ᠲᠠᠯ᠎ᠠ ᠨᠤᠳᠤᠭ ᠲᠡᠭᠡᠷ᠎ᠡ ᠮᠠᠰᠢᠨ ᠲᠡᠷᠭᠡ ᠵᠢᠯᠤᠭᠤᠳᠴᠤ ᠨᠤᠳᠤᠭ ᠪᠡᠯᠴᠢᠭᠡᠷ ᠢ ᠲᠠᠯᠬᠢᠭᠳᠠᠪᠠᠯ ᠬᠠᠤᠯᠢ ᠶᠢ  ᠵᠦᠷᠢᠴᠡᠭᠰᠡᠨ ᠳᠤ ᠲᠤᠭᠠᠴᠠᠭᠳᠠᠨ᠎ᠠ
ᠨᠡᠶᠢᠲᠡᠯᠡᠭᠰᠡᠨ ᠴᠠᠭ᠄
2019/7/8
         ᠮᠠᠨ ᠤ ᠤᠷᠤᠨ ᠦᠨᠳᠦᠰᠦᠨ ᠨᠤᠳᠤᠭ ᠪᠡᠯᠴᠢᠭᠡᠷ ᠤᠨ ᠬᠠᠮᠠᠭᠠᠯᠠᠯᠳᠠ᠂ ᠪᠦᠳᠦᠭᠡᠨ ᠪᠠᠶᠢᠭᠤᠯᠤᠯᠳᠠ ᠪᠠ  ᠬᠠᠮᠢᠶᠠᠷᠤᠯᠳᠠ ᠶᠢ ᠴᠢᠨᠠᠭᠰᠢᠳᠠ ᠠᠬᠢᠭᠤᠯᠬᠤ᠂ ᠲᠠᠯ᠎ᠠ ᠨᠤᠳᠤᠭ ᠤᠨ ᠠᠮᠢ ᠠᠬᠤᠢ ᠶᠢᠨ ᠠᠮᠤᠷ ᠲᠦᠪᠰᠢᠨ ᠢ  ᠬᠠᠮᠠᠭᠠᠯᠠᠨ᠂ ᠮᠠᠨ ᠤ ᠤᠷᠤᠨ ᠤ ᠮᠠᠯ ᠠᠵᠤ ᠠᠬᠤᠢ ᠪᠠ ᠠᠵᠤ ᠠᠬᠤᠢ ᠶᠢᠨ ᠨᠡᠶᠢᠭᠡᠮ ᠤᠨ ᠦᠷᠭᠦᠯᠵᠢᠯᠡᠨ ᠬᠦᠭᠵᠢᠬᠦ   ᠶᠢ ᠪᠠᠳᠣᠯᠠᠬᠤ ᠶᠢᠨ ᠲᠦᠯᠦᠭᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ  ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ  ᠨᠢᠭᠡᠳᠦᠭᠡᠷ ᠬᠤᠷᠠᠯ ᠲᠡᠭᠡᠷ᠎ᠡ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ  ᠪᠡᠯᠴᠢᠭᠡᠷ ᠢ ᠬᠠᠮᠠᠭᠠᠯᠠᠬᠤ ᠲᠦᠷᠢᠮ︾ ︵ᠲᠤᠷᠤᠭᠰᠢ ᠲᠦᠭᠦᠮᠴᠢᠯᠡᠭᠡᠳ ︽ᠲᠦᠷᠢᠮ︾ ᠭᠡᠨ᠎ᠡ︶ ᠳᠤ ᠵᠠᠰᠠᠪᠤᠷᠢ  ᠤᠷᠤᠭᠤᠯᠵᠠᠢ᠃      ᠰᠢᠨ᠎ᠡ ︽ᠲᠦᠷᠢᠮ︾ ᠤᠨ ᠲᠤᠳᠣᠷᠠᠬᠢ ᠠᠷᠪᠠᠨ ᠵᠢᠷᠭᠤᠳᠤᠭᠠᠷ ᠵᠦᠢᠯ ᠳᠤ  ᠵᠠᠰᠠᠪᠤᠷᠢ  ᠤᠷᠤᠭᠤᠯᠤᠭᠠᠳ᠄  ᠭᠠᠮᠰᠢᠭ ᠤᠨ ᠪᠠᠴᠢᠮ ᠠᠪᠤᠷᠠᠯᠳᠠ᠂ ᠮᠠᠯᠴᠢᠳ ᠤᠨ ᠨᠡᠭᠦᠳᠡᠯ ᠰᠢᠯᠵᠢᠯᠳᠡ ᠶᠢᠨ ᠮᠠᠰᠢᠨ ᠬᠦᠳᠡᠯᠭᠡᠭᠦᠷᠳᠦ ᠲᠡᠷᠭᠡ  ᠤᠨᠤᠭ᠎ᠠ ᠠᠴᠠ ᠪᠤᠰᠣᠳ ᠮᠠᠰᠢᠨ ᠬᠦᠳᠡᠯᠭᠡᠭᠦᠷᠳᠦ ᠲᠡᠷᠭᠡ ᠤᠨᠤᠭ᠎ᠠ ᠵᠠᠮ ᠱᠣᠭᠤᠮ ᠠᠴᠠ ᠵᠠᠶᠢᠳᠠᠵᠤ ᠦᠨᠳᠦᠰᠦᠨ  ᠨᠤᠳᠤᠭ ᠪᠡᠯᠴᠢᠭᠡᠷ ᠲᠡᠭᠡᠷ᠎ᠡ ᠠᠶᠠᠯᠠᠬᠤ ᠶᠢ ᠬᠤᠷᠢᠭᠯᠠᠨ᠎ᠠ︔ ᠭᠡᠷᠪᠡ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠳᠠ᠂  ᠰᠢᠨᠵᠢᠯᠡᠬᠦ ᠤᠬᠠᠭᠠᠨ ᠤ ᠰᠣᠳᠣᠯᠭᠠᠨ ᠤ ᠠᠵᠢᠯ ᠤᠨ ᠱᠠᠭᠠᠷᠳᠠᠯᠭ᠎ᠠ ᠠᠴᠠ ᠪᠤᠯᠵᠤ ᠵᠠᠮ ᠠᠴᠠ ᠵᠠᠶᠢᠳᠠᠵᠤ ᠲᠠᠯ᠎ᠠ  ᠨᠤᠳᠤᠭ ᠲᠡᠭᠡᠷ᠎ᠡ ᠠᠶᠠᠯᠠᠬᠤ ᠴᠢᠬᠤᠯᠠ ᠲᠠᠢ ᠪᠤᠯ᠂ ᠲᠤᠬᠠᠢ ᠶᠢᠨ ᠭᠠᠵᠠᠷ ᠤᠷᠤᠨ ᠤ ᠬᠤᠰᠢᠭᠤᠨ ︵ᠰᠢᠶᠠᠨ︶ ᠤ  ᠲᠡᠰ ᠤᠨ ᠠᠷᠠᠳ ᠤᠨ ᠵᠠᠰᠠᠭ ᠤᠨ ᠤᠷᠳᠤᠨ ᠤ ᠲᠠᠯ᠎ᠠ ᠨᠤᠳᠤᠭ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠴᠤ  ᠪᠠᠶᠢᠭ᠎ᠠ ᠰᠠᠯᠠᠭ᠎ᠠ ᠮᠦᠴᠢᠷ ᠲᠤ ᠠᠶᠠᠯᠠᠯ ᠤᠨ ᠤᠷᠤᠨ ᠬᠡᠪᠴᠢᠶ᠎ᠡ ᠪᠠ ᠵᠠᠮ ᠱᠣᠭᠤᠮ ᠢᠶᠠᠨ ᠤᠷᠢᠳᠴᠢᠯᠠᠨ ᠮᠡᠳᠡᠭᠦᠯᠪᠡᠯ  ᠵᠤᠬᠢᠨ᠎ᠠ᠂ ᠲᠡᠷᠡ ᠮᠦᠷᠳᠡᠭᠡᠨ ᠮᠡᠳᠡᠭᠦᠯᠦᠭᠰᠡᠨ ᠠᠶᠠᠯᠠᠯ ᠤᠨ ᠬᠡᠪᠴᠢᠶ᠎ᠠ ᠪᠠ ᠵᠠᠮ ᠱᠣᠭᠤᠮ ᠤᠨ ᠲᠠᠭᠠᠤ ᠳᠤ ᠠᠶᠠᠯᠠᠬᠤ  ᠬᠡᠷᠡᠭᠳᠡᠢ ᠭᠡᠵᠡᠢ᠃       ᠭᠤᠴᠢᠨ ᠲᠦᠷᠪᠡᠳᠦᠭᠡᠷ ᠵᠦᠢᠯ ᠳᠤ ᠵᠠᠰᠠᠪᠤᠷᠢ ᠤᠷᠤᠭᠤᠯᠤᠭᠠᠳ᠄ ᠲᠤᠰ ᠲᠦᠷᠢᠮ ᠤᠨ ᠠᠷᠪᠠᠨ ᠵᠢᠷᠭᠤᠳᠤᠭᠠᠷ  ᠵᠦᠢᠯ ᠤᠨ ᠲᠤᠭᠳᠠᠭᠠᠯ ᠢ ᠵᠦᠷᠢᠴᠡᠨ᠂ ᠭᠠᠮᠰᠢᠭ ᠤᠨ ᠪᠠᠴᠢᠮ ᠠᠪᠤᠷᠠᠯᠳᠠ᠂ ᠮᠠᠯᠴᠢᠳ ᠤᠨ ᠨᠡᠭᠦᠳᠡᠯ ᠰᠢᠯᠵᠢᠯᠳᠡ ᠶᠢᠨ  ᠮᠠᠰᠢᠨ ᠬᠦᠳᠡᠯᠭᠡᠭᠦᠷᠳᠦ ᠲᠡᠷᠭᠡ ᠤᠨᠤᠭ᠎ᠠ ᠠᠴᠠ ᠪᠤᠰᠣᠳ ᠮᠠᠰᠢᠨ ᠬᠦᠳᠡᠯᠭᠡᠭᠦᠷᠳᠦ ᠲᠡᠷᠭᠡ ᠤᠨᠤᠭ᠎ᠠ ᠵᠠᠮ ᠱᠣᠭᠤᠮ   ᠠᠴᠠ ᠰᠠᠯᠵᠤ ᠦᠨᠳᠦᠰᠦᠨ ᠨᠤᠳᠤᠭ ᠪᠡᠯᠴᠢᠭᠡᠷ ᠲᠡᠭᠡᠷ᠎ᠡ ᠠᠶᠠᠯᠠᠬᠤ᠂ ᠡᠰᠡᠭᠦᠯ᠎ᠡ ᠭᠠᠵᠠᠷ ᠰᠢᠨᠵᠢᠯᠡᠭᠡᠨ ᠤ ᠬᠠᠶᠢᠨ  ᠪᠠᠶᠢᠴᠠᠭᠠᠯᠳᠠ᠂ ᠰᠢᠨᠵᠢᠯᠡᠬᠦ ᠤᠬᠠᠭᠠᠨ ᠤ ᠰᠣᠳᠣᠯᠭᠠᠨ ᠤ ᠠᠵᠢᠯ ᠤᠨ ᠱᠠᠭᠠᠷᠳᠠᠯᠭ᠎ᠠ ᠠᠴᠠ ᠪᠤᠯᠵᠤ ᠵᠠᠮ ᠠᠴᠠ  ᠵᠠᠶᠢᠳᠠᠵᠤ ᠲᠠᠯ᠎ᠠ ᠨᠤᠳᠤᠭ ᠲᠡᠭᠡᠷ᠎ᠡ ᠠᠶᠠᠯᠠᠬᠤ ᠳᠠᠭᠠᠨ ᠲᠤᠬᠠᠢ ᠶᠢᠨ ᠭᠠᠵᠠᠷ ᠤᠷᠤᠨ ᠤ ᠬᠤᠰᠢᠭᠤᠨ ︵ᠰᠢᠶᠠᠨ︶ ᠤ  ᠲᠡᠰ ᠤᠨ ᠠᠷᠠᠳ ᠤᠨ ᠵᠠᠰᠠᠭ ᠤᠨ ᠤᠷᠳᠤᠨ ᠤ ᠲᠠᠯ᠎ᠠ ᠨᠤᠳᠤᠭ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠴᠤ  ᠪᠠᠶᠢᠭ᠎ᠠ ᠰᠠᠯᠠᠭ᠎ᠠ ᠮᠦᠴᠢᠷ ᠲᠤ ᠤᠷᠢᠳᠴᠢᠯᠡᠨ ᠡᠰᠡ ᠮᠡᠳᠡᠭᠦᠯᠦᠭᠰᠡᠨ ᠪᠤᠶᠤ ᠮᠡᠳᠡᠭᠦᠯᠦᠭᠰᠡᠨ ᠠᠶᠠᠯᠠᠯ ᠤᠨ ᠤᠷᠤᠨ  ᠬᠡᠪᠴᠢᠶ᠎ᠡ ᠪᠠ ᠵᠠᠮ ᠱᠣᠭᠤᠮ ᠢᠶᠠᠷ ᠢᠶᠠᠨ ᠡᠰᠡ ᠠᠶᠠᠯᠠᠵᠤ᠂ ᠲᠠᠯ᠎ᠠ ᠨᠤᠳᠤᠭ ᠤᠨ ᠤᠷᠭᠤᠮᠠᠯ ᠬᠤᠴᠢᠯᠭ᠎ᠠ ᠳᠤ  ᠡᠪᠳᠡᠯᠡᠭᠡ ᠤᠴᠠᠷᠠᠭᠤᠯᠤᠭᠰᠠᠨ ᠢ ᠬᠤᠰᠢᠭᠤᠨ ︵ᠰᠢᠶᠠᠨ︶ ᠤ ᠲᠡᠰ ᠤᠨ ᠲᠠᠯ᠎ᠠ ᠨᠤᠳᠤᠭ ᠤᠨ ᠬᠢᠨᠠᠨ ᠬᠠᠮᠢᠶᠠᠷᠤᠯᠳᠠ   ᠶᠢᠨ ᠪᠠᠶᠢᠭᠤᠯᠤᠮᠵᠢ ᠠᠴᠠ ᠲᠡᠳᠡᠭᠡᠷ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠵᠠᠷᠯᠢᠭᠳᠠᠨ ᠵᠤᠭᠰᠣᠭᠠᠵᠤ᠂  ᠬᠤᠭᠤᠴᠠᠭ᠎ᠠ ᠲᠤᠭᠳᠠᠭᠠᠨ ᠤᠷᠭᠤᠮᠠᠯ ᠬᠤᠴᠢᠯᠭ᠎ᠠ ᠶᠢ ᠰᠡᠷᠭᠦᠭᠡᠯᠭᠡᠨ᠎ᠡ᠂ ᠪᠠᠰᠠ ᠲᠠᠯ᠎ᠠ ᠨᠤᠳᠤᠭ ᠤᠨ ᠤᠷᠭᠤᠮᠠᠯ  ᠬᠤᠴᠢᠯᠭ᠎ᠠ ᠡᠪᠳᠡᠭᠳᠡᠬᠦ ᠠᠴᠠ ᠡᠮᠦᠨᠡᠬᠢ 3 ᠵᠢᠯ ᠤᠨ ᠲᠤᠮᠳᠠᠴᠢ ᠭᠠᠷᠤᠯᠳᠠ  ᠶᠢᠨ ᠦᠷᠳᠡᠭ ᠤᠨ 3 ᠲᠠᠬᠢᠨ ᠠᠴᠠ  ᠲᠡᠭᠡᠭᠰᠢ 9 ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ︔ ᠨᠤᠳᠤᠭ ᠪᠡᠯᠴᠢᠭᠡᠷ ᠤᠨ ᠦᠮᠴᠢᠯᠡᠭᠴᠢ  ᠪᠠ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠣᠭᠠᠷ ᠲᠦᠯᠦᠪᠦᠷᠢᠯᠡᠬᠦ ᠬᠠᠷᠢᠭᠤᠴᠠᠯᠭ᠎ᠠ  ᠡᠭᠦᠷᠭᠡᠯᠡᠬᠦ ᠬᠡᠷᠡᠭᠳᠡᠢ ᠭᠡᠵᠡᠢ᠃ ︵ᠰᠣᠨᠢᠨ ᠠᠴᠠ ᠱᠦᠭᠦᠪᠡ︶     ᠢᠷᠡᠯᠲᠡ᠄   ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠲᠤᠳᠤᠭᠠᠳᠦ ᠶᠢ ᠬᠠᠮᠠᠭᠠᠯᠠᠬᠤ ᠲᠢᠩᠬᠢᠮ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号