| 6 ᠰᠠᠷ᠎ᠠ ᠶᠢᠨ 6 ᠤ ᠡᠳᠦᠷ ᠪᠣᠯ ᠪᠦᠬᠦ ᠤᠯᠤᠰ ᠤᠨ ᠨᠢᠳᠦ ᠪᠠᠨ ᠬᠠᠶᠢᠷᠠᠯᠠᠬᠤ ᠡᠳᠦᠷ ᠪᠣᠯᠤᠨ᠎ᠠ᠃ | ᠴᠦᠩᠴᠢᠩ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠡᠮᠨᠡᠯᠭᠡ ᠶᠢᠨ | ᠬᠤᠷᠢᠶᠠᠨ ᠤ ᠨᠢᠳᠦᠨ ᠤ ᠰᠠᠯᠠᠭᠠᠨ ᠤ ᠡᠷᠬᠢᠯᠡᠭᠴᠢ ᠫᠢ ᠯᠢᠶᠡᠨ ᠬᠤᠩ ᠲᠠᠨᠢᠯᠴᠠᠭᠤᠯᠤᠨ ᠬᠡᠯᠡᠬᠦ ᠳᠡᠭᠡᠨ᠂ ᠤᠶᠢᠷ᠎ᠠ | ᠬᠠᠷᠠᠭ᠎ᠠ ᠲᠠᠢ ᠪᠤᠯᠬᠤ ᠨᠢ ᠵᠣᠬᠢᠬᠤ ᠭᠡᠷ ᠪᠦᠯᠢ ᠶᠢᠨ ᠤᠳᠤᠮᠰᠢᠯ ᠠᠴᠠ ᠪᠤᠯᠳᠠᠬ᠂ ᠭᠡᠪᠡᠴᠦ ᠵᠠᠮ ᠶᠠᠪᠤᠬᠤ ᠳᠠᠭᠠᠨ | ᠦᠷᠬᠦᠯᠵᠢ ᠨᠣᠮ ᠦᠵᠡᠬᠦ᠂ ᠬᠡᠪᠲᠡᠵᠦ ᠪᠠᠶᠢᠭᠠᠳ ᠨᠣᠮ ᠦᠵᠡᠬᠦ᠂ ᠭᠡᠷᠡᠯ ᠨᠢ ᠬᠡᠳᠦ ᠴᠢᠩᠭ᠎ᠠ ᠪᠤᠶᠤ ᠬᠡᠳᠦ ᠪᠦᠷᠦᠭ | ᠣᠷᠴᠢᠨ ᠲᠣᠭᠤᠷᠢᠨ ᠳᠤ ᠰᠤᠷᠤᠯᠴᠠᠬᠤ᠂ ᠣᠷᠳᠣ ᠬᠤᠭᠤᠴᠠᠭ᠎ᠠ ᠪᠠᠷ ᠡᠯᠧᠺᠲᠷᠤᠨ ᠳᠡᠯᠭᠡᠴᠡ ᠶᠢ ᠬᠠᠷᠠᠬᠤ | ᠵᠡᠷᠭᠡ ᠨᠢ ᠪᠠᠰᠠ ᠬᠡᠦᠬᠡᠳ ᠤᠨ ᠨᠢᠳᠦ ᠶᠢ ᠠᠮᠠᠷᠬᠠᠨ ᠶᠠᠳᠠᠷᠠᠭᠤᠯᠳᠠᠭ᠂ ᠦᠷᠭᠦᠯᠵᠢ ᠡᠶᠢᠮᠦ ᠪᠠᠶᠢᠳᠠᠯ ᠳᠤ ᠪᠠᠶᠢᠭᠠᠳ | ᠪᠠᠶᠢᠪᠠᠯ ᠤᠶᠢᠷ᠎ᠠ ᠬᠠᠷᠠᠭ᠎ᠠ ᠲᠠᠢ ᠪᠣᠯᠭᠠᠳᠠᠭ ᠬᠡᠪᠡ᠃ | ᠫᠢ ᠯᠢᠶᠠᠨ ᠬᠤᠩ᠂ ᠬᠡᠦᠬᠡᠳ ᠶᠠᠭᠤᠮ᠎ᠠ ᠬᠠᠷᠠᠬᠤ ᠳᠠᠭᠠᠨ ᠦᠷᠭᠦᠯᠵᠢ ᠨᠢᠳᠦ ᠪᠠᠨ ᠰᠦᠮᠡᠶᠢᠬᠦ᠂ | ᠪᠠᠶᠢᠨ ᠲᠠᠬᠢᠨ ᠨᠢᠳᠦ ᠪᠠᠨ ᠴᠠᠪᠴᠢᠬᠤ᠂ ᠦᠷᠬᠦᠯᠵᠢ ᠨᠢᠳᠦ ᠪᠠᠨ ᠨᠤᠬᠤᠯᠠᠬᠤ᠂ ᠬᠢᠯᠠᠷ ᠬᠠᠷᠠᠬᠤ ᠵᠡᠷᠭᠡ ᠪᠠᠶᠢᠳᠠᠯ | ᠭᠠᠷᠬᠤ ᠶᠢ ᠭᠡᠷ ᠤᠨ ᠠᠬᠠᠮᠠᠳ ᠨᠢ ᠣᠯᠵᠤ ᠮᠡᠳᠡᠪᠡᠯ᠂ ᠬᠡᠦᠬᠡᠳ ᠤᠨ ᠨᠢᠳᠦ ᠨᠢ ᠤᠶᠢᠷ᠎ᠡ ᠬᠠᠷᠠᠭ᠎ᠠ ᠲᠠᠢ ᠪᠤᠯᠤᠬᠰᠠᠨ | ᠡᠰᠡᠬᠦ ᠶᠢ ᠰᠡᠷᠡᠮᠵᠢᠯᠡᠨ ᠪᠠᠶᠢᠴᠠᠭᠠᠯᠭᠠᠬᠤ ᠬᠡᠷᠡᠭᠲᠡᠶ ᠬᠡᠵᠦ ᠰᠠᠨᠠᠭᠤᠯᠵᠠᠢ᠃ | ᠬᠡᠦᠬᠡᠳ ᠤᠨ ᠬᠠᠷᠠᠭ᠎ᠠ ᠶᠢ ᠬᠡᠷᠬᠢᠨ ᠬᠠᠮᠠᠭᠠᠯᠠᠪᠠᠯ ᠵᠣᠬᠢᠬᠤ ᠪᠤᠢ︖ ᠫᠢ ᠯᠢᠶᠠᠨ ᠬᠤᠩ | ᠬᠡᠯᠡᠬᠦ ᠳᠡᠭᠡᠨ᠂ ᠡᠩ ᠲᠡᠷᠢᠬᠦᠨ ᠳᠤ ᠨᠢᠳᠦ ᠪᠠᠨ ᠠᠮᠠᠷᠠᠭᠤᠯᠤᠨ ᠬᠡᠷᠡᠭᠯᠡᠬᠦ ᠶᠢ ᠪᠠᠷᠢᠮᠲᠠᠯᠠᠬᠤ ᠬᠡᠷᠡᠭᠲᠡᠶ᠃ ᠵᠠᠯᠭᠠᠭ᠎ᠠ ᠪᠠᠷ | ᠨᠣᠮ ᠦᠵᠡᠵᠦ ᠥᠰᠥᠭ ᠪᠢᠴᠢᠬᠦ ᠪᠤᠶᠤ ᠲᠧᠯᠸᠢᠰ ᠦᠵᠡᠬᠦ ᠳᠡᠭᠡᠨ 30 — 40 ᠮᠢᠨᠦ᠋ᠲ ᠪᠤᠯᠪᠠᠯ 10 | — 15 ᠮᠢᠨᠦ᠋ᠲ ᠠᠮᠠᠷᠠᠭᠤᠯᠬᠤ ᠶᠢᠨ ᠬᠠᠮᠲᠤ ᠬᠤᠯᠠ ᠶᠢ ᠬᠠᠷᠠᠬᠤ ᠬᠡᠷᠡᠭᠲᠡᠶ᠃ ᠣᠳᠣ ᠨᠠᠩ ᠴᠤ ᠬᠡᠦᠬᠡᠳ ᠢ | ᠭᠠᠷ ᠤᠲᠠᠰᠤ᠂ ᠬᠠᠪᠲᠠᠭᠠᠶ ᠺᠣᠮᠫᠢᠦ᠋ᠲ᠋ᠧᠷ ᠵᠡᠷᠭᠡ ᠡᠯᠧᠺᠲᠷᠤᠨ ᠦᠢᠯᠡᠳᠬᠦᠨ ᠢ ᠲᠡᠩᠳᠡᠭᠦᠦ ᠶᠡᠭᠡ ᠬᠡᠷᠡᠭᠯᠡᠬᠦᠯᠬᠦ | ᠦᠭᠡᠢ ᠪᠠᠶᠢᠬᠤ ᠬᠡᠷᠡᠭᠲᠡᠶ᠃ ᠬᠡᠦᠬᠡᠳ ᠢ ᠲᠡᠭᠰᠢᠭᠡᠨ ᠰᠠᠭᠤᠯᠭᠠᠵᠤ᠂ ᠰᠤᠷᠤᠯᠴᠠᠬᠤ ᠶᠠᠪᠤᠴᠠ ᠳᠤᠨᠢ ᠨᠢᠳᠦ ᠪᠣᠯᠤᠨ | ᠨᠣᠮ ᠢ ᠨᠢ ᠨᠢᠭᠡ ᠲᠣᠬᠤᠢ ᠵᠠᠶ ᠲᠠᠢ ᠪᠠᠶᠢᠯᠭᠠᠵᠤ᠂ ᠴᠡᠭᠡᠵᠢᠨ ᠬᠡᠰᠡᠭ ᠪᠣᠯᠤᠨ ᠪᠢᠴᠢᠭ ᠤᠨ ᠰᠢᠷᠡᠭᠡ ᠶᠢ ᠨᠢ | ᠨᠢᠭᠡ ᠨᠢᠳᠤᠷᠭ᠎ᠠ ᠶᠢᠨ ᠵᠠᠶ ᠲᠠᠢ ᠪᠠᠶᠢᠯᠭᠠᠬᠤ ᠬᠡᠷᠡᠭᠲᠡᠶ᠃ | ︽ᠶᠡᠭᠡ ᠬᠡᠮᠵᠢᠶᠡᠨ ᠤ ᠰᠤᠳᠤᠯᠭᠠᠨ ᠠᠴᠠ ᠦᠵᠡᠪᠡᠯ᠂ ᠭᠡᠷ ᠤᠨ ᠭᠠᠳᠠᠨᠠᠬᠢ ᠬᠥᠳᠡᠯᠭᠡᠭᠡᠨ ᠨᠢ ᠤᠶᠢᠷ᠎ᠠ | ᠬᠠᠷᠠᠭ᠎ᠠ ᠡᠭᠦᠰᠴᠦ ᠬᠥᠭᠵᠢᠬᠦ ᠶᠢ ᠰᠡᠷᠭᠡᠶᠢᠯᠡᠬᠦ ᠳᠤ ᠠᠰᠢᠭᠲᠠᠶ︾ ᠭᠡᠵᠦ ᠫᠢ ᠯᠢᠶᠠᠨ ᠬᠤᠩ ᠬᠡᠯᠡᠭᠰᠡᠨ ᠢᠶᠠᠨ | ᠵᠠᠯᠭᠠᠭᠠᠳ ᠰᠤᠷᠤᠯᠭ᠎ᠠ ᠶᠢᠨ ᠴᠢᠯᠦᠭᠡᠨ ᠳᠤᠨᠢ ᠬᠡᠦᠬᠡᠳ ᠢ ᠵᠤᠷᠢᠬᠵᠢᠭᠤᠯᠤᠨ ᠭᠡᠷ ᠤᠨ ᠭᠠᠳᠠᠨᠠᠬᠢ ᠬᠥᠳᠡᠯᠭᠡᠭᠡᠨ ᠳᠤ | ᠣᠷᠣᠯᠴᠠᠭᠤᠯᠵᠤ᠂ ᠡᠳᠦᠷ ᠪᠦᠷᠢ ᠬᠤᠶᠠᠷ ᠴᠠᠭ ᠢᠯᠡᠭᠦᠦ ᠬᠥᠳᠡᠯᠭᠡᠭᠡᠨ ᠬᠢᠯᠭᠡᠬᠦ ᠬᠡᠷᠡᠭᠲᠡᠢ᠃ ᠡᠭᠦᠨ ᠠᠴᠠ | ᠭᠠᠳᠠᠨ᠎ᠠ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠠᠭ᠎ᠠ ᠶᠢ ᠨᠢ ᠪᠠᠶᠢᠴᠠᠭᠠᠯᠭᠠᠬᠤ ᠬᠡᠷᠡᠭᠲᠡᠶ᠂ ᠬᠠᠷᠠᠭ᠎ᠠ ᠨᠢ | ᠮᠠᠭᠤᠳᠠᠬᠰᠠᠨ ᠢ ᠤᠯᠵᠤ ᠮᠡᠳᠡᠪᠡᠯ ᠵᠢᠩᠬᠢᠨᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠬᠡᠷᠡᠭᠲᠡᠶ᠂ ᠵᠢᠩᠬᠢᠨᠢ | ᠪᠤᠰᠤ ᠵᠠᠷ ᠮᠡᠳᠡᠭᠡ ᠶᠢ ᠠᠮᠠᠷᠬᠠᠨ ᠢᠲᠡᠭᠡᠵᠦ ᠪᠣᠯᠬᠤ ᠦᠭᠡᠢ ᠬᠡᠵᠦ ᠬᠡᠯᠡᠪᠡ᠃ | |