| ᠣᠶᠢᠷ᠎ᠠ ᠳᠤ᠂ ᠠᠮᠧᠷᠢᠺᠠ ᠶᠢᠨ ︽ᠰᠢᠨᠵᠢᠯᠡᠬᠦ ᠤᠬᠠᠭᠠᠨ ᠮᠡᠷᠭᠡᠵᠢᠯ ᠤᠨ ᠡᠳᠦᠷ ᠤᠨ ᠰᠣᠨᠢᠨ︾ ᠤ | ᠰᠦᠯᠵᠢᠶ᠎ᠡ ᠶᠢᠨ ᠨᠡᠶᠢᠲᠡᠯᠡᠭᠰᠡᠨ ᠮᠠᠷᠢᠯᠠᠨᠳ᠋ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠳᠡᠭᠡᠳᠦ ᠰᠤᠷᠭᠠᠭᠤᠯᠢ ᠶᠢᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠡᠷᠡᠭᠦᠯ ᠴᠢᠭᠢᠷᠠᠭ ᠨᠠᠰᠤᠲᠠᠨ ᠨᠢᠭᠡ | ᠤᠳᠠᠭ᠎ᠠ ᠪᠡᠶ᠎ᠡ ᠪᠠᠨ ᠪᠣᠯᠪᠠᠰᠤᠷᠠᠭᠤᠯᠪᠠᠯ᠂ ᠲᠡᠳᠡᠨ ᠤ ᠶᠡᠭᠡ ᠲᠠᠷᠢᠬᠢᠨ ᠤ ᠪᠤᠴᠠᠯᠲᠠ ᠶᠢᠨ ᠵᠠᠮ ᠳᠤᠮᠳᠠᠬᠢ ᠴᠡᠭᠡᠵᠢᠯᠡᠯ | ᠲᠠᠢ ᠬᠤᠯᠪᠣᠭᠳᠠᠬᠤ ᠢᠳᠡᠪᠬᠢ ᠴᠢᠨᠠᠷ ᠨᠢ ᠳᠠᠷᠤᠶ ᠨᠡᠮᠡᠭᠳᠡᠬᠦ ᠪᠣᠯᠤᠨ᠎ᠠ᠃ | ᠬᠥᠮᠦᠨ ᠤ ᠲᠠᠷᠢᠬᠢᠨ ᠳᠠᠬᠢ ᠳᠠᠷᠢᠬᠢᠨ ᠭᠦᠩᠭᠦᠷ ᠤᠨ ᠳᠠᠯᠠᠩ ᠨᠢ ᠴᠡᠭᠡᠵᠢᠯᠡᠬᠦᠢ ᠶᠢ ᠬᠠᠮᠢᠶᠠᠷᠤᠨ | ᠡᠵᠡᠮᠳᠡᠵᠦ᠂ ᠨᠠᠰᠤᠨ ᠤ ᠨᠡᠮᠡᠭᠳᠡᠬᠦ ᠶᠢ ᠳᠠᠭᠠᠯᠳᠤᠨ ᠬᠠᠲᠠᠩᠭᠢᠷᠠᠨ ᠠᠪᠴᠢᠳᠠᠭ ᠠᠴᠠ ᠠᠯᠽᠾᠢᠮᠧᠷ ᠡᠪᠡᠳᠴᠢᠨ ᠤ | ᠬᠠᠮᠤᠭ ᠤᠷᠢᠳ ᠢᠶᠠᠷ ᠳᠠᠭᠠᠷᠢᠳᠠᠭ ᠣᠷᠣᠨ ᠪᠣᠯᠬᠤ ᠶᠤᠮ᠃ ᠬᠥᠳᠡᠯᠭᠡᠭᠡᠨ ᠨᠢ ᠳᠠᠷᠢᠬᠢᠨ ᠭᠦᠩᠭᠦᠷ ᠤᠨ | ᠳᠠᠯᠠᠩ ᠤᠨ ᠡᠵᠡᠯᠡᠬᠦᠨ ᠢ ᠨᠡᠮᠡᠭᠳᠡᠭᠦᠯᠵᠦ᠂ ᠴᠡᠭᠡᠵᠢᠯᠡᠬᠦᠢ ᠶᠢ ᠬᠠᠮᠠᠭᠠᠯᠠᠵᠤ ᠴᠢᠳᠠᠨ᠎ᠠ ᠭᠡᠳᠡᠭ ᠢ ᠭᠡᠷᠡᠴᠢᠯᠡᠬᠦ ᠭᠡᠷᠡᠴᠢ | ᠪᠠᠷᠢᠮᠲᠠ ᠲᠠᠢ᠂ ᠮᠠᠷᠢᠯᠠᠨᠳ᠋ ᠶᠡᠭᠡ ᠰᠤᠷᠭᠠᠭᠤᠯᠢ ᠶᠢᠨ ᠰᠢᠨ᠎ᠡ ᠰᠤᠳᠤᠯᠤᠯ ᠨᠢ ᠬᠠᠷᠢᠨ ᠭᠠᠭᠴᠠ ᠤᠳᠠᠭᠠᠨ ᠤ | ᠬᠥᠳᠡᠯᠭᠡᠭᠡᠨ ᠨᠢ ᠴᠤ ᠵᠣᠬᠢᠬᠤ ᠦᠷ᠎ᠡ ᠪᠦᠲᠦᠮᠵᠢ ᠳᠤ ᠬᠦᠷᠴᠦ ᠴᠢᠳᠠᠨ᠎ᠠ ᠭᠡᠳᠡᠭ ᠢ ᠢᠯᠡᠷᠡᠭᠦᠯᠵᠡᠢ᠃ | ᠰᠤᠳᠤᠯᠭᠠᠨ ᠤ ᠪᠦᠯᠬᠦᠮ ᠨᠢ ᠴᠢᠳᠠᠮᠵᠢᠲᠤ ᠰᠣᠷᠢᠨᠵᠢᠨ ᠳᠠᠷᠪᠢᠯᠲᠠ ᠪᠠᠷ ᠳᠦᠷᠰᠦ ᠪᠦᠲᠦᠭᠡᠬᠦ ᠮᠡᠷᠭᠡᠵᠢᠯ | ᠢᠶᠠᠷ 55 ~ 85 ᠨᠠᠰᠤᠨ ᠤ ᠲᠤᠷᠰᠢᠯᠲᠠ ᠳᠤ ᠣᠷᠣᠯᠴᠠᠭᠰᠠᠨ 26 ᠬᠥᠮᠦᠨ ᠤ ᠶᠡᠭᠡ ᠲᠠᠷᠢᠬᠢᠨ ᠤ ᠢᠳᠡᠪᠬᠢ | ᠴᠢᠨᠠᠷ ᠢ ᠬᠡᠮᠵᠢᠵᠦ᠂ ᠲᠡᠳᠡ ᠨᠠᠷ ᠠᠯᠳᠠᠷᠲᠤ ᠪᠠ ᠨᠡᠷ᠎ᠡ ᠦᠭᠡᠢ ᠨᠡᠷ᠎ᠡ ᠶᠢ ᠢᠯᠭᠠᠨ ᠲᠠᠨᠢᠬᠤ ᠶᠢ ᠪᠠᠭᠲᠠᠭᠠᠭᠰᠠᠨ | ᠨᠢᠭᠡ ᠵᠦᠢᠯ ᠤᠨ ᠴᠡᠭᠡᠵᠢᠯᠡᠬᠦ ᠡᠭᠦᠷᠭᠡ ᠭᠦᠢᠴᠡᠳᠬᠡᠬᠦ ᠶᠢ ᠱᠠᠭᠠᠷᠳᠠᠵᠠᠶ᠃ ᠡᠨᠡ ᠬᠦ ᠴᠡᠭᠡᠵᠢᠯᠡᠬᠦ ᠴᠢᠳᠠᠪᠤᠷᠢ ᠶᠢᠨ | ᠰᠢᠯᠭᠠᠯᠲᠠ ᠨᠢ ᠨᠢᠭᠡ ᠤᠳᠠᠭᠠᠨ ᠤ ᠳᠤᠮᠳᠠ ᠵᠡᠷᠭᠡ ᠶᠢᠨ ᠬᠦᠴᠦᠯᠡᠴᠡ ᠲᠠᠢ ᠬᠥᠳᠡᠯᠭᠡᠭᠡᠨ ᠤ ᠳᠠᠷᠠᠭ᠎ᠠ 30 ᠮᠢᠨᠦ᠋ᠲ | ᠲᠤ ᠶᠠᠪᠤᠭᠳᠠᠵᠤ᠂ ᠬᠡᠰᠡᠭ ᠬᠤᠭᠤᠴᠠᠭ᠎ᠠ ᠠᠮᠠᠷᠠᠭᠰᠠᠨ ᠤ ᠳᠠᠷᠠᠭ᠎ᠠ ᠳᠠᠬᠢᠨ ᠶᠠᠪᠤᠭᠳᠠᠳᠠᠭ᠃ ᠦᠷ᠎ᠡ ᠳ᠋ᠦᠩ ᠠᠴᠠ | ᠦᠵᠡᠪᠡᠯ᠂ ᠨᠢᠭᠡ ᠤᠳᠠᠭᠠᠨ ᠤ ᠬᠥᠳᠡᠯᠭᠡᠭᠡᠨ ᠬᠢᠭᠰᠡᠨ ᠤ ᠳᠠᠷᠠᠭ᠎ᠠ᠂ ᠲᠤᠷᠰᠢᠯᠲᠠ ᠳᠤ ᠣᠷᠣᠯᠴᠠᠭᠴᠢ ᠶᠢᠨ ᠶᠡᠭᠡ | ᠲᠠᠷᠢᠬᠢᠨ ᠤ 4 ᠠᠷᠠᠰᠤᠨ ᠳᠠᠪᠬᠤᠷᠭ᠎ᠠ ᠶᠢᠨ ᠣᠷᠣᠨ (ᠮᠠᠩᠨᠠᠶ ᠶᠢᠨ ᠳᠤᠮᠳᠠ ᠲᠠᠯᠠᠩ᠂ ᠴᠢᠮᠠᠷᠬᠠᠶ ᠶᠢᠨ ᠳᠣᠣᠷ᠎ᠠ | ᠲᠠᠯᠠᠩ᠂ ᠴᠢᠮᠠᠷᠬᠠᠶ ᠶᠢᠨ ᠳᠤᠮᠳᠠ ᠲᠠᠯᠠᠩ ᠪᠠ ᠤᠷᠬᠢᠴᠠᠯᠢᠭ ᠳᠠᠯᠠᠩ) ᠤ ᠢᠳᠡᠪᠬᠢᠵᠢᠯᠲᠡ ᠶᠢᠨ ᠬᠡᠮᠵᠢᠶ᠎ᠡ ᠨᠢ | ᠢᠯᠡᠳᠲᠡ ᠨᠠᠩ ᠥᠨᠳᠥᠷ ᠪᠣᠯᠵᠤ᠂ ᠡᠭᠦᠨ ᠠᠴᠠ ᠭᠠᠳᠠᠨ᠎ᠠ᠂ ᠲᠡᠳᠡᠨ ᠤ ᠶᠡᠭᠡ ᠲᠠᠷᠢᠬᠢᠨ ᠤ ᠬᠤᠶᠠᠷ ᠲᠠᠯ᠎ᠠ ᠶᠢᠨ | ᠳᠠᠷᠢᠬᠢᠨ ᠭᠦᠩᠭᠦᠷ ᠤᠨ ᠳᠠᠯᠠᠩ ᠤᠨ ᠢᠳᠡᠪᠬᠢ ᠴᠢᠨᠠᠷ ᠨᠢ ᠴᠦ ᠨᠡᠮᠡᠭᠳᠡᠭᠰᠡᠨ ᠪᠠᠶᠢᠨ᠎ᠠ᠃ | ︽ᠤᠯᠠᠨ ᠤᠯᠤᠰ ᠤᠨ ᠮᠡᠳᠡᠷᠡᠯ ᠤᠨ ᠰᠡᠳᠬᠢᠴᠡ ᠵᠦᠢ ᠶᠢᠨ ᠨᠡᠶᠢᠭᠡᠮᠯᠢᠭ ᠤᠨ ᠰᠡᠳᠬᠦᠯ︾ ᠳᠡᠭᠡᠷ᠎ᠡ | ᠨᠡᠢᠲᠡᠯᠡᠭᠰᠡᠨ ᠡᠨᠡ ᠬᠦ ᠰᠤᠳᠤᠯᠭᠠᠨ ᠤ ᠦᠵᠡᠬᠦ ᠪᠠᠷ᠂ ᠭᠠᠭᠴᠠ ᠤᠳᠠᠭᠠᠨ ᠤ ᠪᠣᠯᠪᠠᠰᠤᠷᠠᠯ ᠨᠢ ᠴᠤ ᠲᠠᠨᠢᠨ ᠮᠡᠳᠡᠬᠦᠢ | ᠶᠢᠨ ᠮᠡᠳᠡᠷᠡᠯ ᠤᠨ ᠰᠦᠯᠵᠢᠶ᠎ᠡ ᠶᠢ ᠥᠷᠭᠡᠳᠬᠡᠵᠦ᠂ ᠲᠡᠭᠦᠨ ᠤ ᠪᠦᠷᠢᠨ ᠪᠦᠲᠦᠨ ᠴᠢᠨᠠᠷ ᠪᠠ ᠴᠢᠳᠠᠮᠵᠢ ᠶᠢ | ᠠᠬᠢᠭᠤᠯᠵᠤ᠂ ᠨᠠᠰᠤᠲᠠᠢᠴᠤᠳ ᠤᠨ ᠴᠡᠭᠡᠵᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ (ᠵᠤᠤ ᠫᠧᠩ ᠴᠧᠩ) | |