ᠤᠨᠴᠠᠯᠠᠨ ᠬᠠᠷᠠᠭᠠᠯᠵᠠᠬᠤ ᠡᠲᠡᠭᠡᠳ ᠲᠤ ᠤᠷᠤᠨ ᠰᠠᠭᠤᠴᠠ ᠶᠢᠨ ᠬᠠᠷᠭᠠᠯᠵᠠᠯ ᠬᠦᠷᠲᠡᠭᠡᠬᠦ ᠠᠷᠭ᠎ᠠ
ᠨᠡᠶᠢᠲᠡᠯᠡᠭᠰᠡᠨ ᠴᠠᠭ᠄
2019/7/1
      ᠨᠢᠭᠡ᠂ ᠤᠨᠴᠠᠯᠠᠨ ᠬᠠᠷᠠᠭᠠᠯᠵᠠᠬᠤ ᠡᠲᠡᠭᠡᠳ ᠲᠤ ᠤᠷᠤᠨ ᠰᠠᠭᠤᠴᠠ ᠶᠢᠨ ᠬᠠᠷᠭᠠᠯᠵᠠᠯ ᠬᠦᠷᠲᠡᠭᠡᠬᠦ ᠠᠵᠢᠯ ᠢ  ᠵᠢᠷᠤᠮᠵᠢᠭᠤᠯᠬᠤ ᠶᠢᠨ ᠲᠦᠯᠦᠭᠡ ︽ᠴᠡᠷᠢᠭ ᠢ ᠠᠰᠠᠷᠠᠨ ᠬᠠᠷᠠᠭᠠᠯᠵᠠᠬᠤ ᠲᠦᠷᠢᠮ︾ ᠵᠡᠷᠭᠡ ᠬᠠᠤᠯᠢ ᠲᠦᠷᠢᠮ ᠤᠨ  ᠲᠤᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠤᠭᠲᠠᠭᠠᠪᠠ᠃       ᠬᠤᠶᠠᠷ᠂ ᠲᠤᠰ ᠠᠷᠭ᠎ᠠ ᠳᠤ ᠲᠤᠷᠠᠳᠴᠤ ᠪᠠᠶᠢᠭ᠎ᠠ ᠤᠨᠴᠠᠯᠠᠨ ᠬᠠᠷᠠᠭᠠᠯᠵᠠᠬᠤ ᠡᠲᠡᠭᠡᠳ ᠬᠡᠳᠡᠭ ᠨᠢ  ᠤᠯᠤᠰ ᠤᠨ ᠲᠤᠭᠲᠠᠮᠠᠯ ᠬᠤᠭᠤᠴᠠᠭᠠᠲᠤ ᠠᠰᠠᠷᠠᠮᠵᠢ ᠶᠢᠨ ᠨᠦᠭᠦᠪᠦᠷᠢ ᠶᠢ ᠬᠦᠷᠲᠡᠵᠤ ᠪᠠᠶᠢᠭ᠎ᠠ ᠨᠦᠭᠴᠢᠭᠰᠡᠨ  ᠪᠠᠭᠠᠲᠤᠷᠴᠤᠳ ᠤᠨ ᠭᠡᠷ ᠪᠦᠯᠢ᠂ ᠠᠯᠪᠠᠨ ᠶᠠᠪᠤᠳᠠᠯ ᠢᠶᠠᠷ ᠦᠷᠡᠭᠲᠡᠭᠰᠡᠨ ᠴᠡᠷᠢᠭ ᠤᠨ ᠭᠡᠷ ᠪᠦᠯᠢ᠂ ᠡᠪᠡᠳᠴᠢᠨ ᠢᠶᠠᠷ  ᠨᠠᠰᠤ ᠪᠠᠷᠠᠭᠰᠠᠨ ᠴᠡᠷᠢᠭ ᠤᠨ ᠭᠡᠷ ᠪᠦᠯᠢ᠂ ᠴᠡᠷᠢᠭ ᠤᠨ ᠠᠯᠪᠠᠨ ᠠᠴᠠ ᠪᠠᠭᠤᠭᠰᠠᠨ ᠵᠡᠮᠳᠡᠭ ᠴᠡᠷᠢᠭ᠂  ᠨᠤᠲᠤᠭ ᠲᠤ ᠪᠠᠨ ᠪᠠᠶᠢᠭ᠎ᠠ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ᠂ ᠨᠤᠲᠤᠭ ᠲᠤ ᠪᠠᠨ ᠪᠠᠶᠢᠭ᠎ᠠ ᠪᠠᠷᠠᠭᠤᠨ  ᠵᠠᠮ ᠤᠨ ᠴᠡᠷᠢᠭ ᠤᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ᠂ ᠤᠯᠠᠭᠠᠨ ᠴᠡᠷᠢᠭ ᠠᠴᠠ ᠪᠤᠲᠠᠷᠠᠵᠤ  ᠰᠠᠷᠨᠢᠭᠰᠠᠳ᠂ ᠨᠤᠲᠤᠭ ᠲᠤ ᠪᠠᠨ ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ᠂ ᠡᠪᠡᠳᠴᠢᠨ ᠢᠶᠠᠷ  ᠴᠡᠷᠢᠭ ᠠᠴᠠ ᠪᠠᠭᠤᠵᠤ ᠨᠤᠲᠤᠭ ᠲᠤ ᠪᠠᠨ ᠪᠤᠴᠠᠭᠰᠠᠳ᠂ ᠳᠠᠶᠢᠨ ᠳᠤ ᠤᠷᠤᠯᠴᠠᠭᠠᠳ ᠴᠡᠷᠢᠭ ᠠᠴᠠ ᠪᠠᠭᠤᠭᠰᠠᠳ᠂  ᠠᠲ᠋ᠤᠮ ᠤᠨ ᠲᠤᠷᠰᠢᠯᠲᠠ ᠳᠤ ᠣᠷᠣᠯᠴᠠᠭᠠᠳ ᠴᠡᠷᠢᠭ ᠠᠩᠭᠢ ᠠᠴᠠ ᠪᠠᠭᠤᠭᠰᠠᠳ ︵ᠦᠷᠡᠨ ᠤ ᠠᠭᠤᠷᠬᠠᠢ  ᠨᠡᠭᠡᠭᠡᠬᠦ ᠳᠤ ᠰᠢᠭᠤᠳ ᠣᠷᠣᠯᠴᠠᠭᠠᠳ ᠴᠡᠷᠢᠭ ᠠᠩᠭᠢ ᠠᠴᠠ ᠪᠠᠭᠤᠭᠰᠠᠳ ᠪᠠᠭᠲᠠᠨ᠎ᠠ︶᠂ ᠨᠦᠭᠴᠢᠭᠰᠡᠨ  ᠪᠠᠭᠠᠲᠤᠷ ᠤᠨ ᠨᠠᠰᠤ ᠠᠭᠰᠢᠷᠠᠭᠰᠠᠨ ᠦᠷ᠎ᠡ ᠬᠡᠤᠭᠡᠳ ︵ᠤᠯᠤᠰ ᠪᠠᠶᠢᠭᠤᠯᠤᠭᠳᠠᠬᠤ ᠠᠴᠠ ᠡᠮᠦᠨ᠎ᠡ ᠠᠳᠡᠭᠦᠦ ᠪᠠᠷ  ᠠᠯᠠᠭᠠᠳ ᠰᠡᠭᠦᠯᠡᠷ ᠨᠢ ᠴᠠᠭᠠᠳᠬᠠᠭᠳᠠᠭᠰᠠᠳ ᠤᠨ ᠦᠷ᠎ᠡ ᠬᠡᠤᠭᠡᠳ ᠪᠠᠭᠲᠠᠨ᠎ᠠ︶ ᠬᠢᠭᠡᠳ ᠬᠦᠳᠡᠭᠡ ᠲᠤᠰᠬᠤᠨ  ᠮᠠᠯᠵᠢᠬᠤ ᠤᠷᠤᠨ ᠳᠤ ᠠᠮᠠᠨ ᠲᠤᠭ᠎ᠠ ᠲᠠᠢ ᠪᠦᠭᠦᠯᠢ 60 ᠨᠠᠰᠤᠨ ᠠᠴᠠ ᠳᠡᠭᠡᠭᠰᠢᠬᠢ ᠴᠡᠷᠢᠭ ᠠᠴᠠ ᠪᠠᠭᠤᠭᠰᠠᠳ  ᠵᠡᠷᠭᠡ ᠶᠢ ᠵᠢᠭᠠᠵᠤ ᠪᠤᠢ᠃      ᠭᠤᠷᠪᠠ᠂ ᠤᠨᠴᠠᠯᠠᠨ ᠬᠠᠷᠠᠭᠠᠯᠵᠠᠬᠤ ᠡᠲᠡᠭᠡᠳ ᠲᠤ ᠤᠷᠤᠨ ᠰᠠᠭᠤᠴᠠ ᠶᠢᠨ ᠬᠠᠷᠭᠠᠯᠵᠠᠯ ᠬᠦᠷᠲᠡᠭᠡᠬᠦ ᠳᠤ ᠪᠠᠨ  ᠤᠳᠤ ᠶᠢᠨ ᠬᠡᠷᠡᠭᠵᠢᠭᠦᠯᠵᠤ ᠪᠠᠶᠢᠭ᠎ᠠ ᠤᠷᠤᠨ ᠰᠠᠭᠤᠴᠠ ᠶᠢᠨ ᠪᠠᠲᠤᠯᠠᠪᠦᠷᠢ ᠶᠢᠨ ᠲᠦᠷᠢᠮ ᠳᠤ ᠲᠦᠰᠢᠭᠯᠡᠵᠤ᠂  ᠵᠠᠰᠠᠭ ᠤᠨ ᠤᠷᠳᠤᠨ ᠭᠤᠤᠯᠯᠠᠨ ᠵᠢᠯᠤᠭᠤᠳᠤᠨ᠂ ᠲᠦᠷᠦ ᠶᠢᠨ ᠪᠤᠳᠤᠯᠭ᠎ᠠ ᠪᠠᠷ ᠳᠡᠳᠭᠦᠬᠦ᠂ ᠨᠡᠶᠢᠬᠡᠮ ᠨᠡᠶᠢᠲᠡ ᠶᠢᠨ  ᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠭᠠᠵᠠᠷ ᠤᠷᠤᠨ ᠳᠤ ᠨᠢ ᠬᠠᠷᠢᠶᠠᠯᠠᠭᠤᠯᠤᠨ ᠬᠠᠮᠢᠶᠠᠷᠬᠤ ᠪᠠ  ᠲᠤᠰ ᠭᠠᠵᠠᠷ ᠤᠨ ᠢᠶᠠᠨ ᠪᠤᠳᠠᠲᠠᠢ ᠠᠴᠠ ᠡᠭᠦᠰᠬᠦ ᠶᠢ ᠪᠠᠷᠢᠮᠲᠠᠯᠠᠬᠤ ᠬᠡᠷᠡᠭᠲᠡᠢ᠃ ᠲᠦᠷᠪᠠ᠂ ᠤᠨᠴᠠᠯᠠᠨ ᠬᠠᠷᠠᠭᠠᠯᠵᠠᠬᠤ ᠡᠲᠡᠭᠡᠳ ᠤᠷᠤᠨ ᠰᠠᠭᠤᠴᠠ ᠶᠢᠨ ᠪᠠᠲᠤᠯᠠᠪᠤᠷᠢ ᠶᠢ ᠭᠤᠶᠤᠴᠢᠯᠠᠬᠤ ᠳᠤ᠂  ᠲᠡᠭᠦᠨ ᠤ ᠬᠠᠤᠯᠢ ᠶᠤᠰᠤᠭᠠᠷ ᠬᠦᠷᠲᠡᠵᠤ ᠪᠠᠶᠢᠭ᠎ᠠ ᠠᠰᠠᠷᠠᠮᠵᠢ ᠶᠢᠨ ᠮᠦᠩᠭᠦ᠂ ᠨᠦᠭᠦᠪᠦᠷᠢ ᠶᠢᠨ ᠮᠦᠩᠭᠦ᠂  ᠬᠠᠷᠠᠭᠠᠯᠵᠠᠯ ᠤᠨ ᠮᠦᠩᠭᠦ ᠪᠤᠯᠤᠨ ᠰᠤᠪᠢᠯᠠᠯᠲᠠ ᠶᠢᠨ ᠮᠦᠩᠭᠦ ᠵᠡᠷᠭᠡ ᠬᠦᠷᠲᠡᠭᠡᠮᠵᠢ ᠶᠢᠨ ᠭᠤᠶᠤᠴᠢᠯᠠᠭ᠎ᠠ ᠶᠢ ᠬᠢᠨᠠᠨ  ᠵᠦᠪᠰᠢᠶᠡᠷᠡᠬᠦ ᠭᠡᠷ ᠪᠦᠯᠢ ᠶᠢᠨ ᠤᠷᠤᠯᠭ᠎ᠠ ᠳᠤ ᠨᠢ ᠤᠷᠤᠭᠤᠯᠬᠤ ᠦᠭᠡᠢ᠃      ᠲᠠᠪᠤ᠂ ᠤᠨᠴᠠᠯᠠᠨ ᠬᠠᠷᠠᠭᠠᠯᠵᠠᠬᠤ ᠡᠲᠡᠭᠡᠳ ᠬᠢᠮᠳᠠ ᠲᠤᠬᠢᠯᠢᠭ ᠤᠷᠤᠨ ᠰᠠᠭᠤᠴᠠ᠂ ᠤᠯᠠᠨ ᠨᠡᠶᠢᠲᠡ ᠶᠢᠨ  ᠲᠦᠷᠢᠶᠡᠰᠦᠨ ᠭᠡᠷ᠂ ᠤᠷᠤᠨ ᠰᠠᠭᠤᠴᠠ ᠲᠦᠷᠢᠶᠡᠰᠦᠯᠡᠬᠦ ᠨᠦᠭᠦᠪᠦᠷᠢ ᠪᠤᠶᠤ ᠬᠦᠳᠡᠭᠡ ᠲᠤᠰᠬᠤᠨ ᠤ ᠨᠤᠷᠠᠬᠤ  ᠠᠶᠤᠯᠲᠠᠢ ᠭᠡᠷ ᠤᠷᠤᠨ ᠢ ᠵᠠᠰᠠᠨ ᠰᠢᠨᠡᠳᠭᠡᠬᠦ ᠶᠢ ᠭᠤᠶᠤᠴᠢᠯᠠᠪᠠᠯ᠂ ᠠᠳᠠᠯᠢ ᠨᠦᠭᠦᠴᠡᠯ ᠲᠤᠤᠷ᠎ᠠ ᠤᠷᠢᠳᠠᠪᠡᠷ  ᠲᠤᠬᠢᠷᠠᠭᠤᠯᠤᠨ᠎ᠠ᠃      ᠵᠢᠷᠭᠤᠭ᠎ᠠ᠂ ᠤᠨᠴᠠᠯᠠᠨ ᠬᠠᠷᠠᠭᠠᠯᠵᠠᠬᠤ ᠡᠲᠡᠭᠡᠳ ᠬᠠᠮᠢᠶ᠎ᠠ ᠪᠦᠭᠦᠢ ᠨᠦᠭᠦᠴᠡᠯ ᠳᠤ ᠨᠡᠶᠢᠴᠠᠵᠤ ᠪᠠᠶᠢᠭ᠎ᠠ ᠶᠢ ᠨᠢ  ᠭᠠᠮᠰᠢᠭ ᠤᠨ ᠳᠠᠷᠠᠭ᠎ᠠ ᠰᠡᠷᠭᠦᠭᠡᠨ ᠪᠠᠶᠢᠭᠤᠯᠬᠤ᠂ ᠤᠷᠤᠨ ᠰᠠᠭᠤᠴᠠ ᠶᠢᠨ ᠲᠤᠭᠤᠷᠢᠭ ᠢ ᠲᠦᠪᠯᠡᠷᠡᠭᠦᠯᠬᠦ ᠪᠦᠲᠦᠭᠡᠨ  ᠪᠠᠶᠢᠭᠤᠯᠤᠯᠲᠠ ᠵᠡᠷᠭᠡ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠤ ᠤᠷᠢᠳ ᠢᠶᠠᠷ ᠤᠷᠤᠭᠤᠯᠵᠤ ᠪᠤᠯᠤᠨ᠎ᠠ᠃      ᠲᠤᠯᠤᠭ᠎ᠠ᠂ ᠤᠨᠴᠠᠯᠠᠨ ᠬᠠᠷᠠᠭᠠᠯᠵᠠᠬᠤ ᠡᠲᠡᠭᠡᠳ ᠭᠡᠷ ᠣᠷᠣᠨ ᠭᠠᠵᠠᠷ ᠬᠦᠷᠦᠩᠭᠡ ᠶᠢᠨ ᠦᠨᠡᠮᠯᠡᠯ ᠠᠪᠬᠤ  ᠦᠶ᠎ᠡ ᠳᠤ ᠳᠠᠩᠰᠠᠯᠠᠬᠤ ᠰᠦᠢᠳᠭᠡᠯ᠂ ᠦᠷᠲᠡᠭ ᠤᠨ ᠵᠠᠷᠤᠳᠠᠯ ᠬᠤᠷᠢᠶᠠᠬᠤ ᠦᠭᠡᠢ︔ ᠦᠪᠡᠷ ᠢᠶᠠᠨ ᠭᠡᠷ ᠪᠠᠷᠢᠪᠠᠯ᠂  ᠰᠠᠭᠤᠷᠢ ᠲᠦᠭᠦᠭᠡᠷᠦᠮᠵᠢ ᠶᠢᠨ ᠢᠵᠢ ᠪᠦᠷᠢᠳᠦᠭᠦᠯᠬᠦ ᠵᠠᠷᠤᠳᠠᠯ᠂ ᠭᠠᠵᠠᠷ ᠭᠠᠷᠭᠠᠨ ᠦᠭᠬᠦ ᠬᠡᠮᠵᠢᠯᠲᠡ ᠶᠢᠨ ᠵᠠᠷᠤᠳᠠᠯ  ᠵᠡᠷᠭᠡ ᠬᠠᠮᠢᠶ᠎ᠠ ᠪᠦᠭᠦᠢ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠭᠡᠯ ᠪᠠ ᠵᠠᠰᠠᠭ ᠤᠨ ᠤᠷᠳᠤᠨ ᠤ  ᠴᠢᠨᠠᠷᠲᠠᠢ ᠰᠠᠭᠤᠷᠢ ᠮᠦᠩᠭᠦ ᠲᠤᠰᠢᠶᠠᠬᠤ ᠶᠢ ᠬᠡᠯᠲᠦᠷᠢᠭᠦᠯᠦᠨ᠎ᠡ᠃      ᠨᠠᠢᠮᠠ᠂ ᠠᠰᠠᠷᠠᠨ ᠬᠠᠷᠠᠭᠠᠯᠵᠠᠬᠤ ᠨᠦᠭᠦᠴᠡᠯ ᠳᠤ ᠨᠡᠶᠢᠴᠡᠬᠦ ᠤᠨᠴᠠᠯᠠᠨ ᠬᠠᠷᠠᠭᠠᠯᠵᠠᠬᠤ ᠡᠲᠡᠭᠡᠳ ᠢ  ᠲᠤᠬᠠᠢ ᠶᠢᠨ ᠭᠠᠵᠠᠷ ᠤᠨ ᠢᠷᠠᠭᠤ ᠠᠯᠳᠠᠷᠲᠠᠨ ᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ ᠵᠡᠷᠭᠡ  ᠪᠠᠶᠢᠭᠤᠯᠤᠮᠵᠢ ᠳᠤ ᠤᠷᠢᠳ ᠢᠶᠠᠷ ᠲᠦᠪᠯᠡᠷᠡᠭᠦᠯᠦᠨ ᠠᠰᠠᠷᠠᠨ ᠬᠠᠷᠠᠭᠠᠯᠵᠠᠬᠤ ᠬᠡᠷᠡᠭᠲᠡᠢ᠃      ᠶᠢᠰᠦ᠂ ᠤᠨᠴᠠᠯᠠᠨ ᠬᠠᠷᠠᠭᠠᠯᠵᠠᠬᠤ ᠡᠲᠡᠭᠡᠳ ᠲᠤ ᠭᠡᠷ ᠪᠦᠯᠢ ᠪᠠᠷ ᠨᠢᠭᠡᠴᠢ ᠪᠤᠯᠭᠠᠨ ᠤᠷᠤᠨ ᠰᠠᠭᠤᠴᠠ ᠶᠢᠨ  ᠬᠠᠷᠠᠭᠠᠯᠵᠠᠯ ᠬᠦᠷᠲᠡᠭᠡᠬᠦ ᠪᠦᠭᠡᠳ ᠭᠡᠷ ᠪᠦᠯᠢ ᠶᠢ ᠡᠩ ᠤᠨ ᠪᠠᠶᠢᠳᠠᠯ ᠳᠤ ᠡᠷᠦᠭᠡ ᠠᠮᠠ ᠶᠢᠨ ᠳᠠᠩᠰᠠ ᠪᠠᠷ ᠨᠢ  ᠨᠤᠲᠠᠯᠠᠨ᠎ᠠ᠃ ᠨᠦᠭᠴᠢᠭᠰᠡᠨ ᠪᠠᠭᠠᠲᠤᠷ᠂ ᠠᠯᠪᠠᠨ ᠶᠠᠪᠣᠳᠠᠯ ᠢᠶᠠᠷ ᠦᠷᠡᠭᠲᠡᠭᠰᠡᠨ ᠴᠡᠷᠢᠭ᠂ ᠡᠪᠡᠳᠴᠢᠨ ᠢᠶᠠᠷ ᠨᠠᠰᠤ  ᠪᠠᠷᠠᠭᠰᠠᠨ ᠴᠡᠷᠢᠭ ᠤᠨ ᠭᠡᠷ ᠪᠦᠯᠢ ᠨᠢ ᠡᠷᠦᠭᠡ ᠬᠤᠪᠢᠶᠠᠭᠰᠠᠨ ᠪᠤᠯ᠂ ᠲᠡᠭᠦᠨ ᠤ ᠭᠡᠷᠬᠡᠢ ᠵᠢᠴᠢ ᠦᠷ᠎ᠡ ᠬᠡᠤᠭᠡᠳ ᠢ  ᠨᠢᠭᠡ ᠭᠡᠷ ᠪᠦᠯᠢ ᠪᠠᠷ ᠪᠤᠳᠤᠵᠤ᠂ ᠡᠴᠢᠭᠡ ᠡᠭᠡ ᠪᠤᠯᠤᠨ ᠨᠠᠰᠤᠨ ᠳᠤ ᠦᠯᠦ ᠬᠦᠷᠦᠭᠰᠡᠨ ᠳᠡᠭᠦᠦᠨᠡᠷ ᠢ ᠨᠢᠭᠡ ᠭᠡᠷ  ᠪᠦᠯᠢ ᠪᠠᠷ ᠪᠤᠳᠤᠨ᠎ᠠ᠂ ᠠᠮᠢᠳᠤ ᠰᠡᠷᠡᠭᠦᠨ ᠪᠠᠶᠢᠬᠤ ᠳᠤ ᠡᠴᠢᠭᠡ ᠡᠭᠡ ᠨᠢ ᠨᠢᠭᠡᠨᠲᠡ ᠤᠷᠤᠭ ᠰᠠᠯᠤᠭᠰᠠᠨ ᠪᠤᠯ ᠭᠡᠷ  ᠪᠦᠯᠢ ᠶᠢᠨ ᠬᠢᠨᠢ ᠪᠤᠳᠠᠲᠤ ᠪᠠᠶᠢᠳᠠᠯ ᠢᠶᠠᠷ ᠨᠢ ᠨᠣᠲᠠᠯᠠᠨ ᠳᠣᠭᠳᠠᠭᠠᠨ᠎ᠠ᠃      ᠠᠷᠪᠠ᠂ ᠡᠯ᠎ᠡ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ  ᠶᠠᠪᠤᠳᠠᠯ᠂ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ︵ᠤᠷᠤᠨ ᠰᠠᠭᠤᠴᠠ ᠶᠢᠨ  ᠪᠠᠲᠤᠯᠠᠪᠤᠷᠢ︶᠂ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠰᠠᠯᠠᠭ᠎ᠠ ᠮᠦᠴᠢᠷ ᠲᠤᠰ ᠠᠷᠭ᠎ᠠ ᠪᠤᠯᠤᠨ  ᠲᠤᠰ ᠭᠠᠵᠠᠷ ᠤᠨ ᠢᠶᠠᠨ ᠪᠤᠳᠠᠲᠠᠢ ᠪᠠᠶᠢᠳᠠᠯ ᠢ ᠦᠨᠳᠤᠰᠤᠯᠡᠨ ᠵᠣᠬᠢᠰᠳᠠᠢ ᠬᠡᠷᠡᠭᠵᠢᠭᠦᠯᠬᠦ ᠠᠷᠭ᠎ᠠ ᠢ ᠲᠤᠭᠲᠠᠭᠠᠵᠤ᠂ ᠤᠨᠴᠠᠯᠠᠨ ᠬᠠᠷᠠᠭᠠᠯᠵᠠᠬᠤ ᠡᠲᠡᠭᠡᠳ ᠤᠨ ᠤᠷᠤᠨ ᠰᠠᠭᠤᠴᠠ ᠶᠢᠨ ᠬᠠᠷᠠᠭᠠᠯᠵᠠᠯ ᠢ ᠦᠨᠡᠨᠬᠦ ᠨᠠᠶᠢᠲᠠᠪᠤᠷᠢᠵᠢᠭᠤᠯᠬᠤ  ᠬᠡᠷᠡᠭᠲᠡᠢ᠃      ᠠᠷᠪᠠᠨ ᠨᠢᠭᠡ᠂ ᠲᠤᠰ ᠠᠷᠭ᠎ᠠ ᠶᠢ ᠬᠡᠪᠯᠡᠨ ᠳᠠᠷᠬᠠᠭᠠᠭᠰᠠᠨ ᠡᠳᠦᠷ ᠠᠴᠠ ᠬᠡᠷᠡᠭᠵᠢᠭᠦᠯᠦᠨ᠎ᠡ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号