ᠮᠠᠯ ᠤᠨ ᠰᠢᠮ᠎ᠡ ᠲᠡᠵᠢᠭᠡᠯ ᠲᠤᠳᠠᠭᠳᠠᠬᠤ ᠶᠢ ᠬᠡᠷᠭᠢᠨ ᠰᠡᠷᠭᠡᠶᠢᠯᠡᠭᠦ ᠪᠤᠢ︖
ᠨᠡᠶᠢᠲᠡᠯᠡᠭᠰᠡᠨ ᠴᠠᠭ᠄
2019/4/1
             ᠮᠠᠯ ᠳᠤ ᠰᠢᠮ᠎ᠡ ᠲᠡᠵᠢᠭᠡᠯ ᠲᠤᠳᠠᠭᠳᠠᠬᠤ ᠪᠤᠯ ᠨᠢᠭᠡ ᠵᠦᠢᠯ ᠤᠨ ᠭᠠᠵᠠᠷ ᠤᠷᠤᠨ ᠤ ᠴᠢᠨᠠᠷᠳᠠᠢ᠂  ᠤᠯᠠᠷᠢᠯ ᠤᠨ ᠴᠢᠨᠠᠷᠳᠠᠢ ᠡᠪᠡᠳᠴᠢᠨ ᠪᠤᠯᠬᠤ ᠪᠦᠭᠡᠳ ᠦᠭᠡᠷ᠂ ᠬᠤᠨᠢ᠂ ᠢᠮᠠᠭᠠᠨ ᠳᠤ ᠨᠡᠶᠢᠳᠡᠮ ᠢᠯᠡᠷᠡᠳᠡᠭ ᠦᠯᠤ  ᠬᠠᠯᠳᠠᠪᠤᠷᠢᠯᠠᠬᠤ ᠴᠢᠨᠠᠷᠳᠠᠢ ᠡᠪᠡᠳᠴᠢᠨ ᠪᠤᠯᠤᠨ᠎ᠠ᠃                ᠰᠢᠯᠳᠠᠭᠠᠨ᠄ ᠪᠠᠶᠢᠭᠠᠯᠢ ᠶᠢᠨ ᠭᠠᠩ ᠬᠠᠭᠤᠷᠠᠢ ᠠᠴᠠ ᠪᠤᠯᠵᠤ ᠤᠷᠭᠤᠮᠠᠯ ᠤᠨ ᠲᠦᠷᠤᠯ ᠵᠦᠢᠯ ᠵᠢᠯ ᠠᠴᠠ ᠵᠢᠯ ᠴᠦᠭᠡᠷᠡᠵᠤ᠂ ᠴᠢᠨᠠᠷ ᠨᠢ ᠴᠤ ᠮᠠᠭᠤᠳᠠᠵᠤ᠂ ᠮᠠᠯ ᠤᠨ ᠪᠠᠶ᠎ᠡ ᠳᠤ ᠱᠠᠭᠠᠷᠳᠠᠬᠳᠠᠬᠤ ᠡᠷᠤᠳᠡᠰᠤᠨ ᠪᠤᠳᠠᠰ ᠂ ᠡᠯ᠎ᠡ ᠵᠦᠢᠯ ᠤᠨ ᠸᠢᠲ᠋ᠠᠮᠢᠨ ᠭᠦᠷᠤᠯᠴᠡᠭᠦ ᠦᠭᠡᠢ ᠠᠴᠠ ᠪᠤᠯᠤᠭᠰᠠᠨ ᠶᠤᠮ᠃ ᠡᠭᠦᠨ ᠠᠴᠠ ᠪᠤᠯᠵᠤ ᠮᠠᠯ ᠤᠨ ᠠᠰᠢᠭ ᠰᠢᠮ᠎ᠡ ᠨᠢ ᠪᠠᠭᠤᠷᠠᠵᠤ᠂ ᠭᠠᠮᠰᠢᠭ ᠢ ᠡᠰᠡᠷᠭᠦᠴᠡᠭᠦ ᠴᠢᠳᠠᠪᠤᠷᠢ ᠨᠢ ᠮᠠᠭᠤᠳᠠᠵᠤ᠂ ᠲᠦᠯ ᠤᠨ ᠪᠤᠶᠢᠵᠢᠯᠳᠠ ᠨᠢ ᠪᠠᠷᠤᠭᠳᠠᠢ᠂ ᠤᠨᠳᠤᠷᠤᠯᠳᠠ ᠨᠢ ᠲᠤᠤᠷ᠎ᠠ᠂ ᠡᠯᠳᠡᠪ ᠵᠦᠢᠯ ᠤᠨ ᠭᠢᠵᠢᠭ ᠡᠪᠡᠳᠴᠢᠨ ᠳᠤ ᠠᠮᠠᠷᠬᠠᠨ ᠨᠡᠷᠪᠡᠭᠳᠡᠭᠦ ᠵᠡᠷᠭᠡ  ᠪᠠᠶᠢᠳᠠᠯ ᠭᠠᠷᠳᠠᠭ᠃                ᠰᠢᠨᠵᠢ ᠲᠡᠮᠳᠡᠭ᠄ ᠦᠭᠡᠷ ᠬᠤᠨᠢ ᠡᠪᠤᠯ ᠬᠠᠪᠤᠷ ᠤᠨ ᠤᠯᠠᠷᠢᠯ ᠪᠤᠯᠪᠠᠯ ᠡᠯᠳᠡᠪ ᠵᠦᠢᠯ ᠤᠨ ᠶᠠᠭᠤᠮ᠎ᠠ ᠢᠳᠡᠭᠦ ᠲᠤᠷᠠᠳᠠᠢ ᠪᠤᠯᠬᠤ᠂ ᠬᠠᠪᠤᠷ ᠤᠨ ᠤᠯᠠᠷᠢᠯ ᠪᠤᠯᠪᠠᠯ ᠦᠭᠡᠷ ᠬᠤᠨᠢ ᠲᠦᠯᠯᠡᠭᠦ ᠳᠤ ᠭᠦᠴᠢᠷᠳᠡᠭᠦ ᠪᠠ ᠶᠠᠪᠤᠬᠤ ᠳᠤ ᠴᠤ ᠭᠦᠴᠢᠷᠳᠡᠳᠡᠭ᠃ ᠲᠦᠯ ᠮᠠᠯ ᠰᠢᠷᠤᠢ ᠢᠳᠡᠭᠦ᠂ ᠨᠤᠤᠰᠤ ᠢᠳᠡᠭᠦ ᠪᠠ ᠵᠠᠷᠢᠮ ᠳᠠᠭᠠᠨ ᠰᠢᠯᠢ ᠨᠢ  ᠲᠠᠳᠠᠬᠤ᠂ ᠠᠮᠠᠨ ᠠᠴᠠ ᠨᠢ ᠴᠠᠭᠠᠨ ᠭᠦᠭᠡᠰᠤ ᠭᠠᠷᠬᠤ ᠵᠡᠷᠭᠡ ᠢᠯᠡᠷᠡᠯ ᠲᠠᠢ᠃               ᠰᠡᠷᠭᠡᠶᠢᠯᠡᠨ ᠵᠠᠰᠠᠬᠤ ᠠᠷᠭ᠎ᠠ᠄ ᠮᠠᠯ ᠤᠨ ᠰᠢᠮ᠎ᠡ ᠲᠡᠵᠢᠭᠡᠯ ᠲᠤᠳᠠᠭᠳᠠᠵᠤ ᠪᠠᠶᠢᠭ᠎ᠠ ᠪᠠᠶᠢᠳᠠᠯ ᠢ ᠰᠡᠷᠭᠡᠶᠢᠯᠡᠭᠦ ᠳᠤ ᠭᠤᠤᠯᠳᠠᠭᠤ ᠡᠪᠤᠯ ᠬᠠᠪᠤᠷ ᠤᠨ ᠮᠠᠯ ᠤᠨ ᠠᠷᠠᠴᠢᠯᠠᠭ᠎ᠠ ᠮᠠᠯᠵᠢᠯᠭ᠎ᠠ ᠶᠢ ᠴᠢᠩᠭᠠᠳᠬᠠᠵᠤ᠂ ᠮᠠᠯ ᠳᠤ ᠲᠤᠳᠠᠭᠳᠠᠵᠤ ᠪᠠᠶᠢᠭ᠎ᠠ ᠡᠷᠤᠳᠡᠰᠤᠨ ᠪᠤᠳᠠᠰ ᠪᠤᠯᠤᠨ ᠸᠢᠲ᠋ᠠᠮᠢᠨ ᠢ ᠨᠦᠭᠦᠪᠤᠷᠢᠯᠡᠭᠦ ᠭᠡᠷᠡᠭᠳᠡᠢ᠃ ᠡᠭᠦᠨ ᠳᠤ᠄ ᠺᠠᠯᠼ᠂  ᠹᠤᠰᠹᠤᠷ᠂ ᠲᠠᠪᠤᠰᠤ᠂ ᠮᠠᠩᠭᠠᠨ᠂ ᠵᠡᠰ᠂ ᠰᠧᠯᠧᠨ ᠵᠡᠷᠭᠡ ᠪᠤᠢ ᠡᠳᠡᠭᠡᠷ ᠪᠠᠶᠢᠳᠠᠯ ᠢ ᠦᠨᠳᠤᠰᠤᠯᠡᠵᠤ᠂ ᠮᠠᠯ ᠤᠨ ᠰᠢᠮ᠎ᠡ ᠲᠡᠵᠢᠭᠡᠯ ᠲᠤᠳᠠᠬᠳᠠᠬᠤ ᠶᠢ ᠰᠡᠷᠭᠡᠶᠢᠯᠡᠨ ᠡᠮᠴᠢᠯᠡᠭᠦ ᠳᠡᠭᠡᠨ ᠰᠢᠮ᠎ᠡ ᠲᠡᠵᠢᠭᠡᠯ ᠲᠠᠢ᠂ ᠴᠢᠨᠠᠷ ᠰᠠᠶᠢᠳᠠᠢ ᠪᠤᠷᠳᠤᠭ᠎ᠠ ᠶᠢ ᠭᠡᠷᠡᠭᠯᠡᠭᠦ ᠭᠡᠷᠡᠭᠳᠡᠢ᠃ ᠡᠪᠡᠳᠴᠢᠨ ᠲᠠᠢ ᠮᠠᠯ ᠳᠠᠭᠠᠨ ᠰᠢᠨ ᠼᠤᠤ ᠴᠢᠶᠠᠩ ᠯᠢᠨ ᠮᠸᠢ ᠰᠢ ᠺᠸᠤ ᠹᠦ᠋ ᠶᠧ ᠭᠡᠳᠡᠭ  ᠡᠮ ᠢ ᠦᠭᠡᠷ ᠲᠤ ᠨᠢᠭᠡ ᠤᠳᠠᠭ᠎ᠠ ᠨᠢᠭᠡ ᠯᠤᠩᠬᠤ 3 ᠡᠳᠤᠷ ᠵᠠᠯᠭᠠᠪᠠᠷ ᠦᠭᠭᠦᠨ᠎ᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号