᠮᠣᠩᠭᠤᠯ ᠦᠭᠡ ᠬᠡᠯᠡ ᠥᠰᠥᠭ ᠪᠢᠴᠢᠭ ᠢ ᠮᠡᠳᠡᠭᠡ ᠵᠠᠩᠭᠢᠵᠢᠭᠤᠯᠬᠤ ᠪᠣᠯ ᠮᠣᠩᠭᠤᠯ ᠬᠡᠯᠡ ᠪᠢᠴᠢᠭ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠮᠡᠳᠡᠭᠡ ᠵᠠᠩᠭᠢᠵᠢᠯᠲᠠ ᠶᠢᠨ ᠦᠳᠲᠡᠷ ᠲᠦᠷᠭᠡᠨ ᠬᠥᠭᠵᠢᠯᠲᠡ ᠶᠢ ᠳᠠᠭᠠᠯᠳᠤᠨ᠂ ᠬᠡᠯᠡᠨ ᠤ ᠮᠡᠳᠡᠭᠡ ᠵᠠᠩᠭᠢᠵᠢᠯᠲᠠ ᠲᠡᠩᠴᠡᠭᠦᠷᠢ ᠦᠭᠡᠢ ᠠᠴᠠ ᠪᠣᠯᠤᠭᠰᠠᠨ ᠡᠯ᠎ᠡ ᠦᠨᠳᠦᠰᠦᠲᠡᠨ ᠤ ᠬᠤᠭᠤᠷᠣᠨᠳᠣᠬᠢ  ︽ᠲᠣᠭᠠᠨ ᠤ ᠵᠠᠶᠢᠳᠠᠯ︾ ᠡᠳᠦᠷ ᠢᠷᠡᠬᠦᠶ᠎ᠡ ᠥᠷᠭᠡᠳᠴᠦ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ︽ᠰᠤᠷᠠᠭ ᠵᠠᠩᠭᠢ ᠶᠢᠨ ᠬᠥᠪᠡᠭᠡᠳᠡᠭᠳᠡᠯ︾ ᠤᠨ ᠦᠵᠡᠭᠳᠡᠯ ᠡᠳᠦᠷ ᠢᠷᠡᠬᠦᠶ᠎ᠡ ᠳᠤᠪᠤᠶᠢᠮ᠎ᠠ ᠪᠣᠯᠪᠠ᠃ ᠮᠣᠩᠭᠤᠯ ᠬᠡᠯᠡᠨ ᠤ ᠡᠯᠧᠺᠲᠷᠣᠨ ᠵᠠᠰᠠᠭ ᠤᠨ ᠶᠠᠪᠤᠳᠠᠯ ᠤᠨ ᠳᠤᠲᠠᠭᠳᠠᠯ ᠨᠢ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠲᠦᠷᠦ ᠶᠢᠨ ᠪᠤᠳᠤᠯᠭ᠎ᠠ ᠶᠢ ᠬᠡᠷᠩᠵᠢᠭᠦᠯᠬᠦ ᠶᠢ ᠮᠠᠰᠢ ᠶᠡᠭᠡ ᠬᠡᠮᠵᠢᠶᠡᠨ ᠳᠡᠭᠡᠷ᠎ᠡ ᠨᠥᠯᠥᠭᠡᠯᠡᠵᠦ᠂ ᠮᠣᠩᠭᠤᠯ ᠬᠡᠯᠡ ᠬᠡᠷᠡᠭᠯᠡᠵᠦ ᠪᠠᠶᠢᠭ᠎ᠠ ᠤᠯᠠᠨ ᠲᠦᠮᠡᠨ ᠤ ᠮᠡᠳᠡᠭᠡ ᠵᠠᠩᠭᠢ ᠲᠡᠭᠰᠢ ᠪᠤᠰᠤ ᠪᠠᠶᠢᠳᠠᠯ ᠢ ᠪᠣᠢ ᠪᠣᠯᠭᠠᠪᠠ᠃ ᠡᠶᠢᠮᠦ ᠠᠴᠠ᠂ ᠪᠠᠷᠢᠮᠵᠢᠶ᠎ᠠ ᠨᠢᠭᠡᠳᠤᠯᠳᠠᠢ᠂ ᠠᠵᠢᠯᠯᠠᠭᠠᠨ ᠨᠢ ᠵᠢᠷᠤᠮᠵᠢᠯ ᠲᠠᠢ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠦᠷᠲᠡᠭᠡ ᠶᠢ ᠪᠠᠶᠢᠭᠤᠯᠬᠤ ᠪᠣᠯ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠮᠣᠩᠭᠤᠯ ᠦᠨᠳᠦᠰᠦᠲᠡᠨ ᠤ ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠲᠤᠯᠭᠠᠮ᠎ᠠ ᠬᠡᠷᠡᠭᠴᠡᠭᠡ ᠪᠣᠯᠤᠨ᠎ᠠ᠃ ᠬᠤᠶᠠᠷ᠂ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠪᠠ ᠱᠠᠭᠠᠷᠳᠠᠯᠭ᠎ᠠ   ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠪᠣᠯ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠤ ᠦᠷᠲᠡᠭᠡ ᠪᠠᠷ ᠬᠦᠢᠰᠦ ᠪᠣᠯᠭᠠᠵᠤ᠂ ᠰᠢᠶᠠᠨ ᠤ ᠵᠠᠰᠠᠭ ᠤᠨ ᠣᠷᠳᠣᠨ ᠰᠦᠯᠵᠢᠶ᠎ᠡ ᠪᠠᠷ ᠰᠠᠭᠤᠷᠢ ᠪᠣᠯᠭᠠᠭᠰᠠᠨ ᠵᠠᠰᠠᠭ ᠤᠨ ᠣᠷᠳᠣᠨ ᠤ ᠰᠦᠯᠵᠢᠶᠡᠨ ᠤ ᠦᠷᠲᠡᠭᠡ ᠶᠢᠨ ᠰᠢᠰᠲ᠋ᠧᠮ ᠮᠥᠨ᠂ ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠬᠡᠯᠪᠡᠷᠢ᠂ ᠨᠢᠭᠡᠳᠦᠯᠲᠡᠶ ᠬᠡᠪᠴᠢᠶ᠎ᠡ᠂ ᠨᠢᠭᠡᠳᠦᠯᠲᠡᠢ ᠵᠢᠷᠤᠮᠵᠢᠭᠤᠯᠵᠤ ᠦᠷᠳᠡᠭᠡ ᠪᠠᠶᠢᠭᠤᠯᠵᠦ᠂ ᠨᠢᠭᠡᠳᠦᠯᠲᠡᠶ ᠬᠠᠮᠢᠶᠠᠷᠤᠯᠲᠠ ᠶᠠᠪᠤᠬᠳᠠᠭᠤᠯᠤᠨ᠎ᠠ᠃ ᠰᠦᠯᠵᠢᠶᠡᠨ ᠤ ᠪᠦᠲᠦᠭᠡᠨ ᠪᠠᠶᠢᠭᠤᠯᠤᠯᠲᠠ ᠨᠢ ᠰᠢᠶᠠᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠲᠤᠭᠠᠴᠢᠯᠠᠬᠤ ᠪᠠᠷ ᠭᠤᠣᠯ ᠪᠣᠯᠭᠠᠵᠤ᠂ ᠠᠯᠪᠠᠨ ᠪᠢᠴᠢᠭ ᠤᠨ ᠣᠷᠴᠢᠭᠤᠯᠭ᠎ᠠ ᠪᠠ ᠨᠡᠶᠢᠭᠡᠮ ᠨᠡᠶᠢᠲᠡ ᠶᠢᠨ ᠬᠡᠷᠡᠭᠯᠡᠭᠡᠨ ᠤ ᠦᠭᠡ ᠬᠡᠯᠡ ᠣᠷᠴᠢᠭᠤᠯᠭ᠎ᠠ ᠶᠢ ᠵᠢᠷᠤᠮᠵᠢᠭᠤᠯᠬᠤ ᠶᠢ ᠲᠥᠯᠬᠢᠨ ᠠᠬᠢᠭᠤᠯᠵᠤ᠂ ᠮᠣᠩᠭᠤᠯ ᠦᠭᠡ ᠬᠡᠯᠡ ᠥᠰᠥᠭ ᠪᠢᠴᠢᠭ ᠤᠨ ᠲᠤᠭᠠᠴᠢᠯᠠᠯ ᠪᠣᠯᠤᠨ ᠮᠣᠩᠭᠤᠯ ᠦᠭᠡ ᠬᠡᠯᠡ ᠥᠰᠥᠭ ᠪᠢᠴᠢᠭ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠤᠨ᠂ ᠰᠢᠶᠠᠨ ᠤ ᠵᠠᠰᠠᠭ ᠤᠨ ᠣᠷᠳᠣᠨ ᠤ ᠮᠣᠩᠭᠤᠯ ᠬᠡᠯᠡ ᠤ ᠰᠦᠯᠵᠢᠶ᠎ᠡ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ ᠪᠠ ᠵᠠᠰᠠᠭ ᠤᠨ ᠶᠠᠪᠤᠳᠠᠯ ᠤᠨ ᠬᠤᠷᠠᠭᠤᠯᠬᠤ ᠲᠠᠪᠴᠠᠩ ᠢ ᠨᠢᠭᠡᠳᠦᠯᠲᠡᠶ ᠲᠥᠯᠥᠪᠯᠡᠨ ᠪᠠᠶᠢᠭᠤᠯᠤᠨ᠎ᠠ᠃ ᠭᠤᠷᠪᠠ᠂ ᠪᠦᠲᠦᠭᠡᠨ ᠪᠠᠶᠢᠭᠤᠯᠤᠯᠲᠠ ᠶᠢᠨ ᠵᠠᠭᠪᠤᠷ ᠪᠣᠯᠤᠨ ᠪᠠᠷᠢᠮᠵᠢᠶ᠎ᠠ   ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠰᠦᠯᠵᠢᠶ᠎ᠡ ᠪᠣᠯᠤᠨ ᠵᠠᠰᠠᠭ ᠤᠨ ᠶᠠᠪᠤᠳᠠᠯ ᠤᠨ ᠲᠠᠪᠴᠠᠩ ᠤᠨ ᠪᠦᠳᠦᠬᠡᠨ ᠪᠠᠶᠢᠭᠤᠯᠤᠯᠲᠠ ᠨᠢ ᠰᠦᠯᠵᠢᠶ᠎ᠡ ᠶᠢ ᠲᠦᠪᠯᠡᠷᠡᠭᠦᠯᠦᠨ ᠪᠠᠶᠢᠭᠤᠯᠬᠤ ᠵᠠᠷᠴᠢᠮ ᠢ ᠪᠠᠷᠢᠮᠲᠠᠯᠠᠨ᠂ ᠡᠭᠦᠯᠡᠨ ᠦᠢᠯᠡᠴᠢᠯᠡᠭᠡᠨ ᠤ ᠵᠠᠭᠪᠤᠷ ᠪᠠ ᠤᠯᠠᠨ ᠴᠢᠬ ᠲᠦᠪᠯᠡᠷᠡᠵᠦ ᠰᠦᠷᠦᠭᠵᠢᠯ ᠪᠣᠯᠬᠤ ᠠᠷᠭ᠎ᠠ ᠶᠢ ᠠᠪᠴᠤ᠂ ᠮᠠᠨ ᠤ ᠰᠢᠶᠠᠨ ᠤ ᠮᠣᠩᠭᠤᠯ ᠬᠡᠯᠡᠨ ᠤ ᠰᠦᠯᠵᠢᠶ᠎ᠡ ᠶᠢ ᠨᠢᠭᠡ ᠴᠤᠬᠴᠠᠵᠢᠭᠤᠯᠤᠬᠰᠠᠨ ᠳ᠋ᠠᠶᠢᠲ᠋ᠠ ᠶᠢᠨ ᠬᠥᠮᠥᠷᠭᠡ ᠪᠣᠯᠭᠠᠨ ᠪᠠᠶᠢᠭᠤᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠡᠬᠢ ᠪᠠᠶᠠᠯᠢᠭ ᠢ ᠴᠢᠯᠥᠭᠡᠲᠡᠶ ᠪᠣᠯᠭᠠᠬᠤ ᠬᠠᠷᠠᠯᠲᠠ ᠳᠤ ᠬᠦᠷᠪᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠪᠠᠷᠢᠮᠵᠢᠶ᠎ᠠ ᠪᠣᠯᠤᠨ ᠱᠠᠭᠠᠷᠳᠠᠯᠭ᠎ᠠ ᠶᠤᠰᠤᠭᠠᠷ ᠶᠠᠪᠤᠬᠳᠠᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ᠂ ᠨᠡᠶᠢᠲᠡ ᠶᠢᠨ ᠦᠢᠯᠡᠴᠢᠯᠡᠭᠡᠨ᠂ ᠰᠠᠨᠠᠯ ᠢᠶᠠᠨ ᠰᠤᠯᠢᠯᠴᠠᠬᠤ ᠴᠢᠳᠠᠮᠵᠢ ᠶᠢ ᠲᠤᠪᠤᠶᠢᠯᠭᠠᠨ᠂ ᠦᠢᠯᠡᠳᠦᠯ ᠴᠢᠳᠠᠪᠤᠷᠢ ᠨᠢ ᠪᠦᠷᠢᠨ᠂ ᠳ᠋ᠠᠶᠢᠲ᠋ᠠ ᠶᠢᠨ ᠬᠠᠮᠲᠤ ᠡᠳ᠋ᠯᠡᠯ ᠲᠠᠢ᠂ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠨ ᠦᠷᠳᠡᠭᠡ ᠮᠠᠶ᠋ᠢᠭ ᠤᠨ ᠡᠯᠧᠺᠲᠷᠣᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠪᠣᠯᠣᠨ᠎ᠠ᠃ ᠲᠥᠷᠪᠡ᠂ ᠪᠦ᠋ᠲᠦᠭᠡᠨ ᠪᠠᠶᠢᠭᠤᠯᠤᠯᠲᠠ ᠶᠢᠨ ᠪᠡᠯᠡ ᠮᠥᠩᠭᠦ  ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠰᠢᠶᠠᠨ ᠤ ᠡᠳ᠋ ᠤᠨ ᠵᠠᠰᠠᠭ ᠠᠴᠠ ᠰᠢᠢᠳᠪᠤᠷᠢᠯᠡᠨ᠎ᠡ᠃ ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠡᠩᠨᠡᠭᠡᠨ ᠤ ᠪᠠᠶᠢᠭᠤᠯᠤᠯᠲᠠ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠪᠠᠶᠢᠭᠤᠯᠤᠯᠲᠠ ᠶᠢ ᠤᠷᠤᠭᠰᠢᠲᠠᠶ ᠠᠵᠢᠯᠯᠠᠭᠤᠯᠬᠤ ᠶᠢᠨ ᠲᠥᠯᠥᠭᠡ ᠨᠢᠩᠴᠧᠩ ᠰᠢᠶᠠᠨ ᠤ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠦᠯᠵᠢᠶᠡᠨ ᠤ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ᠂ ᠬᠠᠮᠢᠶᠠᠷᠬᠤ ᠪᠠ ᠪᠠᠶᠢᠷᠢᠯᠠᠭᠤᠯᠤᠯᠲᠠ ᠬᠢᠵᠦ᠂ ᠲᠠᠪᠴᠠᠩ ᠤᠨ ᠪᠠᠶᠢᠭᠤᠯᠤᠯᠲᠠ ᠳᠠᠬᠢ ᠬᠤᠯᠪᠣᠭᠳᠠᠯ ᠪᠦᠬᠦᠢ ᠬᠡᠷᠡᠭ ᠶᠠᠪᠤᠳᠠᠯ ᠢ ᠨᠢᠭᠡᠳᠦᠯᠲᠡᠶ ᠵᠣᠬᠢᠶᠠᠨ ᠪᠠᠶᠢᠭᠤᠯᠤᠨ ᠵᠤᠬᠢᠴᠠᠭᠤᠯᠤᠨ ᠰᠢᠢᠳᠪᠤᠷᠢᠯᠡᠨ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠠᠭᠤᠯᠭ᠎ᠠ ᠶᠢᠨ ᠲᠥᠪ ᠴᠢᠩᠭ᠎ᠠ ᠴᠢᠨᠠᠷ ᠪᠠ ᠣᠷᠴᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠣᠨᠴᠠᠭᠠᠶ ᠴᠢᠨᠠᠷ ᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠬᠤᠶᠢᠰᠢᠳᠠ ᠨᠢᠭᠡ ᠪᠦᠯᠦᠭ ᠮᠣᠩᠭᠤᠯ ᠬᠢᠲᠠᠳ ᠬᠤᠣᠰ ᠬᠡᠯᠡᠨ ᠳᠤ ᠨᠡᠪᠲᠡᠷᠡᠭᠰᠡᠨ᠂ ᠲᠥᠷᠥ ᠶᠢᠨ ᠪᠤᠳᠤᠯᠭ᠎ᠠ ᠤᠨᠤᠯ ᠤᠨ ᠬᠢᠷᠢ ᠬᠡᠮᠵᠢᠶ᠎ᠡ ᠥᠨᠳᠥᠷ᠂ ᠮᠣᠩᠭᠤᠯ ᠬᠡᠯᠡᠨ ᠤ ᠣᠷᠴᠢᠭᠤᠯᠭ᠎ᠠ ᠶᠢᠨ ᠤᠷᠠᠨ ᠮᠡᠷᠭᠡᠵᠢᠯ ᠪᠠ ᠡᠯᠧᠺᠲᠷᠣᠨ ᠵᠠᠰᠠᠭ ᠤᠨ ᠶᠠᠪᠤᠳᠠᠯ ᠤᠨ ᠮᠡᠷᠭᠡᠵᠢᠯ ᠢ ᠪᠣᠯᠪᠠᠰᠤᠷᠠᠩᠭᠤᠶ ᠡᠵᠡᠮᠰᠢᠭᠰᠡᠨ ᠰᠦᠯᠵᠢᠶ᠎ᠡ ᠶᠢ ᠠᠵᠢᠯᠯᠠᠭᠤᠯᠵᠤ ᠪᠠᠲᠤᠯᠠᠬᠤ ᠬᠥᠮᠦᠨ ᠢ ᠲᠥᠯᠥᠪᠯᠡᠭᠡ ᠲᠠᠢ᠂ ᠬᠠᠨᠳᠤᠯᠭᠠᠲᠤ ᠴᠢᠨᠠᠷᠲᠠᠶ ᠪᠠᠷ ᠰᠢᠯᠢᠨ ᠰᠣᠩᠭᠤᠵᠤ ᠬᠥᠮᠦᠵᠢᠭᠦᠯᠵᠦ᠂ ᠰᠦᠯᠵᠢᠶ᠎ᠡ ᠨᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠪᠠ ᠦᠨᠳᠦᠰᠦᠨ ᠱᠠᠲᠤᠨ ᠤ ᠣᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号