︽ᠲᠠᠷᠢᠶᠠᠴᠢᠨ ᠠᠶᠢᠯ ᠤᠨ ᠵᠢᠭᠤᠯᠴᠢᠯᠠᠯ︾ ᠨᠢ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019/5/9
    ᠤᠳᠤᠬᠠᠨ ᠳᠤ᠂ ᠨᠢᠩᠴᠧᠩ ᠰᠢᠶᠠᠨ ︽ᠲᠠᠷᠢᠶᠠᠴᠢᠨ ᠠᠶᠢᠯ ᠤᠨ ᠵᠢᠭᠤᠯᠴᠢᠯᠠᠯ︾ ᠤᠨ ᠬᠦᠯᠢᠶᠡᠨ ᠠᠪᠬᠤ ᠡᠷᠦᠬᠡ ᠶᠢ 135 ᠡᠷᠤᠭᠡ ᠬᠥᠭᠵᠢᠭᠦᠯᠵᠦ᠂ ᠡᠭᠦᠨ ᠳᠤ ᠪᠥᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ 1 ᠡᠷᠤᠭᠡ᠂ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠲᠤ ᠳᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ 1ᠡᠷᠤᠭᠡ᠂ ᠳᠥᠷᠪᠡᠨ ᠣᠳᠣᠲᠤ ᠳᠡᠰ ᠤᠨ 1 ᠡᠷᠤᠭᠡ᠂ ᠭᠤᠷᠪᠠᠨ ᠣᠳᠣᠲᠤ ᠤᠨ 3 ᠡᠷᠤᠭᠡ᠂ ᠥᠪᠡᠷᠲᠡᠭᠡᠨ ᠵᠠᠰᠠᠬᠤ ᠣᠷᠣᠨ ᠤ ᠰᠡᠯᠡᠭᠦᠴᠡᠯ ᠲᠠᠷᠢᠶᠠᠯᠠᠩ ᠮᠠᠯ ᠠᠵᠤ ᠠᠬᠤᠶ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ 3 ᠡᠷᠤᠭᠡ ᠪᠤᠢ᠃ ᠣᠳᠣᠬᠠᠨ ᠪᠣᠯᠲᠠᠯ᠎ᠠ᠂ ᠵᠤᠭᠠᠴᠠᠭᠰᠠᠳ ᠢ ᠨᠡᠶᠢᠲᠡ 35 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠶᠡᠷᠦᠩᠬᠡᠢ ᠣᠷᠣᠯᠭ᠎ᠠ ᠨᠢ 6000 ᠲᠦᠮᠡᠨ ᠲᠥᠭᠦᠷᠢᠭ ᠲᠤ ᠬᠦᠷᠴᠦ᠂ ︽ᠲᠠᠷᠢᠶᠠᠴᠢᠨ ᠠᠶᠢᠯ ᠤᠨ ᠵᠢᠭᠤᠯᠴᠢᠯᠠᠯ︾ ᠤᠨ ᠬᠦᠯᠢᠶᠡᠨ ᠠᠪᠤᠭᠰᠠᠨ ᠡᠷᠦᠬᠡ ᠳᠤᠮᠳᠠᠴᠢ ᠪᠠᠷ 6 . 5 ᠲᠦᠮᠡᠨ ᠲᠥᠭᠦᠷᠢᠭ ᠤᠷᠤᠯᠭ᠎ᠠ ᠨᠡᠮᠡᠭᠳᠡᠪᠡ᠃ ︽ᠲᠠᠷᠢᠶᠠᠴᠢᠨ ᠠᠶᠢᠯ ᠤᠨ ᠵᠢᠭᠤᠯᠴᠢᠯᠠᠯ︾ ᠢ ᠬᠥᠭᠵᠢᠭᠦᠯᠬᠦ ᠪᠠᠷ ᠳᠠᠮᠵᠢᠭᠤᠯᠤᠨ ᠦᠵᠡᠮᠵᠢ ᠶᠢᠨ ᠣᠷᠣᠨ ᠤ ᠡᠷᠭᠢᠨ ᠲᠣᠭᠤᠷᠢᠨ ᠤ  8200 ᠭᠠᠷᠤᠶ ᠲᠠᠷᠢᠶᠠᠴᠢᠳ ᠢ ᠳᠠᠶᠢᠴᠢᠯᠠᠨ ᠠᠵᠢᠯ ᠣᠯᠭᠤᠵᠤ᠂ ᠬᠥᠮᠥᠨ ᠳᠤᠮᠳᠠᠴᠢ ᠶᠢᠨ ᠣᠷᠣᠯᠭ᠎ᠠ 3000 ᠲᠥᠭᠦᠷᠢᠭ ᠨᠡᠮᠡᠭᠳᠡᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号