| ᠠᠮᠤ ᠪᠤᠳᠠᠭᠠᠨ ᠤ ᠦᠢᠯᠡᠳᠪᠦᠷᠢᠯᠡᠯ ᠤᠨ ᠲᠤᠭ᠎ᠠ ᠪᠦᠷᠢᠳᠬᠡᠯ ᠤᠨ ᠬᠢᠨᠠᠨ ᠬᠡᠮᠵᠢᠵᠦ ᠪᠠᠶᠢᠴᠠᠭᠠᠬᠤ ᠠᠵᠢᠯ ᠢ ᠤᠯᠠᠮ | ᠨᠢᠭᠡ ᠠᠯᠬᠤᠮ ᠵᠢᠷᠤᠮᠵᠢᠭᠤᠯᠵᠤ᠂ ᠪᠠᠶᠢᠴᠠᠭᠠᠬᠰᠠᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ | ᠲᠥᠯᠥᠭᠡ᠂ ᠨᠢᠩᠴᠧᠩ ᠰᠢᠶᠠᠨ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠠᠮᠤ ᠪᠤᠳᠠᠭᠠᠨ ᠤ ᠬᠢᠨᠠᠨ | ᠬᠡᠮᠵᠢᠵᠦ ᠪᠠᠢᠴᠠᠭᠠᠬᠤ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠪᠡ᠃ | ᠨᠢᠭᠡ ᠳᠤ ᠦᠵᠡᠯ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠴᠤᠪᠤᠷᠠᠯ ᠢ ᠵᠢᠷᠤᠮᠵᠢᠭᠤᠯᠪᠠ᠃ ᠠᠮᠤ | ᠪᠤᠳᠠᠭ᠎ᠠ ᠶᠢ ᠬᠢᠨᠠᠨ ᠬᠡᠮᠵᠢᠵᠦ ᠪᠠᠶᠢᠴᠠᠭᠠᠬᠤ ᠠᠵᠢᠯᠲᠠᠨ ᠤ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠷᠠᠭᠤᠯᠵᠤ᠂ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠦᠷᠢᠮ ᠢ ᠴᠢᠩᠭ᠎ᠠ ᠵᠢᠷᠤᠮᠯᠠᠨ ᠪᠠᠶᠢᠴᠠᠭᠠᠯᠲᠠ ᠬᠢᠵᠦ | ᠂ ᠠᠵᠢᠯ ᠤᠨ ᠶᠠᠪᠤᠴᠠ ᠶᠢ ᠵᠢᠷᠤᠮᠵᠢᠭᠤᠯᠤᠨ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ᠂ ᠬᠠᠤᠯᠢ ᠶᠣᠰᠣᠭᠠᠷ | ᠲᠤᠭ᠎ᠠ ᠮᠡᠳᠡᠭᠦᠯᠬᠦ ᠶᠢ ᠦᠨᠡᠨ ᠬᠦ ᠪᠠᠲᠤᠯᠠᠵᠦ ᠪᠤᠢ᠃ ᠡᠭᠦᠨ ᠤ ᠬᠠᠮᠲᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠪᠠ | ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠤᠭ᠎ᠠ ᠪᠦᠷᠢᠳᠬᠡᠯ ᠢ ᠬᠤᠳᠠᠯ ᠬᠠᠭᠤᠷᠮᠠᠭ ᠢᠶᠠᠷ | ᠵᠣᠬᠢᠶᠠᠬᠤ ᠦᠢᠯᠡ ᠠᠵᠢᠯᠯᠠᠭ᠎ᠠ ᠶᠢ ᠰᠡᠷᠭᠡᠶᠢᠯᠡᠬᠦ ᠪᠠ ᠵᠠᠯᠬᠠᠭᠠᠨ ᠰᠢᠳᠭᠡᠪᠡ᠃ | ᠬᠤᠶᠠᠷ ᠲᠤ ᠰᠠᠭᠤᠷᠢ ᠶᠢ ᠪᠠᠬᠢᠵᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠠᠮᠤ | ᠪᠤᠳᠠᠭᠠᠨ ᠤ ᠦᠢᠯᠡᠳᠪᠦᠷᠢᠯᠡᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠦᠯᠢᠭᠡᠷ ᠶᠠᠩᠵᠤ ᠶᠢᠨ ᠣᠷᠣᠨ ᠳᠠᠬᠢ ᠲᠠᠷᠢᠮᠠᠯ ᠤᠨ ᠪᠠᠶᠢᠳᠠᠯ ᠢ ᠪᠣᠳᠠᠲᠠᠶ ᠭᠠᠵᠠᠷ ᠲᠤᠨᠢ ᠬᠦᠷᠴᠦ ᠣᠶᠢᠯᠠᠭᠠᠵᠤ᠂ | ᠦᠯᠢᠭᠡᠷ ᠶᠠᠩᠵᠤ ᠶᠢᠨ ᠣᠷᠣᠨ ᠤ ᠲᠤᠭ᠎ᠠ ᠪᠠᠷᠢᠮᠲᠠ ᠶᠢ ᠬᠢᠨᠠᠨ ᠬᠠᠷᠭᠤᠭᠤᠯᠪᠠ᠃ ᠠᠮᠤ ᠪᠤᠳᠠᠭ᠎ᠠ ᠶᠢ ᠬᠢᠨᠠᠨ ᠬᠡᠮᠵᠢᠵᠦ | ᠪᠠᠶᠢᠴᠠᠭᠠᠬᠰᠠᠨ ᠡᠬᠡ ᠳᠠᠩᠰᠠ ᠶᠢ ᠪᠠᠢᠭᠤᠯᠤᠨ ᠪᠦᠷᠢᠨᠰᠢᠭᠦᠯᠵᠦ᠂ ᠦᠯᠢᠭᠡᠷ ᠶᠠᠩᠵᠤ ᠶᠢᠨ ᠣᠷᠣᠨ ᠤ ᠡᠬᠡ | ᠳᠠᠩᠰᠠ ᠶᠢᠨ ᠲᠠᠭᠯᠠᠨ ᠮᠡᠳᠡᠭᠦᠯᠬᠦ ᠶᠢ ᠵᠢᠷᠤᠮᠵᠢᠭᠤᠯᠤᠨ᠂ ᠬᠠᠮᠢᠶ᠎ᠠ ᠪᠦᠬᠦᠢ ᠭᠦᠢᠴᠡᠳᠬᠡᠬᠦ ᠲᠤᠭ᠎ᠠ ᠶᠢᠨ ᠵᠣᠬᠢᠴᠠᠬᠤ | ᠴᠢᠨᠠᠷ᠂ ᠵᠣᠬᠢᠴᠠᠩᠭᠤᠢ ᠴᠢᠨᠠᠷ ᠲᠤ ᠭᠤᠣᠯᠳᠠᠯᠭ᠎ᠠ ᠲᠠᠢ ᠬᠢᠨᠠᠨ ᠬᠠᠷᠭᠤᠭᠤᠯᠤᠯᠲᠠ ᠬᠢᠵᠦ᠂ ᠲᠤᠭ᠎ᠠ ᠪᠦᠷᠢᠳᠬᠡᠯ ᠤᠨ | ᠰᠠᠭᠤᠷᠢ ᠠᠵᠢᠯ ᠤᠨ ᠪᠦᠲᠦᠭᠡᠨ ᠪᠠᠢᠭᠤᠯᠤᠯᠲᠠ ᠪᠠ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠰᠦᠪᠡᠭᠴᠢᠯᠡᠨ ᠪᠠᠢᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ | ᠭᠤᠷᠪᠠ ᠳᠤ ᠦᠢᠯᠡᠴᠢᠯᠡᠭᠡᠨ ᠤ ᠰᠢᠢᠳᠪᠤᠷᠢᠲᠦ ᠪᠣᠳᠣᠯᠭ᠎ᠠ ᠶᠢ ᠲᠣᠭᠲᠠᠭᠠᠵᠤ᠂ ᠳ᠋ᠠᠶᠢᠲ᠋ᠠ ᠶᠢᠨ ᠵᠠᠳᠠᠯᠤᠯᠲᠠ ᠶᠢ | ᠰᠠᠶᠢᠲᠤᠷ ᠬᠢᠪᠡ᠃ ᠪᠦᠬᠦ ᠰᠢᠶᠠᠨ ᠤ ᠠᠮᠤ ᠪᠤᠳᠠᠭᠠᠨ ᠤ ᠬᠢᠨᠠᠨ ᠬᠡᠮᠵᠢᠯᠲᠡ ᠶᠢᠨ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢ ᠦᠨᠡᠯᠡᠨ ᠵᠢᠱᠢᠬᠦ᠂ ᠵᠠᠳᠠᠯᠬᠤ ᠪᠠ ᠠᠳᠠᠯᠢᠳᠬᠠᠬᠤ ᠠᠵᠢᠯ ᠢ ᠴᠢᠩᠭᠠᠳᠬᠠᠵᠤ᠂ ᠠᠮᠤ ᠪᠤᠳᠠᠭᠠᠨ ᠤ | ᠦᠢᠯᠡᠳᠪᠦᠷᠢᠯᠡᠯ ᠤᠨ ᠵᠢᠮ᠎ᠡ ᠶᠣᠰᠣ ᠪᠠ ᠣᠨᠴᠠᠯᠢᠭ ᠢ ᠴᠠᠭ ᠲᠤᠬᠠᠶ ᠳᠤᠨᠢ ᠳ᠋ᠦᠩᠨᠡᠵᠦ᠂ ᠠᠮᠤ ᠪᠤᠳᠠᠭᠠᠨ ᠤ | ᠦᠢᠯᠡᠳᠪᠦᠷᠢᠯᠡᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠦᠨ᠂ ᠤᠷᠢᠳᠴᠢᠯᠠᠨ ᠵᠢᠱᠢᠵᠦ | ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠪᠡ᠃ |