ᠨᠢᠩᠴᠧᠩ ᠰᠢᠶᠠᠨ ᠬᠤᠳᠠ ᠶᠢᠨ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠢ ᠠᠬᠢᠭᠤᠯᠵᠤ ᠪᠦᠬᠦᠯᠢ ᠴᠣᠭᠴᠠ ᠶᠢᠨ ᠳᠦᠷᠢ ᠲᠥᠷᠬᠦ ᠪᠠᠨ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2019/5/20
  2019 ᠣᠨ ᠳᠤ᠂ ︽ᠬᠤᠲᠠ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ︾ ᠤ ᠬᠠᠷᠠᠯᠲᠠ ᠡᠭᠦᠷᠭᠡ ᠶᠢᠨ ᠲᠣᠭᠤᠷᠢᠨ ᠳᠤ᠂ ᠤᠷᠤᠰᠢᠨ ᠠᠮᠢᠳᠤᠷᠠᠬᠤ ᠳᠤ ᠲᠤᠬᠢᠷᠠᠮᠵᠢᠳᠠᠢ ᠬᠤᠲᠠ ᠶᠢ ᠪᠠᠶᠢᠭᠤᠯᠬᠤ ᠪᠠᠷ ᠭᠤᠣᠯ ᠱᠤᠭᠤᠮ ᠪᠣᠯᠭᠠᠨ᠂ ︽ᠪᠦᠬᠦ ᠬᠦᠴᠦᠨ ᠢᠶᠠᠷ ᠪᠣᠭᠤᠮᠲᠠ ᠰᠢᠪᠲᠤᠯᠬᠤ︾ ᠬᠤᠳᠠ ᠶᠢᠨ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠬᠤᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠣᠯᠪᠠᠰᠤᠨ ᠨᠢᠩᠴᠧᠩ ᠤᠨ ᠰᠢᠨ᠎ᠡ ᠳᠦᠷᠢ ᠲᠥᠷᠬᠦ ᠶᠢ ᠬᠦᠴᠦᠯᠡᠨ ᠪᠤᠢ ᠪᠣᠯᠭᠠᠵᠤ ᠪᠠᠶᠢᠨ᠎ᠠ᠃ ᠣᠳᠣ ᠪᠣᠯᠲᠠᠯ᠎ᠠ 14 ᠵᠡᠭᠡᠯᠢ 9 ᠵᠠᠮ ᠤᠨ ᠶᠡᠷᠦᠩᠬᠡᠶᠢᠯᠡᠭᠰᠡᠨ ᠴᠡᠭᠴᠡᠯᠡᠯᠲᠡ ᠶᠢ ᠪᠡᠶᠡᠯᠡᠭᠦᠯᠵᠦ᠂ ︽ᠡᠬᠦᠳᠡᠨ ᠡᠮᠤᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠪᠢᠴᠢᠭ ᠢ 2000 ᠭᠠᠷᠤᠢ ᠲᠤᠬᠳᠠᠵᠦ᠂ 270 ᠬᠡᠰᠩ  ᠬᠡᠷᠡᠮᠲᠦ ᠵᠠᠷ ᠢ ᠨᠤᠷᠠᠭᠠᠵᠦ᠂ ᠲᠠᠷᠤᠶᠢᠬᠠᠨ ᠴᠡᠭᠴᠡᠯᠡᠨ ᠥᠭᠡᠷᠡᠴᠢᠯᠡᠬᠦ ᠮᠡᠳᠡᠭᠳᠡᠯ ᠤᠨ ᠪᠢᠴᠢᠭ ᠢ 230 ᠬᠤᠪᠢ ᠪᠠᠭᠤᠯᠭᠠᠨ᠂ ᠳᠤᠷ᠎ᠠ ᠪᠠᠷ ᠵᠤᠬᠰᠤᠭᠠᠬᠰᠠᠨ 168 ᠲᠡᠷᠭᠡ ᠬᠥᠰᠬᠡ ᠶᠢ ᠵᠢᠷᠤᠮᠵᠢᠭᠤᠯᠪᠠ᠃ ᠳᠦᠷᠢᠮ ᠠᠴᠠ ᠵᠥᠷᠢᠴᠡᠭᠰᠡᠨ ᠮᠠᠰᠢᠨᠲᠤ ᠲᠡᠷᠭᠡ ᠶᠢ 1600 ᠵᠠᠯᠠᠷᠠᠭᠤᠯᠪᠠ᠃ 110 ᠡᠷᠡᠭᠦᠯ ᠬᠠᠮᠠᠭᠠᠯᠠᠯ ᠤᠨ ᠴᠠᠬᠢᠯᠭᠠᠨ ᠬᠦᠳᠡᠯᠭᠡᠭᠦᠷᠢᠲᠦ ᠲᠡᠷᠭᠡ ᠶᠢ ᠡᠬᠢᠯᠡᠨ ᠬᠡᠷᠡᠭᠯᠡᠪᠡ᠃ ᠬᠤᠭ ᠨᠤᠪᠰᠢ ᠬᠠᠶᠠᠬᠤ ᠰᠦᠯᠢᠶᠣᠣ ᠬᠠᠶᠢᠷᠴᠠᠭ ᠢ 273 ᠲᠦᠭᠦᠷᠵᠢᠬᠦᠯᠦᠨ᠂ 2 ᠰᠢᠨ᠎ᠡ ᠮᠠᠶ᠋ᠢᠭ ᠤᠨ ᠬᠤᠭ ᠨᠣᠪᠰᠢ ᠲᠡᠭᠡᠭᠡᠪᠦᠷᠢᠯᠡᠬᠦ ᠠᠪᠴᠢᠭᠤᠯᠬᠤ ᠲᠡᠷᠭᠡ ᠶᠢ ᠡᠬᠢᠯᠡᠵᠦ ᠬᠡᠷᠩᠯᠡᠨ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号