ᠰᠡᠯᠡᠬᠦᠴᠡᠨ ᠠᠯᠬᠤᠬᠤ ᠨᠢ ᠡᠯᠢᠭᠡᠨ ᠤ ᠡᠷᠡᠭᠦᠯ ᠮᠡᠨᠳᠦ ᠳᠤ ᠬᠠᠮᠤᠬ ᠲᠤᠬᠢᠷᠠᠮᠵᠢᠳᠠᠢ ᠬᠦᠳᠡᠯᠭᠡᠭᠡᠨ ᠮᠦᠨ
ᠨᠡᠶᠢᠲᠡᠯᠡᠭᠰᠡᠨ ᠴᠠᠭ᠄
2019/5/31
               ᠰᠡᠯᠡᠭᠦᠴᠡᠨ ᠠᠯᠬᠤᠬᠤ ᠨᠢ ᠬᠦᠮᠦᠨ ᠤ ᠰᠡᠳᠭᠢᠯ ᠢᠶᠠᠨ ᠠᠮᠠᠷᠠᠭᠤᠯᠬᠤ ᠬᠦᠳᠡᠯᠭᠡᠭᠡᠨ ᠤ  ᠲᠦᠷᠦᠯ ᠳᠤ ᠳᠤᠭᠠᠴᠠᠬᠳᠠᠨ᠎ᠠ᠃ ᠰᠡᠯᠡᠭᠦᠴᠡᠨ ᠠᠯᠬᠤᠬᠤ ᠳᠤ ᠬᠦᠮᠦᠨ ᠤ ᠶᠡᠭᠡ ᠳᠠᠷᠢᠬᠢᠨ ᠤ ᠪᠤᠷᠤ ᠳᠠᠪᠬᠤᠷᠭ᠎ᠠ ᠶᠢᠨ  ᠬᠦᠭᠡᠷᠦᠯᠳᠡ ᠳᠠᠷᠤᠯᠳᠠ ᠶᠢ ᠨᠠᠮᠳᠠᠭᠤᠯᠤᠨ᠂ ᠵᠤᠬᠢᠴᠠᠭᠤᠯᠭ᠎ᠠ ᠶᠢ ᠰᠠᠶᠢᠵᠢᠷᠠᠭᠤᠯᠤᠨ᠂ ᠰᠡᠳᠭᠢᠯ ᠤᠨ ᠬᠦᠳᠡᠯᠭᠡᠭᠡᠨ ᠢ  ᠨᠠᠮᠵᠢᠭᠤᠯᠵᠤ᠂ ᠳᠤᠳᠤᠷ᠎ᠠ ᠠᠭᠤᠵᠢᠷᠠᠭᠤᠯᠤᠨ᠂ ᠶᠠᠳᠠᠷᠠᠯ ᠢ ᠳᠠᠶᠢᠯᠵᠤ᠂ ᠳᠡᠷᠢᠬᠢ ᠶᠢ ᠰᠡᠷᠭᠦᠭᠡᠬᠦ ᠦᠢᠯᠡᠳᠦᠯ ᠲᠠᠢ ᠪᠠᠶᠢᠳᠠᠭ ᠪᠤᠯᠬᠤᠷ ᠰᠡᠯᠡᠭᠦᠴᠡᠨ ᠠᠯᠬᠤᠵᠤ ᠴᠤᠭ ᠵᠢᠪᠬᠤᠭ᠎ᠠ ᠪᠠᠨ ᠰᠡᠯᠪᠢᠳᠡᠭ᠃                  ᠰᠡᠳᠭᠢᠯ ᠤᠨ ᠳᠠᠷᠤᠭᠠᠰᠤ ᠶᠢ ᠬᠦᠩᠭᠡᠷᠡᠬᠦᠯᠵᠦ᠂ ᠰᠡᠳᠭᠢᠯ ᠤᠨ ᠳᠠᠶᠢᠪᠤᠩ ᠪᠠᠶᠢᠳᠠᠯ ᠢ ᠠᠯᠳᠠᠬᠳᠠᠭᠤᠯᠬᠤ ᠡᠯ᠎ᠠ ᠵᠦᠢᠯ ᠤᠨ ᠰᠡᠳᠡᠯᠳᠡ ᠶᠢ ᠠᠷᠢᠯᠭᠠᠪᠠᠯ᠂ ᠮᠦᠨ ᠡᠯᠢᠭᠡᠨ ᠤ ᠳᠠᠷᠤᠭᠠᠰᠤ ᠶᠢ ᠬᠦᠩᠭᠡᠷᠡᠭᠦᠯᠳᠡᠭ᠃ ᠵᠢᠷᠦᠭᠡ᠂ ᠡᠯᠢᠭᠡ᠂ ᠪᠦᠭᠡᠷ᠎ᠡ ᠳᠤᠷᠦ᠋ᠢᠳᠠᠭᠰᠠᠨ ᠬᠦᠮᠦᠨ ᠭᠦᠶᠦᠬᠦ᠂ ᠠᠭᠤᠯᠠ ᠠᠪᠠᠷᠢᠬᠤ ᠵᠡᠷᠭᠡ ᠨᠡᠯᠢᠶᠡᠳ ᠰᠢᠷᠦᠬᠦᠨ ᠳᠠᠮᠢᠷ ᠤᠨ ᠬᠦᠳᠡᠯᠭᠡᠭᠡᠨ ᠬᠢᠵᠦ ᠪᠤᠯᠬᠤ ᠦᠭᠡᠢ᠂ ᠡᠳᠡᠭᠡᠷ ᠳᠤᠷᠦ᠋ᠢᠳᠠᠭᠰᠠᠨ ᠡᠷᠭᠡᠳᠡᠨ ᠤ ᠳᠤᠰ ᠪᠡᠶ᠎ᠡ ᠶᠢᠨ ᠬᠢᠨᠢ  ᠬᠦᠴᠢᠯᠳᠦ᠋ᠷᠦᠭᠴᠢ ᠶᠢᠨ ᠬᠠᠩᠭᠠᠯᠭ᠎ᠠ ᠬᠦᠷᠦᠯᠴᠡᠭᠡ ᠮᠠᠭᠤᠳᠠᠢ ᠪᠠᠶᠢᠭ᠎ᠠ ᠪᠠᠶᠢᠳᠠᠯ ᠢ ᠨᠢ ᠬᠦᠨᠳᠦᠷᠡᠭᠦᠯᠳᠡᠭ᠃ ᠬᠠᠷᠢᠨ  ᠰᠡᠯᠡᠭᠦᠴᠡᠨ ᠠᠯᠬᠤᠬᠤ ᠪᠤᠯ ᠳᠡᠶᠢᠮᠦ ᠪᠢᠰᠢ᠂ ᠰᠡᠯᠡᠭᠦᠴᠡᠨ ᠠᠯᠬᠤᠬᠤ ᠳᠤ ᠬᠦᠯ ᠤᠨ ᠤᠯᠠ ᠳᠤ ᠦᠭᠬᠦ ᠳᠠᠷᠤᠯᠳᠠ ᠨᠢ ᠬᠦᠶᠦᠬᠦ ᠶᠢᠨ 1/3 ᠤᠷᠴᠢᠮ ᠯᠡ ᠪᠠᠶᠢᠵᠤ᠂ ᠬᠦᠮᠦᠨ ᠤ ᠪᠡᠶ᠎ᠡ ᠶᠢᠨ ᠰᠢᠨ᠎ᠡ ᠬᠠᠭᠤᠴᠢᠨ ᠤ ᠰᠤᠯᠢᠯᠴᠠᠭᠠᠨ ᠤ ᠠᠵᠢᠯᠯᠠᠭ᠎ᠠ ᠶᠢ ᠬᠡᠪ ᠤᠨ ᠪᠠᠶᠢᠯᠭᠠᠵᠤ᠂ ᠡᠯᠢᠭᠡᠨ ᠤ ᠳᠠᠷᠤᠭᠠᠰᠤ ᠶᠢ ᠴᠤ ᠬᠦᠨᠳᠦᠷᠡᠭᠦᠯᠳᠡᠭ ᠦᠭᠡᠢ᠂ ᠡᠯᠢᠭᠡ ᠶᠢ ᠲᠡᠳᠬᠦᠬᠦ ᠳᠤᠬᠢᠷᠠᠮᠵᠢᠳᠠᠢ ᠬᠦᠳᠡᠯᠭᠡᠭᠡᠨ ᠪᠤᠯᠤᠨ᠎ᠠ᠃ ᠡᠭᠦᠨ ᠠᠴᠠ ᠭᠠᠳᠠᠨ᠎ᠠ᠂ ᠰᠡᠯᠡᠭᠦᠴᠡᠨ ᠠᠯᠬᠤᠬᠤ ᠨᠢ ᠪᠠᠰᠠ ᠰᠢᠩᠭᠡᠭᠡᠯᠳᠡ ᠶᠢᠨ ᠰᠢᠰᠲ᠋ᠧᠮ᠂ ᠠᠮᠢᠰᠬᠤᠯ ᠤᠨ ᠰᠢᠰᠲ᠋ᠧᠮ ᠤᠨ ᠠᠵᠢᠯᠯᠠᠭ᠎ᠠ ᠶᠢ ᠰᠠᠶᠢᠵᠢᠷᠠᠭᠤᠯᠬᠤ᠂ ᠴᠢᠰᠦᠨ ᠤ ᠡᠷᠭᠢᠯᠳᠡ ᠶᠢ ᠰᠠᠶᠢᠵᠢᠷᠠᠭᠤᠯᠵᠤ ᠵᠢᠷᠦᠭᠡ ᠳᠠᠷᠢᠬᠢᠨ ᠰᠤᠳᠠᠯ ᠤᠨ ᠡᠪᠡᠳᠴᠢᠨ ᠢ ᠰᠡᠷᠭᠡᠶᠢᠯᠡᠬᠦ ᠳᠤ ᠳᠤᠰᠠᠳᠠᠢ ᠪᠠᠶᠢᠳᠠᠭ᠃  
 
ᠢᠷᠡᠯᠲᠡ᠄ ᠤᠯᠠᠭᠠᠨᠬᠠᠲᠠ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号