| ᠰᠤᠷᠪᠤᠯᠵᠢᠯᠠᠭ᠎ᠠ ᠬᠦᠯᠢᠶᠡᠭᠴᠢ᠄ ᠨᠢᠩᠴᠧᠩ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠺᠦᠩ ᠴᠢᠩ ᠪᠢᠨ | ᠰᠤᠷᠪᠤᠯᠵᠢᠯᠠᠭᠰᠠᠨ ᠴᠠᠭ᠄ 2019 ᠣᠨ ᠤ 4 ᠰᠠᠷ᠎ᠠ ᠶᠢᠨ 4 ᠤ ᠡᠳᠦᠷ | ᠰᠤᠷᠪᠤᠯᠵᠢᠯᠠᠭᠰᠠᠨ ᠭᠠᠵᠠᠷ᠄ ᠨᠢᠩᠴᠧᠩ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢᠨ ᠲᠠᠰᠤᠭ | ᠬᠥᠲᠥᠯᠥᠭᠴᠢ᠄ ᠮᠠᠨ ᠤ ᠤᠯᠤᠰ ᠤᠨ ᠬᠤᠲᠠ ᠪᠠᠯᠭᠠᠰᠤᠵᠢᠯᠲᠠ ᠶᠢᠨ ᠲᠦᠷᠭᠡᠨ ᠠᠬᠢᠬᠤ ᠶᠢ ᠳᠠᠭᠠᠯᠳᠤᠨ᠂ | ᠬᠤᠲᠠ ᠶᠢᠨ ᠬᠠᠮᠢᠶᠠᠷᠤᠯᠲᠠ ᠨᠢᠭᠡᠨᠲᠡ ᠨᠡᠢᠭᠡᠮ ᠤᠨ ᠵᠠᠰᠠᠯᠲᠠ ᠶᠢᠨ ᠨᠢᠭᠡᠨ ᠴᠢᠬᠤᠯᠠ ᠲᠠᠯ᠎ᠠ ᠪᠣᠯᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠬᠠᠮᠲᠤ ᠪᠠᠷ ᠪᠠᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ | ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠤᠢ ᠪᠣᠯᠭᠠᠬᠤ︾ ︽ᠵᠠᠰᠠᠭ ᠣᠨ ᠣᠷᠳᠣᠨ ᠤ ᠵᠠᠰᠠᠯᠲᠠ ᠪᠠ | ᠨᠡᠶᠢᠭᠡᠮ ᠤᠨ ᠲᠣᠬᠢᠷᠠᠭᠤᠯᠤᠯᠲᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠢᠨ ᠨᠥᠬᠦᠴᠡᠯᠳᠦᠯ ᠢ | ᠪᠡᠶᠡᠯᠡᠭᠦᠯᠬᠦ ᠬᠡᠷᠡᠭᠲᠡᠶ︾ ᠭᠡᠵᠦ ᠴᠢᠬᠤᠯᠠᠴᠢᠯᠠᠪᠠ᠃ ᠲᠤᠰ ᠬᠤᠭᠤᠴᠠᠭᠠᠨ ᠤ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢᠨ ᠫᠷᠤᠭ᠍ᠷᠠᠮ ᠳᠤ ᠪᠢᠳᠡ ᠨᠢᠩᠴᠧᠩ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶᠠᠨ ᠤ ᠲᠤᠪᠴᠢᠶᠠᠨ ᠳᠡᠳ᠋ ᠳᠠᠷᠤᠭ᠎ᠠ ᠺᠦᠩ ᠴᠢᠩ ᠪᠢᠨ ᠨᠥᠬᠦᠷ ᠢ ᠤᠷᠢᠵᠤ᠂ | ᠬᠤᠲᠠ ᠶᠢᠨ ᠬᠠᠮᠢᠶᠠᠷᠤᠯᠲᠠ ᠶᠢᠨ ᠲᠠᠯ᠎ᠠ ᠶᠢᠨ ᠠᠰᠠᠭᠤᠳᠠᠯ ᠤᠨ ᠲᠤᠬᠠᠢ ᠰᠦᠯᠵᠢᠶᠡᠨ ᠨᠠᠶᠢᠵᠠ ᠨᠠᠷ ᠲᠠᠢ ᠰᠦᠯᠵᠢᠶᠡᠨ | ᠳᠡᠭᠡᠷ᠎ᠡ ᠰᠠᠨᠠᠯ ᠢᠶᠠᠨ ᠰᠤᠯᠢᠯᠴᠠᠶ᠎ᠠ᠃ ᠺᠦᠩ ᠲᠣᠪᠴᠢᠶᠠᠨ ᠳᠠᠷᠤᠭ᠎ᠠ᠂ ᠰᠠᠶᠢᠨ ᠪᠠᠶᠢᠨ᠎ᠠ︖ | ︽ᠰᠤᠷᠪᠤᠯᠵᠢᠯᠠᠭ᠎ᠠ ᠬᠦᠯᠢᠶᠡᠭᠴᠢ ᠺᠦᠩ ᠴᠢᠩ ᠪᠢᠨ︾ ᠬᠥᠲᠥᠯᠥᠭᠴᠢ ᠰᠠᠶᠢᠨ ᠤᠤ︕ ᠥᠷᠭᠡᠨ ᠣᠯᠠᠨ | ᠰᠦᠯᠵᠢᠶᠡᠨ ᠠᠨᠳᠠ ᠨᠠᠷ ᠰᠠᠶᠢᠨ ᠪᠠᠶᠢᠨ᠎ᠠ︕ ᠰᠢᠶᠠᠨ ᠤ ᠵᠠᠰᠠᠭ ᠤᠨ ᠣᠷᠳᠣᠨ ᠤ ᠰᠦᠯᠵᠢᠶ᠎ᠡ ᠪᠠᠷ ᠲᠠ ᠣᠯᠠᠨ ᠲᠠᠢ | ᠰᠠᠨᠠᠯ ᠢᠶᠠᠨ ᠰᠤᠯᠢᠯᠴᠠᠬᠤ ᠪᠤᠯᠤᠬᠰᠠᠨ ᠳᠠᠭᠠᠨ ᠮᠠᠰᠢ ᠶᠡᠭᠡ ᠪᠠᠶᠠᠷᠯᠠᠵᠤ ᠪᠠᠶᠢᠨ᠎ᠠ᠃ ᠰᠤᠷᠪᠤᠯᠵᠢᠯᠠᠭ᠎ᠠ ᠬᠢᠬᠦ ᠪᠠᠷ | ᠳᠠᠮᠵᠢᠭᠤᠯᠤᠨ ᠥᠷᠭᠡᠨ ᠤᠯᠠᠨ ᠲᠦᠮᠡᠨ ᠳᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯ ᠢ ᠭᠦᠨᠵᠡᠭᠡᠢ ᠣᠢᠯᠠᠭᠠᠭᠤᠯᠬᠤ ᠶᠢᠨ ᠤᠯᠠᠮ ᠠᠴᠠ ᠬᠤᠳᠠ ᠶᠢᠨ ᠬᠠᠮᠢᠶᠠᠷᠤᠯᠲᠠ ᠶᠢ ᠬᠠᠯᠠᠮᠵᠢᠯᠠᠵᠤ | ᠂ ᠬᠤᠳᠠ ᠶᠢᠨ ᠬᠠᠮᠢᠶᠠᠷᠤᠯᠲᠠ ᠶᠢ ᠳᠠᠮᠵᠢᠵᠤ᠂ ᠬᠤᠳᠠ ᠶᠢᠨ ᠬᠠᠮᠢᠶᠠᠷᠤᠯᠲᠠ ᠳᠤ ᠣᠷᠣᠯᠴᠠᠵᠤ᠂ ᠣᠷᠣᠰᠢᠨ | ᠰᠠᠭᠤᠬᠤ ᠳᠤ ᠨᠠᠩ ᠲᠣᠬᠢᠷᠠᠮᠵᠢᠲᠠᠢ ᠰᠠᠶᠢᠨ ᠰᠠᠢᠬᠠᠨ ᠭᠡᠷ ᠣᠷᠣᠨ ᠢ ᠬᠠᠮᠲᠤᠪᠠᠷ ᠪᠠᠶᠢᠭᠤᠯᠬᠤ ᠶᠢ ᠬᠦᠰᠡᠵᠦ ᠪᠠᠢᠨ᠎ᠠ᠃ | ᠬᠥᠲᠥᠯᠥᠭᠴᠢ ᠄ ᠺᠦᠩ ᠲᠣᠪᠴᠢᠶᠠᠨ ᠳᠠᠷᠤᠭ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠶᠢᠨ ᠲᠤᠬᠠᠢ ᠮᠠᠰᠢ ᠣᠯᠠᠨ ᠬᠤᠲᠠ ᠶᠢᠨ ᠠᠷᠠᠳ ᠪᠠᠰᠠ ᠵᠢᠭᠠᠬᠠᠨ ᠲᠠᠨᠢᠯ ᠪᠤᠰᠤ ᠪᠠᠶᠢᠨ᠎ᠠ᠂ | ᠲᠠ ᠤᠷᠢᠳᠠᠪᠠᠷ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ | ᠦᠨᠳᠦᠰᠦᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ︖ | ︽ᠰᠤᠷᠪᠤᠯᠵᠢᠯᠠᠭ᠎ᠠ ᠬᠦᠯᠢᠶᠡᠭᠴᠢ ᠺᠦᠩ ᠴᠢᠩ ᠪᠢᠨ︾᠄ ᠪᠣᠯᠣᠨ᠎ᠠ᠃ ᠨᠢᠩᠴᠧᠩ ᠰᠢᠶᠠᠨ ᠤ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ︽ᠬᠤᠲᠠ ᠶᠢᠨ ᠬᠠᠤᠯᠢ | ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ ᠬᠤᠲᠠ ᠶᠢᠨ | ᠬᠠᠮᠢᠶᠠᠷᠤᠯᠲᠠ ᠶᠢᠨ ᠠᠵᠢᠯ ᠢ ᠥᠭᠡᠷᠡᠴᠢᠯᠡᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ 2017 ᠣᠨ 11 ᠰᠠᠷ᠎ᠠ ᠳᠤ ᠰᠢᠶᠠᠨ ᠤ ᠨᠠᠮ ᠤᠨ ᠬᠤᠷᠢᠶ᠎ᠠ᠂ | ᠰᠢᠶᠠᠨ ᠤ ᠵᠠᠰᠠᠭ ᠤᠨ ᠣᠷᠳᠣᠨ ᠠᠴᠠ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡ᠂ ᠡᠷᠡᠭᠦᠯ ᠬᠠᠮᠠᠭᠠᠯᠠᠯ | ᠣᠷᠴᠢᠨ ᠲᠣᠭᠤᠷᠢᠨ᠂ ᠴᠡᠴᠡᠷᠯᠢᠭ ᠤᠨ ᠨᠣᠭᠤᠭᠠᠷᠠᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ | ᠦᠢᠯᠡᠳᠪᠤᠷᠢ ᠬᠤᠳᠠᠯᠳᠤᠭ᠎ᠠ᠂ ᠤᠰᠤᠨ ᠤ ᠶᠠᠪᠤᠳᠠᠯ᠂ ᠢᠳᠡᠭᠡᠨ ᠤ ᠵᠤᠶᠢᠯ ᠡᠮ ᠤᠨ ᠵᠤᠶᠢᠯ᠂ ᠵᠠᠮ ᠬᠠᠷᠢᠯᠴᠠᠭ᠎ᠠ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠤᠲᠠ ᠶᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠵᠡᠷᠭᠡ | ᠬᠠᠮᠢᠶ᠎ᠠ ᠪᠦᠬᠦᠢ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠵᠦ᠂ ᠵᠢᠩᠬᠢᠨᠢ ᠰᠠᠯᠠᠭᠠᠨ ᠤ ᠳᠡᠰ ᠤᠨ ᠠᠵᠢᠯ | ᠦᠢᠯᠡᠰ ᠤᠨ ᠨᠢᠭᠡᠴᠡ ᠶᠢ ᠪᠠᠶᠢᠭᠤᠯᠪᠠ᠃ ᠭᠤᠣᠯᠳᠠᠭᠤ ᠶᠡᠷᠦᠩᠬᠡᠶᠢᠯᠡᠨ ᠬᠠᠮᠢᠶᠠᠷᠬᠤ᠂ ᠬᠤᠳᠠ ᠶᠢᠨ | ᠲᠥᠯᠥᠪᠵᠢᠭᠦᠯᠭᠡ ᠶᠢ ᠬᠡᠷᠡᠭᠵᠢᠭᠦᠯᠬᠦ ᠬᠠᠤᠯᠢ ᠬᠡᠷᠡᠭᠵᠢᠭᠦᠯᠬᠦ᠂ ᠬᠠᠤᠯᠢ ᠶᠢ ᠵᠥᠷᠢᠴᠡᠭᠰᠡᠨ ᠪᠠᠢᠭᠤᠯᠤᠯᠲᠠ ᠶᠢᠨ ᠵᠠᠰᠠᠯᠲᠠ | ᠂ ᠬᠤᠳᠠ ᠶᠢᠨ ᠶᠠᠪᠤᠳᠠᠯ ᠤᠨ ᠬᠠᠮᠢᠶᠠᠷᠤᠯᠲᠠ᠂ ᠨᠡᠶᠢᠲᠡ ᠶᠢᠨ ᠬᠡᠷᠡᠭᠯᠡᠭᠡᠨ ᠤ ᠠᠵᠢᠯᠯᠠᠭᠠᠨ ᠤ ᠬᠠᠮᠢᠶᠠᠷᠤᠯᠲᠠ ᠪᠠ | ᠬᠠᠤᠯᠢ ᠬᠡᠷᠡᠭᠵᠢᠭᠦᠯᠦᠯᠲᠡ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠤᠯᠢ | ᠬᠡᠷᠡᠭᠵᠢᠭᠦᠯᠦᠯᠲᠡ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ᠂ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠬᠠᠤᠯᠢ ᠬᠡᠷᠡᠭᠵᠢᠭᠦᠯᠦᠯᠲᠡ᠂ ᠬᠤᠳᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ ᠪᠠ | ᠬᠠᠤᠯᠢ ᠬᠡᠷᠡᠭᠵᠢᠭᠦᠯᠦᠯᠲᠡ᠂ ᠡᠷᠡᠭᠦᠯ ᠬᠠᠮᠠᠭᠠᠯᠠᠯ ᠣᠷᠴᠢᠨ ᠠᠬᠤᠢ ᠶᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ | ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ᠂ ᠤᠰᠤᠨ ᠤ ᠶᠠᠪᠤᠳᠠᠯ ᠤᠨ ᠬᠠᠤᠯᠢ | ᠬᠡᠷᠡᠭᠵᠢᠭᠦᠯᠦᠯᠲᠡ᠂ ᠦᠢᠯᠡᠳᠪᠦᠷᠢ ᠬᠤᠳᠠᠯᠳᠤᠭᠠᠨ ᠤ ᠬᠠᠤᠯᠢ ᠬᠡᠷᠡᠭᠵᠢᠭᠦᠯᠦᠯᠲᠡ᠂ ᠢᠳᠡᠭᠡᠨ ᠤ ᠵᠦᠢᠯ ᠡᠮ ᠤᠨ | ᠵᠦᠢᠯ ᠤᠨ ᠬᠠᠤᠯᠢ ᠬᠡᠷᠡᠭᠵᠢᠭᠦᠯᠦᠯᠲᠡ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠰᠡᠯᠪᠢᠨ ᠵᠠᠰᠠᠬᠤ | ᠬᠠᠮᠢᠶᠠᠷᠤᠯᠲᠠ ᠵᠡᠷᠭᠡ 16 ᠵᠦᠢᠯ ᠤᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃ ᠬᠠᠤᠯᠢ ᠬᠡᠷᠡᠭᠵᠢᠭᠦᠯᠬᠦ | ᠬᠤᠪᠴᠠᠰᠤ ᠬᠤᠨᠠᠷ ᠪᠠ ᠲᠡᠮᠳᠡᠭ᠂ ᠢᠯᠡᠳᠬᠡᠮᠵᠢ ᠲᠡᠮᠳᠡᠭ ᠢ ᠨᠢᠭᠡᠳᠬᠡᠵᠦ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠲᠣᠮᠢᠯᠠᠨ ᠰᠠᠭᠤᠯᠭᠠᠵᠤ ︽ᠠᠮᠤᠷ ᠢ ᠬᠠᠮᠠᠭᠠᠯᠠᠬᠤ ᠲᠣᠮᠢᠯᠠᠭᠰᠠᠨ ᠰᠠᠯᠪᠤᠷᠢ︾ ᠶᠢ ᠪᠠᠢᠭᠤᠯᠵᠤ᠂ ︽ | 12319︾ ᠬᠤᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠠᠯᠠᠭᠤᠨ ᠤᠲᠠᠰᠤ ᠶᠢ ᠪᠠᠢᠭᠤᠯᠵᠤ᠂ ᠮᠠᠨ ᠤ | ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠰᠢᠯᠤᠭᠤᠳᠬᠠᠪᠠ᠃ | ᠬᠥᠲᠥᠯᠥᠭᠴᠢ᠄ ᠬᠤᠲᠠ ᠶᠢᠨ ᠬᠠᠮᠢᠶᠠᠷᠤᠯᠲᠠ ᠶᠢᠨ ᠠᠵᠢᠯᠲᠠᠨ ᠪᠣᠯᠤᠭᠰᠠᠨ ᠤ ᠬᠤᠪᠢ ᠳᠤ ᠲᠠ ᠬᠤᠲᠠ ᠶᠢᠨ | ᠬᠠᠮᠢᠶᠠᠷᠤᠯᠲᠠ ᠶᠢᠨ ᠠᠵᠢᠯ ᠢ ᠬᠡᠷᠬᠢᠨ ᠦᠵᠡᠵᠦ ᠪᠠᠶᠢᠨ᠎ᠠ ᠪᠤᠢ︖ | ︽ᠰᠤᠷᠪᠤᠯᠵᠢᠯᠠᠭ᠎ᠠ ᠬᠦᠯᠢᠶᠡᠭᠴᠢ ᠺᠦᠩ ᠴᠢᠩ ᠪᠢᠨ︾᠄ ᠬᠤᠳᠠ ᠶᠢᠨ ᠬᠠᠮᠢᠶᠠᠷᠤᠯᠲᠠ ᠶᠢ ᠴᠢᠩᠭᠠᠳᠬᠠᠵᠤ᠂ | ᠣᠷᠣᠰᠢᠨ ᠰᠠᠭᠤᠬᠤ ᠳᠤ ᠲᠣᠬᠢᠷᠠᠮᠵᠢᠲᠠᠢ᠂ ᠦᠵᠡᠰᠬᠦᠯᠡᠩᠲᠦ ᠰᠠᠢᠬᠠᠨ ᠬᠤᠲᠠ ᠶᠢ ᠪᠦᠲᠦᠭᠡᠨ ᠪᠠᠢᠭᠤᠯᠵᠤ᠂ | ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠪᠣᠯ | ᠮᠠᠨ ᠤ ᠬᠤᠳᠠ ᠶᠢᠨ ᠬᠠᠮᠢᠶᠠᠷᠤᠯᠲᠠ ᠶᠢᠨ ᠠᠵᠢᠯᠲᠠᠨ ᠨᠢᠭᠡᠪᠦᠷᠢ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ | ᠮᠥᠨ᠃ ᠮᠠᠨ ᠤ ᠰᠢᠶᠠᠨ ᠤᠯᠠᠭᠠᠨᠬᠠᠳᠠ ᠬᠤᠲᠠ ᠶᠢᠨ ᠡᠮᠦᠨᠡᠲᠦ ᠬᠡᠰᠡᠭ ᠤᠨ ᠲᠥᠪ ᠬᠤᠲᠠ ᠪᠣᠯᠤᠭᠰᠠᠨ ᠤ | ᠬᠤᠪᠢ ᠳᠤ᠂ ᠡᠷᠬᠡᠪᠰᠢ ᠨᠡᠯᠢᠶᠡᠳ ᠥᠨᠳᠥᠷ ᠪᠠᠷᠢᠮᠵᠢᠶ᠎ᠠ ᠪᠠᠷ ᠬᠤᠲᠠ ᠶᠢᠨ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠶ᠂ ᠡᠭᠦᠨ ᠤ ᠲᠤᠯᠠᠳᠠ ᠪᠢᠳᠡ ᠣᠳᠣ ᠦᠶ᠎ᠡ ᠶᠢᠨ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ | ᠬᠤᠲᠠ ᠶᠢ ᠪᠠᠢᠭᠤᠯᠬᠤ ᠪᠠᠷ ᠬᠠᠷᠠᠯᠲᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠪᠠᠷ ᠭᠤᠤᠯ ᠱᠤᠭᠤᠮ ᠪᠣᠯᠭᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠷ | ᠭᠠᠷᠳᠠᠴᠠ ᠪᠣᠯᠭᠠᠵᠤ᠂ ᠬᠤᠲᠠ ᠲᠣᠭᠤᠷᠢᠭ ᠤᠨ ᠰᠠᠭᠤᠭᠠᠯᠢ ᠠᠷᠠᠳ ᠲᠤ ᠠᠷᠢᠭᠤᠨ ᠴᠡᠪᠡᠷ᠂ ᠴᠡᠪᠡᠷ ᠲᠡᠭᠰᠢ᠂ ᠡᠮᠬᠢ | ᠵᠢᠷᠤᠮ ᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ | ᠬᠥᠲᠥᠯᠥᠭᠴᠢ᠄ ᠣᠷᠴᠢᠨ ᠠᠬᠤᠶ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠪᠣᠯ ᠬᠤᠲᠠ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠨᠢᠭᠡᠨ ᠴᠢᠬᠤᠯᠠ ᠠᠷᠭ᠎ᠠ ᠪᠠᠷᠢᠯ ᠮᠥᠨ᠂ ᠮᠠᠨ ᠤ ᠰᠢᠶᠠᠨ ᠣᠷᠴᠢᠨ ᠠᠬᠤᠶ ᠶᠢ | ᠴᠡᠭᠴᠡᠯᠡᠨ ᠵᠠᠰᠠᠬᠤ ᠠᠵᠢᠯᠯᠠᠭ᠎ᠠ ᠶᠢ ᠬᠡᠷᠬᠢᠨ ᠥᠷᠨᠢᠭᠦᠯᠵᠦ ᠪᠠᠶᠢᠭ᠎ᠠ ᠪᠤᠢ︖ | ︽ᠰᠤᠷᠪᠤᠯᠵᠢᠯᠠᠭ᠎ᠠ ᠬᠦᠯᠢᠶᠡᠭᠴᠢ ᠺᠦᠩ ᠴᠢᠩ ᠪᠢᠨ︾᠄ ᠨᠢᠭᠡ ᠳᠤ᠂ ︽100 ᠡᠳᠦᠷ ᠲᠤ ᠰᠢᠨ᠎ᠡ ᠬᠤᠪᠢᠷᠠᠯᠲᠠ | ᠭᠠᠷᠭᠠᠵᠤ᠂ 200 ᠡᠳᠦᠷ ᠲᠤ ᠰᠢᠨ᠎ᠡ ᠳᠡᠭᠡᠭᠰᠢᠯᠡᠯᠲᠡ ᠲᠠᠢ ᠪᠣᠯᠭᠠᠵᠤ᠂ 300 ᠡᠳᠦᠷ ᠲᠤ ᠰᠢᠨ᠎ᠡ ᠳᠦᠷᠢ | ᠲᠥᠷᠬᠦ ᠲᠠᠢ ᠪᠣᠯᠭᠠᠬᠤ︾ ᠬᠠᠷᠠᠯᠲᠠ ᠶᠢᠨ ᠲᠣᠭᠤᠷᠢᠨ ᠳᠤ᠂ ᠬᠤᠲᠠ ᠶᠢᠨ ᠲᠣᠭᠤᠷᠢᠭ ᠤᠨ ︽ᠠᠷᠪᠠᠨ ᠳᠥᠷᠪᠡᠨ | ᠬᠥᠨᠳᠡᠯᠡᠨ ᠠᠷᠪᠠᠨ ᠳᠥᠷᠪᠡᠨ ᠭᠤᠯᠳᠤ᠂ ᠬᠤᠶᠠᠷ ᠭᠤᠤᠯᠳᠠᠯᠭ᠎ᠠ᠂ ᠨᠢᠭᠡ ᠵᠡᠭᠡᠯᠢ ᠲᠣᠭᠤᠷᠢᠭ︾ ᠢ ᠶᠡᠷᠦᠩᠬᠡᠶᠢᠯᠡᠨ | ᠴᠡᠭᠴᠡᠯᠡᠨ ᠵᠠᠰᠠᠬᠤ᠂ ᠠᠷᠠᠳ ᠲᠤ ᠳᠥᠭᠦᠮ ᠦᠵᠡᠭᠦᠯᠬᠦ ᠠᠷᠪᠠᠨ ᠲᠣᠮᠣ ᠵᠠᠬ᠎ᠠ ᠳᠡᠯᠭᠡᠭᠦᠷ ᠢ ᠪᠠᠢᠭᠤᠯᠬᠤ ᠬᠤᠶᠠᠷ | ᠶᠡᠭᠡ ᠳᠠᠶᠢᠯᠠᠯᠳᠤᠭᠠᠨ ᠵᠡᠷᠭᠡ ᠠᠵᠢᠯᠯᠠᠭ᠎ᠠ ᠢ ᠤᠷᠢᠳ ᠬᠤᠵᠢᠳ ᠥᠷᠨᠢᠭᠦᠯᠪᠡ᠃ ᠬᠠᠤᠯᠢ ᠵᠥᠷᠢᠴᠡᠭᠰᠡᠨ 752 | ᠪᠠᠷᠢᠯᠭ᠎ᠠ ᠂ 27920 ᠲᠡᠭᠰᠢ ᠳᠥᠷᠪᠡᠯᠵᠢᠨ ᠮᠧᠲᠷ ᠨᠤᠷᠠᠭᠠᠵᠦ᠂ ᠮᠠᠰᠢᠨᠲᠤ ᠲᠡᠷᠭᠡᠨ ᠤ ᠲᠡᠷᠭᠡ ᠵᠣᠭᠰᠣᠭᠠᠬᠤ | ᠭᠠᠵᠠᠷ ᠢ 7850᠂ ᠮᠠᠰᠢᠨᠲᠤ ᠪᠤᠰᠤ ᠲᠡᠷᠭᠡᠨ ᠤ ᠲᠡᠷᠭᠡ ᠵᠣᠭᠰᠣᠭᠠᠬᠤ ᠭᠠᠵᠠᠷ ᠢ 1225 ᠭᠠᠷᠭᠠᠨ᠂ ᠲᠡᠷᠭᠡ | ᠵᠣᠭᠰᠣᠭᠠᠬᠤ ᠵᠢᠭᠠᠯᠲᠠ ᠫᠠᠶᠢᠰᠠ ᠶᠢ 96 ᠤᠬᠰᠠᠷᠠᠨ᠂ ᠶᠠᠪᠠᠭᠠᠨ ᠬᠥᠮᠦᠨ ᠤ ᠵᠠᠮ ᠤᠨ ᠥᠩᠭᠡᠲᠦ ᠲᠣᠭᠤᠰᠬ᠎ᠠ ᠶᠢᠨ | ᠬᠠᠲᠠᠭᠤᠷᠠᠯ ᠢ 36 ᠭᠠᠵᠠᠷ᠂ 6210 ᠲᠡᠭᠰᠢ ᠳᠥᠷᠪᠡᠯᠵᠢᠨ ᠮᠧᠲᠷ ᠵᠠᠰᠠᠨ ᠰᠡᠯᠪᠢᠵᠦ᠂ ᠵᠡᠭᠡᠯᠢ ᠨᠢᠭᠤᠷᠯᠠᠭᠰᠠᠨ | ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠡᠳᠬᠡᠨ ᠵᠠᠰᠠᠬᠰᠠᠨ ᠰᠤᠯᠠ ᠭᠠᠵᠠᠷ ᠢ 480 | ᠤᠷᠳᠤᠳᠬᠠᠯ ᠮᠧᠲᠷ ᠨᠤᠭᠤᠭᠠᠷᠠᠭᠤᠯᠪᠠ᠃ ᠲᠣᠭᠲᠠᠭᠠᠯ ᠠᠴᠠ ᠵᠥᠷᠢᠴᠡᠭᠰᠡᠨ ᠵᠠᠷ ᠤᠨ ᠫᠠᠶᠢᠰᠠ ᠢᠯᠡᠷᠬᠡᠶᠢᠯᠡᠯ ᠢ | 6985 ᠪᠠᠭᠤᠯᠭᠠᠵᠤ᠂ ︽ᠬᠤᠲᠠ ᠶᠢᠨ ᠦᠬᠡᠷ ᠢᠯᠢᠳᠦ︾ ᠶᠢ 35650 ᠴᠡᠪᠡᠷᠯᠡᠵᠦ᠂ ᠣᠷᠴᠢᠨ ᠲᠣᠭᠤᠷᠢᠨ ᠤ | ᠠᠷᠢᠭᠤᠨ ᠴᠡᠪᠡᠷ ᠢ ᠬᠠᠮᠠᠭᠠᠯᠠᠬᠤ ᠠᠵᠢᠯᠲᠠᠨ ᠢ 12100 ᠬᠥᠮᠥᠨ ᠤᠳᠠᠭ᠎ᠠ ᠬᠥᠳᠡᠯᠭᠡᠨ᠂ ᠵᠡᠭᠡᠯᠢ ᠠᠷᠤᠯᠠᠬᠰᠠᠨ | ᠵᠢᠵᠢᠭ ᠭᠤᠳᠤᠮᠵᠢ᠂ ᠬᠤᠲᠠ ᠶᠢᠨ ᠳᠤᠮᠳᠠᠬᠢ ᠲᠣᠰᠬᠤᠨ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ | ᠪᠠᠷᠢᠯᠭ᠎ᠠ ᠶᠢᠨ ᠬᠤᠭ ᠨᠣᠪᠰᠢ᠂ ᠵᠡᠭᠡᠯᠢ ᠳᠠᠭᠠᠤ ᠶᠢᠨ ᠬᠤᠶᠠᠷ ᠲᠠᠯ᠎ᠠ ᠶᠢᠨ ︽ᠵᠢᠵᠢᠭ ᠲᠠᠪᠤᠨ ᠣᠪᠣᠭ᠎ᠠ︾ ᠵᠢᠴᠢ | ᠡᠷᠡᠭᠦᠯ ᠬᠠᠮᠠᠭᠠᠯᠠᠯ ᠤᠨ ᠮᠤᠬᠤᠷ ᠥᠨᠴᠥᠭ ᠪᠠ ᠭᠤᠤᠯ ᠤᠨ ᠵᠠᠮ ᠤᠨ ᠬᠤᠭ ᠨᠣᠪᠰᠢ ᠶᠢ 15538 ᠲᠣᠨ | ᠲᠥᠪᠯᠡᠷᠡᠭᠦᠯᠦᠨ ᠴᠡᠪᠡᠷᠯᠡᠵᠦ᠂ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠤᠷᠢᠯᠡᠬᠦ ᠨᠣᠷᠮ᠎ᠠ | 100 % ᠳᠤ ᠬᠦᠷᠪᠡ᠃ ᠬᠤᠶᠠᠷ ᠲᠤ᠂ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠳᠠᠯ | ᠠᠬᠤᠢ ᠶᠢᠨ ᠵᠢᠱᠢᠶ᠎ᠡ ᠦᠵᠡᠭᠦᠯᠬᠦ 3 ᠵᠢᠵᠢᠭ ᠲᠣᠭᠤᠷᠢᠭ ᠢ ᠡᠭᠦᠳᠦᠨ ᠪᠠᠶᠢᠭᠤᠯᠪᠠ᠃ ᠭᠤᠷᠪᠠ ᠳᠤ᠂ ᠣᠷᠴᠢᠨ | ᠠᠬᠤᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠴᠢᠩᠭᠠᠳᠬᠠᠵᠤ᠂ | 167 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠤᠰᠤ ᠪᠠᠷ ᠠᠷᠢᠭᠤᠳᠬᠠᠬᠤ ᠨᠡᠶᠢᠲᠡ ᠶᠢᠨ ᠵᠣᠷᠯᠣᠩ | 3᠂ ᠬᠤᠭ ᠨᠣᠪᠰᠢ ᠶᠢ ᠳᠠᠮᠵᠢᠭᠤᠯᠤᠨ ᠵᠦᠭᠡᠭᠡᠪᠦᠷᠢᠯᠡᠬᠦ ᠥᠷᠲᠡᠭᠡ 4 ᠶᠢ ᠰᠢᠨ᠎ᠡ ᠪᠠᠷ ᠪᠠᠶᠢᠭᠤᠯᠪᠠ᠃ 253 ᠲᠦᠮᠡᠨ | ᠲᠥᠭᠦᠷᠢᠭ ᠤᠨ ᠪᠠᠯᠠ ᠮᠥᠩᠭᠦ ᠣᠷᠣᠭᠤᠯᠵᠤ᠂ 1 ᠴᠡᠪᠡᠷᠯᠡᠨ ᠤᠬᠢᠶᠠᠬᠤ ᠮᠠᠰᠢᠨ ᠲᠡᠷᠭᠡ᠂ 1 ᠵᠠᠮ ᠱᠦᠭᠦᠷᠳᠡᠬᠦ | ᠮᠠᠰᠢᠨ ᠲᠡᠷᠭᠡ᠂ 4 ᠬᠤᠭ ᠨᠣᠪᠰᠢ ᠶᠢᠨ ᠮᠠᠰᠢᠨ ᠲᠡᠷᠭᠡ᠂ 2 ᠲᠠᠷᠤᠰᠢᠭᠤᠯᠬᠤ ᠮᠠᠰᠢᠨ ᠲᠡᠷᠭᠡ᠂ 308 ᠬᠤᠭ | ᠨᠣᠪᠰᠢ ᠶᠢᠨ ᠰᠠᠪᠠ᠂ 110 ᠲᠤᠰᠬᠠᠶ ᠬᠡᠷᠩᠯᠡᠬᠦ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ ᠶᠢ | ᠰᠢᠨ᠎ᠡ ᠪᠠᠷ ᠬᠤᠳᠠᠯᠳᠤᠨ ᠠᠪᠤᠪᠠ᠃ ᠴᠡᠭᠴᠡᠯᠡᠨ ᠵᠠᠰᠠᠬᠤ ᠠᠵᠢᠯ ᠢᠶᠠᠷ ᠳᠠᠮᠵᠢᠭᠤᠯᠤᠨ᠂ ᠬᠤᠲᠠ ᠶᠢᠨ ᠣᠷᠴᠢᠨ | ᠲᠣᠭᠤᠷᠢᠨ ᠢ ᠪᠦᠬᠦᠯᠢ ᠴᠣᠭᠴᠠ ᠪᠠᠷ ᠨᠢ ᠪᠠᠷᠢᠮᠵᠢᠶ᠎ᠠ ᠶᠢ ᠳᠡᠭᠡᠭᠰᠢᠯᠡᠭᠦᠯᠵᠦ᠂ ᠳᠡᠰ ᠳᠠᠪᠬᠤᠷᠭ᠎ᠠ ᠶᠢ ᠨᠢ | ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠲᠦᠷᠭᠡᠳᠬᠡᠵᠦ᠂ ᠦᠷ᠎ᠡ ᠪᠦᠲᠦᠮᠵᠢ ᠶᠢ ᠨᠢ | ᠳᠡᠭᠡᠭᠰᠢᠯᠡᠭᠦᠯᠪᠡ᠃ | ᠬᠥᠲᠥᠯᠥᠭᠴᠢ᠄ ᠬᠤᠲᠠ ᠶᠢᠨ ᠬᠠᠮᠢᠶᠠᠷᠤᠯᠲᠠ ᠶᠢ ᠳᠠᠬᠢᠨ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠂ 2019 | ᠣᠨ ᠳᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠬᠤᠲᠠ ᠶᠢᠨ | ᠳᠦᠷᠢ ᠲᠥᠷᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ | ᠠᠷᠭ᠎ᠠ ᠬᠡᠮᠵᠢᠶ᠎ᠡ ᠠᠪᠬᠤ ᠪᠠᠷ ᠲᠥᠯᠥᠪᠯᠡᠵᠦ ᠪᠠᠶᠢᠨ᠎ᠠ︖᠃ | ︽ᠰᠤᠷᠪᠤᠯᠵᠢᠯᠠᠭ᠎ᠠ ᠬᠦᠯᠢᠶᠡᠭᠴᠢ ᠺᠦᠩ ᠴᠢᠩ ᠪᠢᠨ︾᠄ ᠨᠢᠭᠡ ᠳᠤ ︽ᠬᠤᠲᠠ ᠶᠢᠨ ᠬᠠᠮᠢᠶᠠᠷᠤᠯᠲᠠ ᠶᠢ | ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠤᠲᠠ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠢᠳᠡᠪᠬᠢᠲᠡᠶ ᠠᠬᠢᠭᠤᠯᠤᠨ᠎ᠠ᠃ ᠬᠤᠲᠠ ᠶᠢᠨ ᠳᠦᠷᠢ ᠲᠥᠷᠬᠦ ᠶᠢᠨ ᠡᠮᠬᠢ | ᠳᠢᠭᠯᠢᠮ ᠤᠨ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠵᠠᠮ ᠡᠵᠡᠯᠡᠨ ᠡᠵᠡᠩᠨᠡᠬᠦ ᠶᠢ ᠴᠡᠭᠴᠡᠯᠡᠨ | ᠵᠠᠰᠠᠬᠤ ᠶᠢ ᠴᠢᠩᠭᠠᠳᠬᠠᠨ᠎ᠠ᠃ ᠭᠤᠤᠯ ᠪᠠ ᠳᠡᠳ᠋ ᠵᠠᠮ ᠱᠤᠭᠤᠮ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ | ᠬᠤᠳᠠᠯᠳᠤᠭᠠᠨ ᠤ ᠲᠠᠯᠠᠪᠤᠷ᠂ ᠲᠡᠷᠭᠡᠨ ᠥᠷᠲᠡᠭᠡ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠵᠤ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠢ ᠴᠢᠩᠭᠠᠳᠬᠠᠨ᠂ ᠡᠷᠲᠡ | ᠣᠷᠣᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠲᠣᠭᠲᠠᠴᠠ ᠶᠢ ᠪᠠᠢᠭᠤᠯᠤᠨ᠂ ᠨᠡᠭᠦᠳᠡᠯ ᠬᠤᠳᠠᠯᠳᠤᠭᠠᠴᠢᠨ ᠤ ᠵᠠᠮ ᠡᠵᠡᠯᠡᠨ ᠡᠵᠡᠩᠨᠡᠬᠦ᠂ | ᠳᠡᠯᠭᠡᠭᠦᠷ ᠤᠨ ᠭᠠᠳᠠᠨᠠᠬᠢ ᠡᠵᠡᠩᠨᠡᠯᠲᠡ ᠶᠢ ᠴᠡᠭᠴᠡᠯᠡᠨ ᠵᠠᠰᠠᠬᠤ ᠪᠠ ᠴᠠᠭᠠᠵᠠᠯᠠᠬᠤ ᠡᠷᠴᠢᠮ ᠢ ᠴᠢᠩᠭᠠᠷᠠᠭᠤᠯᠵᠤ᠂ | ᠬᠤᠲᠠ ᠶᠢᠨ ᠣᠷᠴᠢᠨ ᠲᠣᠭᠤᠷᠢᠨ ᠢ ᠢᠮᠠᠭᠲᠠ ᠴᠡᠪᠡᠷ ᠲᠡᠭᠰᠢ᠂ ᠵᠢᠷᠤᠮᠵᠢᠯ ᠲᠠᠢ ᠡᠮᠬᠢ ᠵᠢᠷᠤᠮ ᠲᠠᠢ ᠪᠠᠶᠢᠯᠭᠠᠬᠤ ᠶᠢ | ᠦᠨᠡᠨᠬᠦ ᠪᠠᠲᠤᠯᠠᠨ᠎ᠠ᠃ | ᠬᠤᠶᠠᠷ ᠲᠤ᠂ ᠭᠡᠷ ᠤᠨ ᠭᠠᠳᠠᠨᠠᠬᠢ ᠵᠠᠷ ᠮᠡᠳᠡᠭᠡ ᠵᠢᠴᠢ ᠫᠠᠶᠢᠰᠠ ᠢᠯᠡᠷᠬᠡᠶᠢᠯᠡᠯ ᠢ ᠵᠢᠷᠤᠮᠵᠢᠭᠤᠯᠤᠨ᠎ᠠ᠃ ᠬᠤᠲᠠ ᠶᠢᠨ | ᠲᠣᠭᠤᠷᠢᠭ ᠤᠨ ᠡᠯ᠎ᠡ ᠵᠡᠭᠡᠯᠢ ᠭᠤᠳᠤᠮᠵᠢ ᠶᠢᠨ ᠡᠪᠳᠡᠷᠡᠵᠦ ᠬᠠᠭᠤᠴᠢᠷᠠᠭᠰᠠᠨ᠂ ᠵᠢᠷᠤᠮᠵᠢᠯ ᠥᠬᠡᠶ ᠫᠠᠶᠢᠰᠠ | ᠢᠯᠡᠷᠬᠡᠢᠯᠡᠯ ᠤᠨ ᠵᠠᠷ ᠮᠡᠳᠡᠭᠡ ᠶᠢ ᠲᠥᠪᠯᠡᠷᠡᠭᠦᠯᠦᠨ ᠨᠣᠷᠠᠭᠠᠨᠠ᠃ ᠬᠢᠳᠠᠨ ᠵᠡᠭᠡᠯᠢ ᠪᠠᠷ ᠭᠠᠷᠳᠠᠬᠤ ᠴᠡᠭ ᠪᠣᠯᠭᠠᠨ᠂ | ᠤᠷᠢᠳ ᠢᠶᠠᠷ ᠪᠠᠢᠭᠤᠯᠵᠤ᠂ ᠳᠠᠷᠠᠭ᠎ᠠ ᠨᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠪᠦᠬᠦ ᠲᠠᠯ᠎ᠠ ᠪᠠᠷ | ᠳᠡᠯᠭᠡᠵᠦ᠂ ᠵᠢᠯ ᠤᠨ ᠳᠣᠲᠣᠷ᠎ᠠ ᠪᠦᠬᠦᠨ ᠢ ᠦᠭᠡᠷᠡᠴᠢᠯᠡᠨ᠎ᠠ᠃ ᠵᠡᠭᠡᠯᠢ ᠭᠤᠳᠤᠮᠵᠢ ᠶᠢᠨ ᠫᠠᠶᠢᠰᠠ ᠢᠯᠡᠷᠬᠡᠶᠢᠯᠡᠯ | ᠪᠦᠷᠢ ᠶᠢᠨ ᠵᠠᠷ ᠮᠡᠳᠡᠭᠡ ᠶᠢ ᠨᠢᠭᠡ ᠳᠡᠯᠭᠡᠭᠦᠷ ᠨᠢᠭᠡ ᠢᠯᠡᠷᠬᠡᠶᠢᠯᠡᠯ ᠢᠶᠠᠷ ᠪᠡᠶᠡᠯᠡᠭᠦᠯᠵᠦ᠂ ᠵᠢᠭᠳᠡ ᠪᠣᠯᠭᠠᠵᠤ᠂ | ᠬᠤᠲᠠ ᠶᠢᠨ ᠳᠦᠷᠰᠦ ᠪᠠᠶᠢᠳᠠᠯ ᠢ ᠬᠠᠮᠢᠶᠠᠷᠬᠤ ᠪᠠᠰᠠ ᠨᠢᠭᠡᠨ ᠭᠢᠯᠠᠰ ᠴᠡᠭ ᠪᠣᠯᠭᠠᠨ᠎ᠠ᠃ | ᠭᠤᠷᠪᠠ ᠳᠤ᠂ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠵᠠᠳᠠᠭᠠᠶ ᠰᠢᠷᠠᠯᠠᠬᠤ ᠶᠢ ᠴᠠᠭᠠᠵᠠᠯᠠᠵᠤ᠂ | ᠢᠳᠡᠭᠡᠨ ᠤᠮᠳᠠᠭᠠᠨ ᠤ ᠦᠢᠯᠡᠴᠢᠯᠡᠭᠡᠨ ᠤ ᠲᠠᠯᠠᠪᠤᠷ ᠤᠨ ᠲᠣᠰᠣᠨ ᠤᠲᠤᠭ᠎ᠠ ᠶᠢ ᠵᠠᠰᠠᠬᠤ ᠠᠵᠢᠯ ᠢ ᠰᠠᠶᠢᠲᠤᠷ | ᠠᠳᠬᠤᠨ᠎ᠠ᠃ ᠪᠠᠷᠢᠯᠭ᠎ᠠ ᠪᠠᠷᠢᠬᠤ ᠭᠠᠵᠠᠷ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠪᠠᠷᠢᠬᠤ | ᠭᠠᠵᠠᠷ ᠲᠠᠯᠠᠪᠤᠷ ᠢ ᠬᠦᠷᠢᠶᠡᠯᠡᠨ ᠪᠠᠷᠢᠵᠤ᠂ ᠲᠠᠯᠠᠪᠤᠷ ᠲᠤ ᠣᠷᠣᠬᠤ ᠵᠠᠮ ᠢ ᠪᠥᠬᠦᠨ ᠢ ᠬᠠᠲᠠᠭᠤᠷᠠᠭᠤᠯᠤᠨ᠂ ᠤᠬᠢᠶᠠᠬᠤ | ᠪᠡᠯᠡᠳᠬᠡᠮᠵᠢ ᠶᠢ ᠲᠣᠬᠢᠷᠠᠭᠤᠯᠵᠤ᠂ ᠬᠤᠭ ᠰᠢᠷᠣᠢ ᠲᠡᠭᠡᠭᠡᠪᠦᠷᠢᠯᠡᠬᠦ ᠲᠡᠷᠭᠡ ᠬᠥᠰᠬᠡ ᠪᠥᠬᠦᠨ ᠳᠤ G B S | ᠤᠭᠰᠠᠷᠠᠵᠤ᠂ ᠪᠥᠬᠦ ᠶᠠᠪᠤᠴᠠ ᠳᠤ ᠬᠢᠨᠠᠨ ᠡᠵᠡᠮᠳᠡᠬᠦ ᠶᠢ ᠬᠡᠷᠡᠭᠵᠢᠭᠦᠯᠦᠨ᠂ ᠵᠠᠮ ᠲᠤᠵᠢ ᠭᠤᠭᠤᠵᠢᠭᠤᠯᠤᠨ ᠠᠰᠬᠠᠬᠤ᠂ | ᠬᠤᠳᠠ ᠶᠢᠨ ᠵᠠᠮ ᠢ ᠪᠣᠬᠢᠷᠲᠤᠭᠤᠯᠬᠤ ᠦᠢᠯᠡ ᠠᠵᠢᠯᠯᠠᠭ᠎ᠠ ᠶᠢ ᠴᠢᠩᠭ᠎ᠠ ᠵᠠᠰᠠᠨ᠎ᠠ᠃ | ᠲᠥᠷᠪᠡ᠂ ᠵᠠᠮ ᠬᠠᠷᠢᠯᠴᠠᠭᠠᠨ ᠤ ᠡᠮᠬᠢ ᠵᠢᠷᠤᠮ ᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ | ᠵᠠᠮ ᠬᠠᠷᠢᠯᠴᠠᠭᠠᠨ ᠤ ᠴᠠᠭᠳᠠᠭ᠎ᠠ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠨᠢᠭᠲᠠ | ᠬᠠᠮᠵᠢᠯᠴᠠᠨ᠂ ᠲᠣᠭᠲᠠᠭᠠᠯ ᠠᠴᠠ ᠵᠥᠷᠢᠴᠡᠨ ᠵᠠᠮ ᠡᠵᠡᠯᠡᠨ ᠲᠡᠷᠭᠡ ᠵᠣᠭᠰᠣᠭᠠᠬᠤ᠂ ᠣᠷᠣᠨ ᠱᠤᠭᠤᠮ ᠤᠨ | ᠱᠠᠭᠠᠷᠳᠠᠯᠭ᠎ᠠ ᠪᠠᠷ ᠲᠡᠷᠭᠡ ᠵᠣᠭᠰᠣᠭᠠᠬᠤ ᠦᠭᠡᠢ᠂ ᠰᠥᠷᠭᠡᠦ ᠴᠢᠭᠯᠡᠯ ᠢᠶᠠᠷ ᠲᠡᠷᠭᠡ ᠵᠣᠭᠰᠣᠭᠠᠬᠤ ᠵᠡᠷᠭᠡ ᠲᠤᠪᠦᠶᠢᠮ᠎ᠠ | ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ | ᠦᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃ ︽ᠦᠬᠦᠰᠢᠷᠡᠮᠡᠯ ᠲᠡᠷᠭᠡ︾᠂ ᠤᠯᠠᠨ ᠨᠡᠶᠢᠲᠡ ᠶᠢᠨ ᠲᠡᠷᠭᠡ | ᠵᠣᠭᠰᠣᠬᠤ ᠪᠠᠶᠢᠷᠢ ᠶᠢ ᠤᠷᠳᠤ ᠬᠤᠭᠤᠴᠠᠭ᠎ᠠ ᠪᠠᠷ ᠡᠵᠡᠯᠡᠨ ᠬᠡᠷᠡᠭᠯᠡᠬᠦ ᠮᠠᠰᠢᠨ ᠲᠡᠷᠭᠡ ᠲᠦᠷᠢᠶᠡᠰᠦᠯᠡᠭᠦᠯᠬᠦ᠂ ᠭᠠᠷ | ᠳᠠᠮᠵᠢᠭᠰᠠᠨ ᠲᠡᠷᠭᠡ ᠡᠵᠡᠩᠨᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭᠠᠵᠠᠯᠠᠵᠤ᠂ | ᠬᠤᠳᠠ ᠶᠢᠨ ᠲᠣᠭᠤᠷᠢᠭ ᠤᠨ ᠲᠡᠷᠭᠡ ᠵᠣᠭᠰᠣᠬᠤ ᠡᠮᠬᠢ ᠵᠢᠷᠤᠮ ᠤᠨ ᠵᠢᠷᠤᠮᠵᠢᠯ ᠢ ᠪᠠᠲᠤᠯᠠᠨ᠎ᠠ᠃ | ᠲᠠᠪᠤ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠨᠠᠷᠢᠯᠢᠭ ᠠᠳᠬᠤᠬᠤ ᠳᠡᠭᠡᠷ᠎ᠡ ᠬᠦᠴᠦ | ᠲᠠᠯᠪᠢᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠬᠠᠷᠠᠯᠲᠠ ᠶᠢ ᠬᠢᠨᠠᠨ ᠰᠢᠯᠭᠠᠬᠤ ᠲᠣᠭᠲᠠᠴᠠ ᠶᠢ | ᠤᠯᠠᠮ ᠨᠢᠭᠡ ᠠᠯᠬᠤᠮ ᠪᠦᠷᠢᠨ ᠪᠣᠯᠭᠠᠨ ᠲᠡᠭᠦᠯᠳᠡᠷᠵᠢᠭᠦᠯᠵᠦ᠂ ᠴᠡᠪᠡᠷᠯᠡᠭᠡ ᠠᠷᠢᠭᠤᠨ ᠴᠡᠪᠡᠷ ᠤᠨ ᠠᠵᠢᠯ ᠤᠨ | ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠠᠢᠭᠤᠯᠤᠨ᠂ ︽ᠭᠤᠷᠪᠠ ᠶᠢ ᠢᠯᠭᠠᠷᠠᠭᠤᠯᠤᠨ ᠨᠢᠭᠡ ᠶᠢ ᠪᠠᠲᠤᠯᠠᠬᠤ︾ | ᠠᠵᠢᠯ ᠤᠨ ᠡᠷᠴᠢᠮ ᠢ ᠴᠢᠩᠭᠠᠷᠠᠭᠤᠯᠵᠤ᠂ ᠪᠦᠬᠦᠯᠢ ᠡᠳᠦᠷ ᠢᠶᠠᠷ ᠴᠡᠪᠡᠷᠯᠡᠨ ᠠᠷᠢᠭᠤᠨ ᠴᠡᠪᠡᠷ ᠢ ᠪᠠᠲᠤᠯᠠᠵᠤ᠂ ᠬᠤᠭ | ᠨᠣᠪᠰᠢ ᠶᠢ ᠡᠳᠦᠷ ᠲᠤ ᠨᠢ ᠠᠷᠢᠯᠭᠠᠬᠤ ᠶᠢ ᠪᠡᠶᠡᠯᠡᠭᠦᠯᠦᠨ᠎ᠡ᠃ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ | ᠶᠢᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠢᠳᠠᠪᠤᠷᠢᠵᠢᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠤᠨ ᠶᠠᠰᠤ ᠴᠢᠨᠠᠷ ᠢ ᠲᠠᠰᠤᠷᠠᠯᠳᠠ ᠥᠬᠡᠶ ᠳᠡᠭᠡᠭᠰᠢᠯᠡᠭᠦᠯᠦᠨ᠎ᠡ᠃ | ᠵᠢᠷᠭᠤᠭ᠎ᠠ ᠳᠤ᠂ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠤᠷᠢᠯᠡᠬᠦ ᠠᠵᠢᠯ ᠢ ᠴᠢᠩᠭᠠᠳᠬᠠᠵᠤ | ᠂ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠤᠷᠢᠯᠡᠬᠦ ᠨᠣᠷᠮ᠎ᠠ ᠶᠢ 100 % ᠳᠤ ᠬᠦᠷᠦᠭᠦᠯᠵᠦ᠂ ᠬᠤᠭ | ᠨᠣᠪᠰᠢ ᠶᠢ ᠰᠢᠢᠳᠪᠤᠷᠢᠯᠡᠬᠦ ᠲᠠᠯᠠᠪᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠯᠭᠠᠨ ᠠᠪᠬᠤ ᠵᠢᠴᠢ ᠵᠡᠷᠭᠡ | ᠳᠡᠰ ᠢ ᠦᠨᠡᠯᠡᠨ ᠲᠣᠭᠲᠠᠭᠠᠬᠤ ᠠᠵᠢᠯ ᠢ ᠰᠠᠶᠢᠲᠤᠷ ᠬᠢᠨ᠎ᠡ᠃ | ᠳᠣᠯᠤᠭ᠎ᠠ ᠳᠤ᠂ ᠨᠡᠶᠢᠲᠡ ᠶᠢᠨ ᠵᠣᠷᠯᠣᠩ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠬᠦᠯᠢ ᠡᠳᠦᠷ ᠢᠶᠠᠷ ᠭᠠᠳᠠᠭᠰᠢ | ᠨᠡᠭᠡᠭᠡᠯᠲᠡ ᠬᠢᠵᠦ᠂ ᠠᠷᠢᠭᠤᠨ ᠴᠡᠪᠡᠷ ᠢ ᠰᠠᠶᠢᠲᠤᠷ ᠬᠢᠵᠦ᠂ ᠨᠡᠶᠢᠲᠡ ᠶᠢᠨ ᠵᠣᠷᠯᠣᠩ ᠤᠨ ᠠᠷᠢᠭᠤᠨ ᠴᠡᠪᠡᠷ ᠤᠨ | ᠪᠠᠷᠢᠮᠵᠢᠶ᠎ᠠ ᠳᠤ ᠭᠦᠷᠭᠡᠬᠦ ᠶᠢ ᠦᠨᠡᠨᠬᠦ ᠪᠠᠲᠤᠯᠠᠵᠤ᠂ ᠰᠣᠨᠢᠨ ᠦᠨᠦᠷ ᠦᠭᠡᠢ ᠪᠣᠯᠭᠠᠨ᠎ᠠ᠃ ᠵᠡᠭᠡᠯᠢ ᠳᠠᠭᠠᠤ ᠶᠢᠨ | ᠳᠥᠭᠦᠮ ᠬᠤᠭ ᠨᠣᠪᠰᠢ ᠶᠢᠨ ᠴᠥᠭᠦᠷᠥᠮ ᠢ ᠬᠦᠴᠦᠨ ᠥᠬᠡᠶ ᠪᠣᠯᠭᠠᠵᠤ᠂ ᠬᠤᠭ ᠨᠣᠪᠰᠢ ᠶᠢᠨ ᠰᠠᠪᠠ ᠶᠢ ᠪᠦᠬᠦᠨ ᠢ | ᠲᠠᠯᠪᠢᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ᠬᠥᠲᠥᠯᠥᠭᠴᠢ᠄ ᠵᠠ᠂ ᠵᠠᠯᠭᠠᠭᠠᠳ ᠰᠦᠯᠵᠢᠶᠡᠨ ᠠᠨᠳᠠ ᠶᠢᠨ ᠠᠰᠠᠭᠤᠯᠲᠠ ᠶᠢᠨ ᠴᠠᠭ ᠪᠣᠯᠤᠯ᠎ᠠ᠂ ᠣᠯᠠᠨ ᠢᠶᠠᠷ ᠢᠶᠠᠨ | ᠶᠠᠮᠠᠷ ᠠᠰᠠᠭᠤᠳᠠᠯ ᠪᠠᠶᠢᠪᠠᠯ ᠺᠦᠩ ᠲᠣᠪᠴᠢᠶᠠᠨ ᠳᠠᠷᠤᠭ᠎ᠠ ᠠᠴᠠ ᠠᠰᠠᠭᠤᠵᠤ ᠪᠣᠯᠤᠨ᠎ᠠ᠃ | ᠰᠦᠯᠵᠢᠶᠡᠨ ᠠᠨᠳᠠ᠄ ᠪᠢ ᠪᠣᠯ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠮᠥᠨ᠂ ᠦᠢᠷ᠎ᠠ ᠳᠤ ᠪᠢ | ᠲᠢᠶᠠᠨ ᠢ ᠵᠡᠭᠡᠯᠢ ᠳᠤ ᠨᠢᠭᠡᠨ ᠬᠤᠳᠠᠯᠳᠤᠭᠠᠨ ᠤ ᠲᠢᠩᠬᠢᠮ ᠲᠦᠷᠢᠶᠡᠰᠦᠯᠡᠵᠦ᠂ ᠳᠡᠯᠭᠡᠭᠦᠷ ᠨᠡᠭᠡᠭᠡᠬᠦ ᠭᠡᠵᠦ ᠪᠠᠢᠨ᠎ᠠ᠂ | ᠡᠭᠦᠳᠡᠨ ᠵᠠᠷ ᠤᠨ ᠫᠠᠶᠢᠰᠠ ᠢᠯᠡᠷᠬᠡᠶᠢᠯᠡᠯ ᠢ ᠬᠢᠨᠠᠨ ᠵᠥᠪᠰᠢᠶᠡᠷᠡᠬᠦ ᠴᠢᠬᠤᠯᠠᠲᠠᠶ ᠪᠤᠢ︖ | ︽ᠰᠤᠷᠪᠤᠯᠵᠢᠯᠠᠭ᠎ᠠ ᠬᠦᠯᠢᠶᠡᠭᠴᠢ ᠺᠦᠩ ᠴᠢᠩ ᠪᠢᠨ︾ : ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠲᠠ ᠶᠢᠨ | ᠦᠩᠭᠡ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ᠵᠢᠴᠢ ︽ | ᠤᠯᠠᠭᠠᠨᠬᠠᠳᠠ ᠬᠤᠲᠠ ᠶᠢᠨ ᠭᠡᠷ ᠤᠨ ᠭᠠᠳᠠᠨᠠᠬᠢ ᠵᠠᠷ ᠤᠨ ᠫᠠᠶᠢᠰᠠ ᠢᠯᠡᠷᠬᠡᠶᠢᠯᠡᠯ ᠢ ᠪᠠᠶᠢᠷᠢᠯᠠᠭᠤᠯᠬᠤ | ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠪᠡᠯ᠂ ᠭᠡᠷ ᠤᠨ ᠭᠠᠳᠠᠨᠠᠬᠢ ᠵᠠᠷ ᠮᠡᠳᠡᠭᠡ ᠪᠠ ᠫᠠᠶᠢᠰᠠ | ᠢᠯᠡᠷᠬᠡᠢᠯᠡᠯ ᠢ ᠭᠠᠷᠭᠠᠬᠤ ᠳᠠᠭᠠᠨ ᠡᠷᠬᠡᠪᠰᠢ ᠬᠤᠲᠠ ᠶᠢᠨ ᠦᠩᠭᠡ ᠦᠵᠡᠮᠵᠢ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠢᠴᠠᠭᠠᠯᠭᠠᠵᠤ | ᠵᠥᠪᠰᠢᠶᠡᠷᠡᠭᠦᠯᠬᠦ ᠬᠡᠷᠡᠭᠲᠡᠶ᠃ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠪᠣᠯ ᠮᠠᠨ ᠤ ᠰᠢᠶᠠᠨ ᠤ ᠣᠷᠣᠨ ᠰᠠᠭᠤᠴᠠ ᠶᠢᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠮᠥᠨ᠃ ᠫᠠᠶᠢᠰᠠ ᠶᠢᠨ ᠢᠯᠡᠷᠬᠡᠶᠢᠯᠡᠯ ᠲᠡᠮᠳᠡᠭ ᠢ ᠨᠢᠭᠡ | ᠳᠡᠯᠭᠡᠭᠦᠷ ᠨᠢᠭᠡ ᠢᠯᠡᠷᠬᠡᠶᠢᠯᠡᠯ᠂ ᠨᠢᠭᠡ ᠵᠡᠭᠡᠯᠢ ᠨᠢᠭᠡ ᠦᠵᠡᠮᠵᠢ᠂ ᠪᠠᠶᠢᠷᠢᠰᠢᠭᠤᠯᠤᠯ ᠨᠢ ᠵᠦᠢ ᠵᠣᠬᠢᠰᠲᠠᠢ ᠪᠠᠶᠢᠬᠤ | ᠵᠠᠷᠴᠢᠮ ᠶᠣᠰᠣᠭᠠᠷ ᠪᠠᠶᠢᠷᠢᠯᠠᠭᠤᠯᠬᠤ ᠬᠡᠷᠡᠭᠲᠡᠢ᠂ ᠲᠡᠭᠦᠨ ᠤ ᠬᠡᠯᠪᠡᠷᠢ᠂ ᠥᠩᠭᠡ ᠪᠤᠳᠤᠭ᠂ ᠬᠡᠪ ᠪᠠᠷᠢᠮᠵᠢᠶ᠎ᠠ ᠨᠢ | ᠬᠤᠳᠠ ᠶᠢᠨ ᠦᠵᠡᠮᠵᠢ ᠲᠠᠢ ᠬᠠᠷᠢᠯᠴᠠᠨ ᠵᠣᠬᠢᠴᠠᠭᠤᠯᠵᠤ᠂ ᠡᠷᠬᠡᠪᠰᠢ ᠮᠣᠩᠭᠤᠯ ᠬᠢᠲᠠᠳ ᠦᠰᠦᠭ ᠢ ᠵᠡᠷᠭᠡ ᠪᠠᠷ | ᠬᠡᠷᠡᠭᠯᠡᠵᠦ᠂ ᠬᠡᠪ ᠪᠠᠷᠢᠮᠵᠢᠶ᠎ᠠ ᠶᠢᠨ ᠬᠠᠷᠢᠴᠠᠯ ᠨᠢ ᠨᠢᠭᠡ ᠨᠢᠭᠡ ᠶᠢᠨ ᠬᠠᠷᠢᠴᠠᠯ ᠲᠠᠢ ᠪᠠᠶᠢᠵᠤ᠂ ᠬᠢᠵᠦ ᠤᠬᠠᠮᠰᠠᠷᠠᠬᠤ | ᠨᠢ ᠬᠤᠯᠪᠣᠭᠳᠠᠯ ᠪᠦᠬᠦᠢ ᠶᠠᠰᠤ ᠴᠢᠨᠠᠷ᠂ ᠠᠶᠤᠯ ᠦᠭᠡᠢ ᠶᠢᠨ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠢ᠃ | ᠬᠥᠲᠥᠯᠥᠭᠴᠢ᠄ ᠺᠦᠩ ᠲᠣᠪᠴᠢᠶᠠᠨ ᠳᠠᠷᠤᠭ᠎ᠠ ᠶᠢᠨ ᠲᠠᠶᠢᠯᠪᠤᠷᠢᠯᠠᠯᠲᠠ ᠪᠠᠷ ᠳᠠᠮᠵᠢᠨ᠂ ᠪᠢᠳᠡ ᠬᠤᠲᠠ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠲᠤᠬᠠᠢ ᠤᠯᠠᠮ ᠨᠢᠭᠡ ᠠᠯᠬᠤᠮ ᠣᠢᠯᠠᠭᠠᠯᠲᠠ ᠲᠠᠢ ᠪᠣᠯᠪᠠ᠂ | ᠥᠷᠭᠡᠨ ᠣᠯᠠᠨ ᠲᠦᠮᠡᠨ ᠤ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠢ ᠠᠩᠬᠠᠷᠤᠯ ᠤᠨ ᠬᠡᠮᠵᠢᠶ᠎ᠡ ᠪᠠ | ᠳᠡᠮᠵᠢᠯᠭᠡ ᠶᠢᠨ ᠬᠡᠮᠵᠢᠶ᠎ᠡ ᠶᠢᠨ ᠲᠠᠰᠤᠷᠠᠯᠲᠠ ᠥᠬᠡᠶ ᠴᠢᠩᠭᠠᠷᠠᠬᠤ ᠶᠢ ᠳᠠᠭᠠᠯᠳᠤᠨ᠂ ᠬᠤᠲᠠ ᠶᠢᠨ ᠬᠠᠮᠢᠶᠠᠷᠤᠯᠲᠠ ᠶᠢᠨ | ᠪᠡᠷᠬᠡ ᠰᠡᠳᠦᠪ ᠠᠯᠬᠤᠮ ᠠᠯᠬᠤᠮ ᠢᠶᠠᠷ ᠠᠷᠢᠯᠭᠠᠵᠤ᠂ ᠮᠠᠨ ᠤ ᠬᠤᠲᠠ ᠤᠯᠠᠮ ᠠᠴᠠ ᠤᠯᠠᠮ ᠰᠠᠢᠨ ᠰᠠᠢᠬᠠᠨ | ᠪᠣᠯᠬᠤ ᠶᠢ ᠪᠢᠳᠡ ᠢᠲᠡᠭᠡᠵᠦ ᠪᠠᠶᠢᠨ᠎ᠠ︕ ᠬᠠᠮᠤᠭ ᠰᠡᠭᠦᠯ ᠳᠤ᠂ ᠺᠦᠩ ᠲᠣᠪᠴᠢᠶᠠᠨ ᠳᠠᠷᠤᠭ᠎ᠠ ᠳᠤ ᠲᠠᠯᠠᠷᠬᠠᠵᠤ | ᠪᠠᠶᠢᠨ᠎ᠠ᠂ ᠪᠠᠰᠠ ᠢᠳᠡᠪᠬᠢᠳᠡᠢ ᠣᠷᠣᠯᠴᠠᠭᠰᠠᠨ ᠰᠦᠯᠵᠢᠶᠡᠨ ᠤ ᠠᠨᠳᠠ ᠳᠤ ᠲᠠᠯᠠᠷᠬᠠᠵᠤ ᠪᠠᠶᠢᠨ᠎ᠠ᠂ ᠥᠨᠥᠳᠦᠷ ᠤᠨ | ᠫᠷᠤᠭ᠍ᠷᠠᠮ ᠵᠠᠪᠰᠠᠷᠯᠠᠯ᠎ᠠ᠂ ᠰᠦᠯᠵᠢᠶᠡᠨ ᠠᠨᠳᠠ ᠨᠠᠷ ᠪᠠᠶᠠᠷᠲᠠᠶ︕ |