ᠨᠢᠩᠴᠧᠩ ᠰᠢᠶᠠᠨ ᠵᠤᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2019/7/25
  ᠬᠠᠷᠢᠶ᠎ᠠ ᠣᠷᠣᠨ ᠤ ᠵᠠᠮ ᠬᠠᠷᠢᠯᠴᠠᠭᠠᠨ ᠤ ᠣᠷᠣᠯᠴᠠᠭᠰᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠵᠤ᠂ ᠵᠢᠯᠣᠭᠤᠴᠢ ᠶᠢᠨ ᠳᠦᠷᠢᠮ ᠢ ᠵᠢᠷᠤᠮᠯᠠᠨ ᠬᠠᠤᠯᠢ ᠶᠢ ᠰᠠᠬᠢᠬᠤ᠂ ᠪᠣᠯᠪᠠᠰᠤᠨ ᠢᠶᠠᠷ ᠶᠠᠪᠤᠵᠤ ᠰᠠᠭᠤᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠳᠠ᠂ ᠨᠢᠩᠴᠧᠩ ᠰᠢᠶᠠᠨ ᠵᠤᠨ ᠤ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃   ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠪᠣᠰᠬᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠤᠬᠠᠭᠤᠯᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠢ ᠭᠠᠳᠠᠭᠰᠢ ᠭᠠᠷᠬᠤ ᠳᠠᠭᠠᠨ ᠵᠠᠪᠠᠯ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠪᠤᠢ ᠪᠣᠯᠭᠠᠵᠤ᠂ ᠵᠠᠮ ᠬᠠᠷᠢᠯᠴᠠᠭᠠᠨ ᠤ ᠪᠣᠯᠪᠠᠰᠤᠨ ᠤ ᠠᠵᠢᠯᠯᠠᠭ᠎ᠠ ᠶᠢ ᠵᠢᠷᠤᠮᠯᠠᠬᠤ ᠶᠢᠨ ᠬᠠᠮᠲᠤ ᠵᠠᠮ ᠬᠠᠷᠢᠯᠴᠠᠭᠠᠨ ᠤ ᠨᠡᠶᠢᠲᠡᠯᠢᠭ ᠠᠳᠡᠯ ᠤᠨ ᠬᠡᠷᠡᠭ ᠤᠨ ᠵᠢᠱᠢᠶ᠎ᠡ ᠵᠢᠴᠢ ᠵᠠᠮ ᠬᠠᠷᠢᠯᠴᠠᠭᠠᠨ ᠤ ᠠᠳᠡᠯ ᠭᠠᠷᠤᠭᠰᠠᠨ ᠰᠢᠯᠲᠠᠭᠠᠨ ᠲᠠᠢ ᠤᠶᠠᠯᠳᠤᠭᠤᠯᠤᠨ᠂ ᠵᠠᠮ ᠬᠠᠷᠢᠯᠴᠠᠭᠠᠨ ᠤ ᠣᠷᠣᠯᠴᠠᠭᠰᠠᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯ᠎ᠠ ᠶᠢᠨ ᠨᠠᠩ ᠣᠯᠠᠨ ᠮᠡᠳᠡᠯᠭᠡ ᠶᠢ ᠤᠶᠢᠯᠠᠭᠠᠭᠠᠷᠠᠢ ᠭᠡᠵᠦ ᠤᠷᠢᠶᠠᠯᠠᠵᠠᠶ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠵᠠᠮ ᠲᠡᠭᠡᠭᠡᠪᠦᠷᠢ ᠶᠢᠨ ᠠᠵᠢᠯ ᠡᠷᠬᠢᠯᠡᠭᠰᠡᠳ ᠪᠠ ᠨᠡᠶᠢᠭᠡᠮ ᠤᠨ ᠣᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠢ ᠦᠨᠡᠨ ᠬᠦ ᠴᠢᠩᠭᠠᠷᠠᠭᠤᠯᠵᠠᠶ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号