| | | ᠣᠳᠣᠬᠠᠨ ᠳᠤ ᠮᠠᠨ ᠤ ᠤᠯᠤᠰ ᠤᠨ ᠬᠥᠬᠦᠨ ᠪᠤᠯᠴᠢᠷᠬᠠᠶ ᠶᠢᠨ ᠥᠮᠡᠨ ᠳᠤ ᠨᠡᠷᠪᠡᠭᠳᠡᠭᠰᠡᠳ ᠤᠨ | 5 ᠵᠢᠯ ᠠᠮᠢᠳᠤᠷᠠᠬᠤ ᠨᠣᠷᠮ᠎ᠠ ᠨᠢᠭᠡᠨᠲᠡ 83.2 % ᠲᠤ ᠬᠦᠷᠴᠦ᠂ ᠥᠩᠭᠡᠷᠡᠭᠰᠡᠨ 10 ᠵᠢᠯ ᠤᠨ ᠬᠢ ᠠᠴᠠ ᠪᠠᠨ 7. | 3 % ᠪᠠᠷ ᠳᠡᠭᠡᠭᠰᠢᠯᠡᠭᠰᠡᠨ ᠪᠠᠶᠢᠨ᠎ᠠ᠃ ᠡᠭᠦᠨ ᠢ ᠰᠤᠷᠪᠤᠯᠵᠢᠯᠠᠭᠴᠢ ᠲᠦᠷᠦᠭᠦᠬᠡᠨ ᠬᠤᠷᠠᠯᠳᠤᠭᠤᠯᠤᠭᠰᠠᠨ ︽ | 2019 ᠣᠨ ᠤ ᠳᠤᠮᠳᠠᠳᠤ ᠤᠯᠤᠰ ᠤᠨ ᠬᠠᠪᠤᠳᠠᠷ ᠤᠨ ᠡᠮᠴᠢᠯᠡᠭᠡᠨ ᠤ ᠨᠡᠶᠢᠭᠡᠮᠯᠢᠭ ︵C S C O︶ ᠤᠨ | ᠬᠥᠬᠦᠨ ᠪᠤᠯᠴᠢᠷᠬᠠᠶ ᠶᠢᠨ ᠥᠮᠡᠨ ᠤ ᠣᠨ ᠤ ᠬᠤᠷᠠᠯ︾ ᠳᠡᠭᠡᠷ᠎ᠡ ᠠᠴᠠ ᠤᠯᠵᠤ ᠮᠡᠳᠡᠭᠰᠡᠨ ᠶᠤᠮ᠃ | ᠬᠤᠷᠠᠯ ᠳᠡᠭᠡᠷ᠎ᠡ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠲᠣᠬᠢᠷᠠᠭᠰᠠᠨ | ᠵᠢᠷᠤᠮᠵᠢᠭᠰᠠᠨ ᠣᠨᠣᠰᠢᠯᠠᠨ ᠡᠮᠨᠡᠬᠦ ᠵᠦᠭᠯᠡᠭᠦᠷ ᠪᠤᠯᠬᠤ ︽C S C O ᠬᠥᠬᠦᠨ ᠪᠤᠯᠴᠢᠷᠬᠠᠶ ᠶᠢᠨ ᠥᠮᠡᠨ ᠢ | ᠣᠨᠣᠰᠢᠯᠠᠨ ᠡᠮᠨᠡᠬᠦ ᠵᠦᠭᠯᠡᠭᠦᠷ︾ ᠢ ᠰᠢᠨᠡᠴᠢᠯᠡᠨ ᠨᠡᠶᠢᠲᠡᠯᠡᠵᠦ᠂ ᠳᠤᠮᠳᠠᠳᠤ ᠤᠯᠤᠰ ᠤᠨ ᠬᠠᠪᠤᠳᠠᠷ ᠤᠨ ᠡᠮᠴᠢᠯᠡᠭᠡᠨ ᠤ | ᠨᠡᠶᠢᠭᠡᠮᠯᠢᠭ ︵C S C O︶ ᠤᠨ ᠨᠠᠷᠢᠨ ᠪᠢᠴᠢᠭ ᠤᠨ ᠳᠠᠷᠤᠭ᠎ᠠ᠂ ᠳᠤᠮᠳᠠᠳᠤ ᠤᠯᠤᠰ ᠤᠨ ᠠᠷᠠᠳ ᠤᠨ | ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠲᠠᠪᠤᠳᠤᠭᠠᠷ ᠠᠨᠠᠭᠠᠬᠤ ᠤᠬᠠᠭᠠᠨ ᠤ ᠲᠥᠪ ᠤᠨ | ᠡᠮᠴᠢ ᠬᠡᠯᠡᠬᠦ ᠳᠡᠭᠡᠨ᠂ ᠰᠢᠨ᠎ᠡ ᠵᠦᠭᠯᠡᠭᠦᠷ ᠨᠢ ᠣᠨᠣᠰᠢᠯᠠᠨ ᠡᠮᠨᠡᠬᠦ ᠠᠨᠠᠭᠠᠬᠤ ᠤᠬᠠᠭᠠᠨ ᠤ ᠭᠡᠷᠡᠴᠢ ᠪᠠᠷᠢᠮᠲᠠ ᠳᠤ | ᠰᠠᠭᠤᠷᠢᠯᠠᠨ᠂ ᠣᠨᠣᠰᠢᠯᠠᠨ ᠡᠮᠨᠡᠬᠦ ᠦᠢᠯᠡᠳᠬᠦᠨ ᠤ ᠪᠣᠯᠤᠮᠵᠢᠲᠤ ᠴᠢᠨᠠᠷ ᠢ ᠬᠠᠮᠲᠤ ᠳᠤᠨᠢ ᠬᠠᠷᠠᠭᠠᠯᠵᠠᠵᠤ᠂ ᠮᠠᠨ ᠤ | ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠪᠠᠷ ᠡᠭᠦᠳᠦᠭᠰᠡᠨ ᠡᠮ ᠤᠨ ᠴᠢᠬᠤᠯᠠ ᠦᠷ᠎ᠡ ᠪᠦᠲᠦᠭᠡᠯ ᠲᠠᠢ | ᠭᠤᠤᠯᠳᠠᠯᠭ᠎ᠠ ᠲᠠᠢ ᠪᠠᠷ ᠤᠶᠠᠯᠳᠤᠭᠤᠯᠤᠨ᠂ ᠡᠯ᠎ᠡ ᠱᠠᠲᠤ ᠦᠶ᠎ᠡ᠂ ᠡᠯ᠎ᠡ ᠳᠡᠳ᠋ ᠬᠡᠯᠪᠡᠷᠢ ᠶᠢᠨ ᠬᠥᠬᠦᠨ | ᠪᠤᠯᠴᠢᠷᠬᠠᠶ ᠶᠢᠨ ᠥᠮᠡᠨ ᠤ ᠠᠭᠤᠯᠭ᠎ᠠ ᠶᠢ ᠴᠥᠮ ᠰᠢᠨᠡᠳᠬᠡᠭᠰᠡᠨ ᠪᠠᠶᠢᠨ᠎ᠠ ᠭᠡᠵᠡᠶ᠃ | ᠤᠶᠢᠷ᠎ᠠ ᠶᠢᠨ ᠵᠢᠯ ᠳᠤ᠂ ᠬᠥᠬᠦᠨ ᠪᠤᠯᠴᠢᠷᠬᠠᠶ ᠶᠢᠨ ᠥᠮᠡᠨ ᠢ ᠣᠨᠣᠰᠢᠯᠠᠨ ᠡᠮᠨᠡᠬᠦ | ᠣᠶᠢᠯᠠᠭᠠᠭᠳᠠᠬᠤᠨ ᠲᠠᠰᠤᠷᠠᠯᠲᠠ ᠥᠬᠡᠶ ᠬᠥᠭᠵᠢᠵᠦ᠂ ᠰᠦ ᠶᠢ ᠨᠢ ᠪᠠᠳᠤᠯᠠᠬᠤ ᠮᠡᠰᠡ ᠵᠠᠰᠠᠯ ᠤᠨ ᠡᠮᠴᠢᠯᠡᠭᠡᠨ ᠤ | ᠣᠶᠢᠯᠠᠭᠠᠭᠳᠠᠬᠤᠨ ᠨᠢ ᠡᠮᠴᠢ ᠪᠤᠯᠤᠨ ᠡᠪᠡᠳᠴᠢᠲᠡᠨ ᠳᠤ ᠠᠭᠠᠵᠢᠮ ᠢᠶᠠᠷ ᠮᠡᠳᠡᠷᠡᠭᠳᠡᠵᠦ᠂ ᠰᠦ ᠶᠢ ᠨᠢ ᠪᠠᠳᠤᠯᠠᠬᠤ | ᠮᠡᠰᠡ ᠵᠠᠰᠠᠯ ᠬᠢᠬᠦ ᠬᠠᠷᠢᠴᠠᠯ ᠨᠢ ᠴᠦ ᠲᠠᠰᠤᠷᠠᠯᠲᠠ ᠥᠬᠡᠶ ᠳᠡᠭᠡᠭᠰᠢᠯᠡᠵᠦ ᠪᠠᠢᠨ᠎ᠠ᠃ 1999 ᠣᠨ ᠠᠴᠠ 2008 | ᠣᠨ ᠪᠣᠯᠲᠠᠯ᠎ᠠ ᠪᠦᠬᠦ ᠤᠯᠤᠰ ᠤᠨ 7 ᠡᠮᠨᠡᠯᠭᠡ ᠶᠢᠨ ᠬᠤᠷᠢᠶᠠᠨ ᠳᠤ ᠬᠥᠬᠦᠨ ᠪᠤᠯᠴᠢᠷᠬᠠᠶ ᠶᠢᠨ ᠥᠮᠡᠨ ᠢᠶᠠᠷ | ᠡᠮᠨᠡᠯᠭᠡ ᠳᠤ ᠰᠠᠭᠤᠭᠰᠠᠨ 45200 ᠡᠪᠡᠳᠴᠢᠳᠡᠨ ᠤ ᠵᠢᠱᠢᠶ᠎ᠡ ᠠᠴᠠ ᠦᠵᠡᠪᠡᠯ᠂ ᠰᠦ ᠶᠢ ᠨᠢ ᠪᠠᠲᠤᠯᠠᠬᠤ ᠨᠣᠷᠮ᠎ᠠ | 1 . 53 % ᠪᠠᠶᠢᠭᠰᠠᠨ ᠠᠴᠠ ᠪᠠᠨ 11.88 % ᠪᠣᠯᠤᠨ ᠳᠡᠭᠡᠭᠰᠢᠯᠡᠵᠦ᠂ ᠬᠦᠬᠦ ᠶᠢ ᠠᠪᠴᠤ ᠬᠠᠶᠠᠬᠤ ᠮᠠᠰᠠ | ᠵᠠᠰᠠᠯ 98 .46 % ᠪᠠᠶᠢᠭᠰᠠᠨ ᠠᠴᠠ ᠪᠠᠨ 86.36 % ᠪᠣᠯᠤᠨ ᠳᠣᠷᠣᠭᠰᠢᠯᠠᠵᠠᠶ᠃ ᠡᠮᠴᠢ ᠨᠠᠷ ᠤᠨ ᠭᠡᠯᠡᠬᠦ ᠪᠠᠷ | ᠂ ᠬᠥᠬᠦ ᠪᠠᠨ ᠦᠯᠡᠳᠡᠭᠡᠬᠦ ᠪᠣᠯ ᠡᠮᠡᠭᠲᠡᠶ ᠡᠪᠡᠳᠴᠢᠲᠡᠨ ᠨᠢᠭᠡᠪᠦᠷᠢ ᠶᠢᠨ ᠡᠷᠬᠡ ᠮᠥᠨ᠂ ᠡᠮᠨᠡᠨ ᠵᠠᠰᠠᠬᠤ ᠠᠷᠭ᠎ᠠ | ᠮᠠᠶ᠋ᠢᠭ ᠢ ᠰᠣᠩᠭᠤᠬᠤ ᠳᠠᠭᠠᠨ ᠡᠪᠡᠳᠴᠢᠲᠡᠨ ᠤ ᠣᠷᠣᠰᠢᠨ ᠠᠮᠢᠳᠤᠷᠠᠬᠤ ᠨᠣᠷᠮ᠎ᠠ ᠪᠠ ᠣᠷᠣᠰᠢᠨ ᠠᠮᠢᠳᠤᠷᠠᠬᠤ ᠶᠠᠰᠤ | ᠴᠢᠨᠠᠷ ᠢ ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠶ ᠶᠤᠮ ᠬᠡᠪᠡ᠃ |