| | | ᠠᠵᠤ ᠠᠬᠤᠶ ᠶᠢᠨ ᠬᠥᠭᠵᠢᠯᠲᠡ ᠶᠢ ᠨᠡᠩ ᠰᠠᠶᠢᠨ ᠢᠶᠠᠷ ᠠᠬᠢᠭᠤᠯᠣᠨ ᠂ ᠠᠷᠠᠳ ᠤᠯᠠᠨ ᠳᠤ ᠦᠢᠯᠡᠴᠢᠯᠡᠬᠦ ᠶᠢ | ᠭᠦᠨᠵᠡᠭᠡᠶᠢᠷᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠳᠤᠷᠠᠳᠤᠭᠰᠠᠨ ︽ ︿ᠲᠠᠯᠪᠢᠬᠤ ᠬᠠᠮᠢᠶᠠᠷᠬᠤ | ᠦᠢᠯᠡᠴᠢᠯᠡᠬᠦ﹀ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ᠂ | ᠦᠢᠯᠡᠴᠢᠯᠡᠬᠦ᠂ ᠠᠷᠠᠳ ᠲᠤ ᠲᠦᠬᠦᠮ ᠦᠵᠡᠭᠦᠯᠬᠦ ᠠᠵᠢᠯ ᠢ ᠲᠦᠯᠬᠢᠨ ᠠᠬᠢᠭᠤᠯᠵᠤ ᠬᠡᠷᠡᠭᠵᠢᠭᠦᠯᠬᠦ ᠰᠠᠨᠠᠯ︾ ᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠳᠠᠯ ᠦᠢᠯᠡᠰ | ᠪᠤᠰᠬᠠᠬᠤ ᠳᠤ ᠲᠦᠪᠡᠭᠲᠡᠶ᠂ ᠬᠦᠴᠢᠷᠳᠡᠯᠲᠡᠢ ᠠᠰᠠᠭᠤᠳᠠᠯ ᠣᠯᠠᠨ᠂ ᠶᠠᠪᠤᠭᠤᠷᠢ ᠮᠠᠭᠤᠲᠠᠢ ᠵᠡᠷᠭᠡ ᠠᠰᠠᠭᠤᠳᠠᠯ ᠢ | ᠦᠨᠡᠨ ᠬᠦ ᠰᠢᠢᠳᠪᠦᠷᠢᠯᠡᠵᠦ᠂ ︽ᠲᠦᠷᠭᠡᠨ ᠭᠦᠢᠴᠡᠳᠬᠡᠬᠦ᠂ ᠰᠦᠯᠵᠢᠶᠡᠨ ᠳᠡᠭᠡᠷ᠎ᠡ ᠰᠢᠢᠳᠪᠦᠷᠢᠯᠡᠬᠦ᠂ ᠬᠠᠮᠤᠭ | ᠣᠶᠢᠷᠠᠯᠴᠠᠭᠠᠬᠢ ᠭᠠᠵᠠᠷ ᠲᠤ ᠭᠦᠢᠴᠡᠳᠬᠡᠬᠦ ︵ᠰᠢᠢᠳᠪᠦᠷᠢᠯᠡᠬᠦ︶᠂ ᠨᠢᠭᠡ ᠯᠡ ᠤᠳᠠᠭ᠎ᠠ ᠳᠤ ᠰᠢᠢᠳᠪᠦᠷᠢᠯᠡᠬᠦ︾ | ᠬᠠᠷᠠᠯᠲᠠ ᠳᠤ ᠬᠦᠷᠭᠡᠵᠦ᠂ ᠠᠷᠠᠳ ᠤᠯᠠᠨ ᠳᠤ ᠨᠡᠩ ᠤᠯᠠᠨ ᠬᠦᠷᠲᠡᠮᠵᠢ ᠶᠢᠨ ᠲᠦᠷᠦᠭᠳᠡᠯ ᠣᠯᠭᠤᠬᠤ ᠶᠢᠨ | ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠤᠳᠤᠷᠢᠳᠬᠤ ᠳᠤᠭᠤᠶᠢᠯᠠᠩ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ | ᠲᠠᠯᠪᠢᠬᠤ ᠬᠠᠮᠢᠶᠠᠷᠬᠤ ᠦᠢᠯᠡᠴᠢᠯᠡᠬᠦ︾ ︵ᠳᠠᠷᠤᠢ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠵᠦ᠂ | ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠤᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠶᠢ ᠵᠢᠭᠠᠵᠤ ᠪᠠᠶᠢᠨ᠎ᠠ︶ | ᠥᠭᠡᠷᠡᠴᠢᠯᠡᠯᠲᠡ ᠶᠢᠨ ᠠᠷᠠᠳ ᠲᠤ ᠲᠦᠭᠦᠮ ᠦᠵᠡᠭᠦᠯᠵᠦ ᠲᠤᠰᠠ ᠬᠦᠷᠲᠡᠭᠡᠬᠦ ᠶᠡᠷᠡᠨ ᠬᠤᠶᠠᠷ ᠵᠦᠢᠯ ᠤᠨ ᠠᠷᠭ᠎ᠠ | ᠬᠡᠮᠵᠢᠶ᠎ᠡ ᠶᠢ ᠬᠢᠨᠠᠨ ᠲᠣᠭᠲᠠᠭᠠᠭᠰᠠᠨ ᠪᠠᠶᠢᠨ᠎ᠠ᠃ | 92 ᠵᠦᠢᠯ ᠤᠨ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠪᠣᠳᠠᠲᠠᠢ ᠠᠷᠭ᠎ᠠ ᠬᠡᠮᠵᠢᠶ᠎ᠡ ᠨᠢ ᠳᠣᠣᠷᠠᠬᠢ | ᠮᠡᠲᠦ᠄ | ᠨᠢᠭᠡ᠂ ᠡᠷᠦᠬᠡ ᠠᠮᠠ ᠶᠢᠨ ᠦᠢᠯᠡᠴᠢᠯᠡᠭᠡ ᠶᠢᠨ ᠬᠠᠮᠢᠶᠠᠷᠤᠯᠲᠠ | 1.ᠲᠠᠷᠢᠶᠠᠯᠠᠩ ᠮᠠᠯ ᠠᠵᠤ ᠠᠬᠤᠢ ᠶᠢᠨ ᠠᠵᠢᠯ ᠠᠴᠠ ᠰᠢᠯᠵᠢᠭᠰᠡᠨ ᠬᠦᠮᠦᠨ ᠠᠮᠠ ᠶᠢᠨ ᠡᠷᠦᠬᠡ ᠠᠮᠠ | ᠣᠷᠣᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠣᠷᠣᠨ ᠤ ᠳᠣᠲᠣᠷᠠᠬᠢ ᠬᠥᠳᠡᠭᠡ ᠲᠣᠰᠬᠤᠨ᠂ | ᠮᠠᠯᠵᠢᠬᠤ ᠣᠷᠣᠨ ᠤ ᠰᠤᠷᠤᠭᠴᠢᠳ ᠤᠨ ᠰᠤᠷᠭᠠᠭᠤᠯᠢ ᠳᠡᠪᠰᠢᠬᠦ ᠪᠠ ᠴᠡᠷᠢᠭ ᠲᠤ ᠡᠯᠰᠡᠭᠳᠡᠵᠦ ᠬᠤᠲᠠ | ᠪᠠᠯᠭᠠᠰᠤᠨ ᠳᠤ ᠤᠷᠤᠭᠰᠠᠨ ᠬᠥᠮᠦᠨ ᠠᠮᠠ ᠳᠤ᠂ ᠬᠤᠲᠠ ᠪᠠᠯᠭᠠᠰᠤᠨ ᠳᠤ ᠵᠠᠯᠭᠠᠪᠠᠷ ᠭᠤᠷᠪᠠᠨ ᠵᠢᠯ ᠠᠴᠠ ᠳᠡᠭᠡᠭᠰᠢ | ᠪᠣᠯᠤᠭᠰᠠᠨ ᠵᠢᠴᠢ ᠪᠦᠬᠦ ᠭᠡᠷ ᠢᠶᠠᠷ ᠢᠶᠠᠨ ᠬᠤᠲᠠ ᠳᠤ ᠡᠷᠦᠬᠡ ᠠᠮᠠ ᠶᠢᠨ ᠳᠠᠩᠰᠠ ᠪᠠᠨ ᠣᠷᠣᠭᠤᠯᠤᠭᠰᠠᠨ ᠪᠣᠯ᠂ | ᠦᠷᠭᠦᠯᠵᠢ ᠰᠠᠭᠤᠳᠠᠭ ᠭᠠᠵᠠᠷ ᠤᠨ ᠬᠢᠨᠢ ᠡᠷᠦᠬᠡ ᠠᠮᠠ ᠶᠢ ᠳᠡᠩᠰᠡᠯᠡᠵᠦ ᠥᠭᠬᠦ ᠵᠠᠷᠴᠢᠮ ᠶᠣᠰᠣᠭᠠᠷ ᠡᠷᠦᠬᠡ ᠠᠮᠠ | ᠣᠷᠣᠭᠤᠯᠣᠨ᠎ᠠ᠃ | 2. ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠡᠷᠭᠡᠵᠢᠯ ᠤᠨ ᠠᠵᠢᠯᠴᠢᠳ᠂ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠲᠡᠭᠦᠰᠦᠭᠰᠡᠳ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠳ ᠵᠡᠷᠭᠡ | ᠴᠢᠬᠤᠯᠠ ᠬᠥᠮᠦᠰ ᠤᠨ ᠬᠤᠲᠠ ᠪᠠᠯᠭᠠᠰᠤ ᠳᠤ ᠡᠷᠦᠬᠡ ᠠᠮᠠ ᠣᠷᠣᠬᠤ ᠬᠢᠵᠠᠭᠠᠷᠯᠠᠯ ᠢ ᠤᠯᠠᠮ ᠨᠢᠭᠡ ᠠᠯᠬᠤᠮ | ᠠᠭᠤᠵᠢᠭᠤ ᠲᠠᠯᠪᠢᠵᠤ᠂ ᠦᠷᠭᠦᠯᠵᠢ ᠰᠠᠭᠤᠳᠠᠭ ᠭᠠᠵᠠᠷ ᠢᠶᠠᠷ ᠡᠷᠦᠬᠡ ᠠᠮᠠ ᠶᠢ ᠳᠡᠩᠰᠡᠯᠡᠵᠦ ᠥᠭᠬᠦ ᠵᠠᠷᠴᠢᠮ | ᠶᠣᠰᠣᠭᠠᠷ᠂ ︽ᠨᠥᠬᠦᠴᠡᠯ ᠥᠬᠡᠶ ᠪᠠᠷ︾ ᠬᠤᠲᠠ ᠪᠠᠯᠭᠠᠰᠤᠨ ᠤ ᠡᠷᠦᠬᠡ ᠠᠮᠠ ᠣᠷᠣᠵᠤ ᠪᠣᠯᠬᠤ ᠮᠥᠷᠲᠡᠭᠡᠨ᠂ | ᠬᠠᠮᠲᠤ ᠠᠮᠢᠳᠤᠷᠠᠵᠤ ᠪᠠᠶᠢᠭ᠎ᠠ ᠡᠴᠢᠭᠡ ᠡᠬᠡ᠂ ᠬᠠᠨᠢ ᠨᠥᠬᠦᠷ᠂ ᠤᠷᠤᠭᠯᠠᠭᠠᠳᠤᠶ ᠦᠷ᠎ᠡ ᠬᠡᠦᠬᠡᠳ ᠴᠤ ᠡᠷᠦᠬᠡ ᠠᠮᠠ | ᠪᠠᠨ ᠰᠢᠯᠵᠢᠭᠦᠯᠦᠨ ᠢᠷᠠᠵᠤ ᠪᠣᠯᠤᠨ᠎ᠠ᠃ | 3. ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠪᠠᠷ ᠭᠤᠶᠤᠴᠢᠯᠠᠬᠤ ᠲᠡᠰ ᠳᠠᠷᠠᠭᠠᠯᠠᠯ ᠢ ᠬᠢᠯᠪᠠᠷᠴᠢᠯᠠᠪᠡ | ᠃ ᠡᠷᠦᠬᠡ ᠠᠮᠠ ᠳᠠᠩᠰᠠᠯᠠᠭᠤᠯᠬᠤ ᠭᠡᠪᠡᠯ᠂ ᠲᠤᠰ ᠬᠥᠮᠦᠨ ᠨᠢ ᠪᠢᠴᠢᠭ ᠢᠶᠠᠷ ᠭᠤᠶᠤᠴᠢᠯᠠᠯ ᠭᠠᠷᠭᠠᠵᠤ᠂ ᠡᠷᠦᠬᠡ | ᠠᠮᠠ ᠣᠷᠣᠬᠤ ᠨᠥᠬᠦᠴᠡᠯ ᠳᠤ ᠨᠡᠶᠢᠴᠡᠭᠰᠡᠨ ᠴᠢᠬᠤᠯᠠ ᠪᠦᠬᠦᠢ ᠭᠡᠷᠡᠴᠢ ᠮᠠᠲ᠋ᠧᠷᠢᠶᠠᠯ ᠨᠤᠭᠤᠳ ᠢ ᠲᠤᠰᠢᠶᠠᠵᠤ | ᠭᠤᠶᠤᠴᠢᠯᠠᠯ ᠭᠠᠷᠭᠠᠪᠡᠯ ᠪᠣᠯᠴᠢᠬᠠᠨ᠎ᠠ᠂ ᠪᠤᠰᠤᠳ ᠭᠡᠷᠡᠴᠢ ᠮᠠᠲ᠋ᠧᠷᠢᠶᠠᠯ ᠬᠠᠩᠭᠠᠬᠤ ᠴᠢᠬᠤᠯᠠ ᠦᠭᠡᠢ᠃ | 4. ᠡᠷᠦᠬᠡ ᠠᠮᠠ ᠰᠢᠯᠵᠢᠭᠦᠯᠬᠦ ᠠᠵᠢᠯ ᠤᠨ ᠵᠢᠷᠤᠮ ᠢ ᠳᠥᠭᠦᠮᠴᠢᠯᠠᠪᠡ᠃ ᠠᠶᠢᠮᠠᠭ ᠬᠤᠲᠠ ᠶᠢᠨ ᠬᠡᠪᠴᠢᠶᠡᠨ | ᠳᠣᠲᠣᠷ᠎ᠠ ᠡᠷᠦᠭᠡ ᠠᠮᠠ ᠪᠠᠨ ᠰᠢᠯᠵᠢᠭᠦᠯᠬᠦ ᠳᠤ᠂ ︽ᠨᠢᠭᠡ ᠯᠡ ᠥᠷᠲᠡᠭᠡᠨ ᠳᠤ ᠰᠢᠢᠳᠪᠦᠷᠢᠯᠡᠬᠦ︾ ᠬᠡᠯᠪᠡᠷᠢ ᠪᠠᠷ᠂ | ᠭᠤᠶᠤᠴᠢᠯᠠᠭᠴᠢ ᠠᠴᠠ ᠡᠷᠦᠭᠡ ᠠᠮᠠ ᠪᠠᠨ ᠣᠷᠣᠭᠤᠯᠬᠤ ᠭᠡᠵᠦ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠲᠣᠮᠢᠯᠠᠭᠰᠠᠨ ᠰᠠᠯᠪᠤᠷᠢ ᠳᠤ ᠰᠢᠭᠤᠳ ᠡᠷᠦᠬᠡ ᠠᠮᠠ ᠣᠷᠣᠬᠤ ᠭᠤᠶᠤᠴᠢᠯᠠᠯ ᠳᠡᠪᠰᠢᠭᠦᠯᠦᠨ᠎ᠡ᠂ | ᠡᠷᠭᠦᠳᠡᠯ ᠭᠠᠷᠭᠠᠬᠤ ᠭᠠᠷ ᠭᠦᠢᠴᠡᠳᠬᠡᠯ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠲᠤᠬᠠᠶ ᠶᠢᠨ ᠭᠠᠵᠠᠷ ᠲᠤᠨᠢ | ᠬᠦᠯᠢᠶᠡᠨ ᠠᠪᠴᠤ ᠪᠠᠷᠢᠨ ᠰᠢᠢᠳᠪᠦᠷᠢᠯᠡᠵᠦ ᠥᠭᠬᠦ ᠪᠥᠭᠡᠳ᠂ ᠪᠠᠶᠢᠴᠠᠭᠠᠵᠤ ᠬᠢᠨᠠᠨ ᠬᠠᠷᠭᠤᠭᠤᠯᠬᠤ ᠴᠢᠬᠤᠯᠠᠲᠠᠢ | ᠪᠣᠯ᠂ 5 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠥᠭᠭᠦᠨ᠎ᠡ᠃ | 5. ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ | ᠲᠠᠯᠪᠢᠵᠤ᠂ ᠬᠤᠲᠠ ᠶᠢᠨ ᠲᠣᠭᠤᠷᠢᠭ᠂ ᠪᠠᠯᠭᠠᠰᠤ ᠶᠢᠨ ᠣᠷᠣᠨ ᠤ ᠡᠷᠦᠬᠡ ᠠᠮᠠ ᠶᠢᠨ ᠳᠠᠩᠰᠠ ᠲᠠᠢ ᠬᠥᠮᠦᠨ ᠤ | ᠬᠠᠮᠲᠤ ᠠᠮᠢᠳᠤᠷᠠᠵᠤ ᠪᠠᠶᠢᠭ᠎ᠠ ᠬᠠᠨᠢ ᠨᠥᠬᠦᠷ᠂ ᠦᠷ᠎ᠡ ᠬᠡᠦᠬᠡᠳ᠂ ᠣᠮᠪᠣᠯᠣ ᠬᠡᠤᠬᠡᠳ ︵ᠵᠢᠭᠡ ᠣᠮᠪᠣᠯᠣ ᠬᠡᠤᠬᠡᠳ︶ | ᠪᠠ ᠡᠷ᠎ᠡ ᠡᠮ᠎ᠡ ᠬᠤᠶᠠᠭᠤᠯᠠ ᠶᠢᠨ ᠠᠪᠤ ᠡᠵᠢ ᠵᠡᠷᠭᠡ ᠬᠥᠮᠥᠰ ᠲᠦᠰᠢᠭ ᠡᠷᠢᠵᠦ ᠡᠷᠦᠬᠡ ᠠᠮᠠ ᠣᠷᠣᠬᠤ ᠪᠠᠷ | ᠭᠤᠶᠤᠴᠢᠯᠠᠵᠤ ᠪᠣᠯᠤᠨ᠎ᠠ᠂ ᠲᠦᠰᠢᠭ ᠡᠷᠢᠭᠴᠢ ᠶᠢᠨ ᠨᠠᠰᠤ ᠵᠢᠯ᠂ ᠤᠷᠤᠭᠯᠠᠭᠰᠠᠨ ᠡᠰᠡᠬᠦ᠂ ᠬᠤᠲᠠ ᠪᠠᠯᠭᠠᠰᠤᠨ ᠤ | ᠨᠡᠶᠢᠭᠡᠮ ᠤᠨ ᠳᠠᠭᠠᠳᠬᠠᠯ ᠳᠤ ᠤᠷᠤᠭᠰᠠᠨ ᠡᠰᠡᠬᠦ ᠪᠠ ᠣᠷᠣᠨ ᠰᠠᠭᠤᠴᠠ ᠶᠢᠨ ᠲᠠᠯᠠᠪᠠᠶ ᠵᠡᠷᠭᠡ ᠪᠤᠰᠤᠳ | ᠨᠥᠬᠦᠴᠡᠯ ᠳᠤ ᠬᠢᠵᠠᠭᠠᠷᠯᠠᠭᠳᠠᠬᠤ ᠥᠬᠡᠶ᠃ | 6. ᠡᠷᠦᠬᠡ ᠠᠮᠠ ᠣᠷᠣᠬᠤ ᠬᠠᠷᠰᠢ ᠰᠠᠭᠠᠳ ᠢ ᠠᠷᠢᠯᠭᠠᠨ᠂ ᠨᠢᠭᠡᠴᠢ ᠪᠠ ᠨᠡᠶᠢᠭᠡᠮ ᠲᠣᠭᠤᠷᠢᠭ ᠤᠨ ᠬᠠᠮᠲᠤ | ᠶᠢᠨ ᠡᠷᠦᠬᠡ ᠶᠢᠨ ᠲᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢᠨ ᠲᠤᠰᠠᠳᠠ | ᠡᠷᠦᠬᠡ ᠠᠮᠠ ᠣᠷᠣᠭᠤᠯᠬᠤ ᠪᠠ ᠲᠦᠷ ᠰᠠᠭᠤᠬᠤ ᠳᠡᠩᠰᠡᠯᠡᠯᠲᠡ ᠬᠢᠬᠦ ᠳᠤ ᠳᠥᠭᠦᠮ ᠨᠥᠬᠦᠴᠡᠯ ᠬᠠᠩᠭᠠᠨ᠎ᠡ᠃ | ᠥᠪᠡᠷ ᠤᠨ ᠭᠡᠰᠡᠨ ᠣᠷᠣᠨ ᠰᠠᠭᠤᠴᠠ ᠥᠬᠡᠶ ᠪᠤᠶᠤ ᠪᠣᠳᠠᠲᠠᠶ ᠣᠷᠣᠰᠢᠨ ᠰᠠᠭᠤᠭ᠎ᠠ ᠬᠠᠶ᠋ᠢᠭ ᠢᠶᠠᠨ ᠳᠠᠩᠰᠠᠯᠠᠭᠤᠯᠤᠨ | ᠡᠷᠦᠬᠡ ᠠᠮᠠ ᠣᠷᠣᠭᠤᠯᠵᠤ ᠳᠡᠶᠢᠯᠬᠦ ᠦᠭᠡᠶ ᠦᠶᠡᠰ ᠲᠤ᠂ ᠨᠡᠶᠢᠭᠡᠮ ᠲᠣᠭᠤᠷᠢᠭ ᠤᠨ ᠰᠠᠭᠤᠭᠠᠯᠢ ︵ᠭᠠᠴᠠᠭᠠᠨ ᠤ︶ | ᠠᠷᠠᠳ ᠤᠨ ᠵᠥᠪᠯᠡᠯ᠂ ᠬᠤᠰᠢᠭᠤ ᠰᠢᠶᠠᠨ ᠲᠣᠭᠤᠷᠢᠭ ᠤᠨ ᠴᠢᠳᠠᠪᠤᠷᠢᠲᠠᠨ ᠤ ᠰᠣᠯᠢᠯᠴᠠᠭᠠᠨ ᠤ ᠲᠥᠪ ᠤᠨ ᠬᠠᠮᠲᠤ | ᠶᠢᠨ ᠡᠷᠦᠬᠡ ᠠᠮᠠ ᠳᠤ ᠣᠷᠣᠵᠤ ᠪᠣᠯᠣᠨ᠎ᠠ᠂ ᠡᠶᠢᠨ ᠬᠦ ᠡᠷᠦᠬᠡ ᠠᠮᠠ ᠣᠷᠣᠬᠤ ᠦᠶᠡᠰ ᠤᠨ ᠰᠠᠭᠤᠭ᠎ᠠ ᠭᠠᠵᠠᠷ ᠤᠨ | ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ | 7. ᠣᠷᠣᠨ ᠤ ᠳᠣᠲᠣᠷᠠᠬᠢ ᠡᠷᠦᠬᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ᠪᠦᠬᠦᠨ ᠭᠡᠷ ᠪᠠᠶᠢᠰᠢᠩ | ᠬᠤᠳᠠᠯᠳᠤᠨ ᠠᠪᠴᠤ ᠣᠷᠣᠵᠤ ᠰᠠᠭᠤᠭᠰᠠᠨ ᠤ ᠳᠠᠷᠠᠭ᠎ᠠ᠂ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ | ︵ᠥᠯᠥ ᠬᠥᠳᠡᠯᠬᠦ ᠬᠥᠷᠥᠩᠭᠡ ᠶᠢᠨ ᠥᠮᠴᠢᠯᠡᠯ ᠤᠨ ᠡᠷᠬᠡ ᠶᠢᠨ ᠦᠨᠡᠮᠯᠡᠯ︶ ᠭᠤᠶᠤᠴᠢᠯᠠᠨ ᠠᠪᠤᠭᠰᠠᠨ ᠦᠭᠡᠢ | ᠪᠣᠯᠪᠠᠴᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠮᠢᠯᠠᠭᠰᠠᠨ ᠰᠠᠯᠪᠤᠷᠢ ᠳᠤ ᠬᠦᠷᠴᠦ᠂ ᠰᠦᠯᠵᠢᠶᠡᠨ | ᠳᠡᠭᠡᠷ᠎ᠡ ᠲᠣᠭᠲᠠᠭᠰᠠᠨ ᠬᠡᠷ ᠪᠠᠶᠢᠰᠢᠩ ᠬᠤᠳᠠᠯᠳᠤᠨ ᠠᠪᠤᠭᠰᠠᠨ ᠭᠡᠷ᠎ᠡ ᠪᠠᠷ ᠢᠶᠠᠨ ᠡᠷᠦᠬᠡ ᠠᠮᠠ ᠣᠷᠣᠬᠤ ᠭᠠᠷ | ᠭᠦᠢᠴᠡᠳᠬᠡᠯ ᠬᠢᠵᠦ ᠪᠣᠯᠣᠨ᠎ᠠ᠃ | 8. ᠡᠷᠦᠬᠡ ᠠᠮᠠ ᠣᠷᠣᠬᠤ ᠦᠶ᠎ᠡ ᠳᠤ᠂ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ᠨᠢ | ᠨᠠᠰᠤᠨ ᠳᠤ ᠤᠢᠯᠦ ᠬᠦᠷᠦᠭᠰᠡᠦᠠ ᠲᠤ ᠥᠮᠴᠢᠯᠡᠭᠳᠡᠵᠦ ᠪᠠᠶᠢᠪᠠᠯ᠂ ᠨᠠᠰᠤᠨ ᠳᠤ ᠤᠢᠯᠦ ᠬᠦᠷᠦᠭᠰᠡᠦᠠ ᠤᠨ ᠲᠤᠰ ᠪᠡᠶ᠎ᠡ | ᠪᠠᠷ ᠨᠢ ᠡᠷᠦᠬᠡ ᠠᠮᠠ ᠶᠢᠨ ᠲᠨᠩᠰᠠ ᠨᠡᠭᠡᠭᠡᠵᠦ᠂ ᠡᠷᠦᠬᠡ ᠶᠢᠨ ᠡᠵᠡᠨ ᠢᠶᠠᠷ ᠳᠠᠩᠰᠠᠯᠠᠭᠤᠯᠵᠤ ᠪᠣᠯᠤᠨ᠎ᠠ᠂ ᠡᠴᠢᠭᠡ | ᠡᠬᠡ ᠪᠤᠶᠤ ᠬᠢᠨᠠᠨ ᠬᠠᠮᠠᠭᠠᠯᠠᠭᠴᠢ ᠨᠢ ᠡᠷᠦᠬᠡ ᠶᠢᠨ ᠡᠵᠡᠨ ᠤ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠬᠡᠷᠡᠭᠲᠡᠢ᠃ | 9. ᠡᠷᠦᠬᠡ ᠠᠮᠠ ᠣᠷᠣᠬᠤ ᠪᠠᠷ ᠭᠤᠶᠤᠴᠢᠯᠠᠭᠴᠢ᠂ ᠪᠡᠶ᠎ᠡ ᠪᠠᠷ ᠢᠶᠠᠨ ᠲᠤᠬᠠᠶ ᠶᠢᠨ ᠲᠠᠯᠠᠪᠤᠷ ᠲᠤ ᠬᠦᠷᠴᠦ | ᠡᠷᠦᠬᠡ ᠠᠮᠠ ᠣᠷᠣᠬᠤ ᠬᠠᠮᠢᠶ᠎ᠠ ᠪᠦᠬᠦᠢ ᠭᠠᠷ ᠭᠦᠢᠴᠡᠳᠬᠡᠯ ᠢ ᠬᠢᠵᠦ ᠳᠡᠶᠢᠯᠬᠦ ᠦᠭᠡᠢ ᠦᠶᠡᠰ ᠲᠤ᠂ ᠡᠷᠤᠭᠡ ᠶᠢᠨ | ᠪᠤᠰᠤᠳ ᠪᠦᠷᠢᠯᠳᠦᠬᠦᠨ ᠳᠤ ᠨᠠᠶᠢᠳᠠᠵᠤ᠂ ᠬᠤᠶᠠᠷ ᠲᠠᠯ᠎ᠠ ᠶᠢᠨ ᠬᠦᠴᠦᠨ ᠪᠦᠬᠦᠢ ᠭᠡᠷᠡᠴᠢ ᠦᠨᠡᠮᠯᠡᠯ ᠪᠣᠯᠤᠨ | ᠬᠤᠯᠪᠣᠭᠳᠠᠯ ᠪᠦᠬᠦᠢ ᠮᠠᠲ᠋ᠧᠷᠢᠶᠠᠯ ᠢ ᠠᠪᠴᠤ ᠡᠷᠦᠬᠡ ᠠᠮᠠ ᠣᠷᠣᠬᠤ ᠭᠠᠷ ᠭᠦᠢᠴᠡᠳᠬᠡᠯ ᠢ ᠬᠢᠵᠦ ᠪᠣᠯᠣᠨ᠎ᠠ᠃ | 10. ᠭᠠᠷ ᠳᠠᠮᠵᠢᠭᠰᠠᠨ ᠣᠷᠣᠨ ᠰᠠᠭᠤᠴᠠ ᠬᠤᠳᠠᠯᠳᠤᠨ ᠠᠪᠤᠭᠰᠠᠨ ᠤᠯᠠᠨ ᠲᠦᠮᠡᠨ᠂ ᠭᠡᠷ ᠪᠠᠶᠢᠰᠢᠩ ᠢ | ᠥᠮᠴᠢᠯᠡᠬᠦ ᠡᠷᠬᠡ ᠶᠢᠨ ᠦᠨᠡᠮᠯᠡᠯ ᠢᠶᠠᠷ ᠢᠶᠠᠨ ᠡᠷᠦᠬᠡ ᠠᠮᠠ ᠶᠢᠨ ᠳᠠᠩᠰᠠ ᠪᠠᠨ ᠣᠷᠣᠭᠤᠯᠬᠤ ᠭᠠᠷ ᠭᠦᠢᠴᠡᠳᠭᠡᠯ | ᠬᠢᠵᠦ ᠪᠣᠯᠬᠤ ᠪᠥᠭᠡᠳ ᠤᠤᠯ ᠭᠡᠷ ᠤᠨ ᠡᠵᠡᠨ ᠨᠢ ᠤᠳᠤ ᠶᠢᠨ ᠭᠡᠷ ᠤᠨ ᠡᠵᠡᠠ ᠳᠤ ᠲᠦᠰᠢᠭᠯᠡᠨ ᠰᠠᠳᠤᠨ ᠲᠦᠷᠦᠯ | ᠪᠤᠰᠤ ᠬᠠᠷᠢᠴᠠᠭ᠎ᠠ ᠪᠠᠷ ᠡᠷᠦᠬᠡ ᠠᠮᠠ ᠣᠷᠣᠵᠤ ᠪᠣᠯᠤᠨ᠎ᠠ᠃ | 11. ᠬᠠᠮᠲᠤ ᠶᠢᠨ ᠡᠷᠦᠬᠡ ᠶᠢᠨ ᠡᠷᠦᠬᠡ ᠠᠮᠠ ᠣᠷᠣᠭᠤᠯᠬᠤ ᠶᠢ ᠵᠥᠪᠰᠢᠶᠡᠷᠡᠬᠦ ︵ᠭᠦᠢᠴᠡᠳᠬᠡᠵᠦ ᠪᠣᠯᠬᠤ︶ | ᠡᠷᠬᠡ ᠶᠢᠨ ᠬᠢᠵᠠᠭᠠᠷ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠮᠢᠯᠠᠭᠰᠠᠨ ᠰᠠᠯᠪᠤᠷᠢ ᠬᠦᠷᠲᠡᠯ᠎ᠡ | ᠳᠣᠷᠣᠭᠰᠢ ᠪᠠᠭᠤᠯᠭᠠᠵᠤ ︵ᠲᠠᠯᠪᠢᠵᠤ︶᠂ ᠪᠠᠶᠢᠭᠤᠯᠭ᠎ᠠ ᠨᠢᠭᠡᠴᠡ ᠶᠢᠨ ᠬᠠᠮᠲᠤ ᠶᠢᠨ ᠡᠷᠦᠬᠡ᠂ ᠰᠤᠷᠤᠭᠴᠢᠳ ᠤᠨ | ᠬᠠᠮᠲᠤ ᠶᠢᠨ ᠡᠷᠦᠬᠡ᠂ ᠴᠢᠳᠠᠪᠤᠷᠢᠲᠠᠨ ᠤ ᠰᠢᠯᠵᠢᠯᠲᠡ ᠶᠢᠨ ᠦᠢᠯᠡᠴᠢᠯᠡᠭᠡᠨ ᠤ ᠲᠥᠪ ᠭᠠᠵᠠᠷ ᠤᠨ ᠬᠠᠮᠲᠤ ᠶᠢᠨ | ᠡᠷᠦᠬᠡ ᠵᠡᠷᠭᠡ ᠨᠢ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠮᠢᠯᠠᠭᠰᠠᠨ ᠰᠠᠯᠪᠤᠷᠢ ᠳᠤ | ᠡᠷᠦᠬᠡ ᠠᠮᠠ ᠣᠷᠣᠭᠤᠯᠬᠤ ᠠᠰᠠᠭᠤᠳᠠᠯ ᠢᠶᠠᠨ ᠰᠢᠢᠳᠪᠦᠷᠢᠯᠡᠵᠦ ᠪᠣᠯᠣᠨ᠎ᠠ᠃ | 12. ᠡᠷᠥᠭᠡ ᠠᠮᠠ ᠶᠢᠨ ᠲᠠᠩᠰᠠᠯᠠᠯ ᠤᠨ ᠲᠥᠷᠥᠯ ᠵᠦᠢᠯ ᠤᠨ ᠮᠡᠳᠡᠭᠡ ᠵᠠᠩᠭᠢ ᠶᠢ ᠬᠤᠪᠢᠷᠠᠭᠤᠯᠵᠦ | ᠵᠠᠯᠠᠷᠠᠭᠤᠯᠬᠤ ᠡᠷᠬᠡ ᠶᠢᠨ ᠬᠡᠪᠴᠢᠶ᠎ᠡ ᠶᠢ ᠳᠣᠷᠣᠭᠰᠢ ᠪᠠᠭᠤᠯᠭᠠᠵᠤ᠂ ᠦᠨᠳᠦᠰᠦᠲᠡᠨ᠂ ᠬᠦᠢᠰᠦ ᠶᠢᠨ ᠢᠯᠭᠠᠯ᠂ | ᠲᠥᠷᠥᠭᠰᠡᠨ ᠡᠳᠦᠷ ᠬᠤᠭᠤᠴᠠᠭ᠎ᠠ ᠠᠴᠠ ᠭᠠᠳᠠᠨᠠᠬᠢ ᠪᠤᠰᠤᠳ ᠵᠦᠢᠯ ᠤᠳ ᠢ ᠴᠥᠮ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠲᠣᠮᠢᠯᠠᠭᠰᠠᠨ ᠰᠠᠯᠪᠤᠷᠢ ᠳᠤ ᠬᠦᠷᠴᠦ᠂ ᠨᠢᠭᠡ ᠤᠳᠠᠭ᠎ᠠ ᠳᠤ ᠭᠦᠢᠴᠡᠳᠬᠡᠵᠦ ᠴᠢᠳᠠᠨ᠎ᠠ᠃ | 13. ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠤᠨ ᠡᠷᠦᠬᠡ ᠠᠮᠠ ᠣᠷᠣᠬᠤ | ᠠᠰᠠᠭᠤᠳᠠᠯ ᠢ ᠰᠢᠢᠳᠪᠦᠷᠢᠯᠡᠪᠡ᠃ ᠤᠤᠯ ᠳᠠᠭᠠᠨ ᠮᠠᠨ ᠤ ᠣᠷᠣᠨ ᠤ ᠡᠷᠦᠬᠡ ᠠᠮᠠ ᠲᠠᠢ ᠰᠠᠭᠤᠭᠠᠯᠢ ᠠᠷᠠᠳ ᠤᠨ | ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠤ ᠳᠠᠷᠠᠭ᠎ᠠ᠂ ᠤᠭ ᠤᠨ ᠭᠠᠵᠠᠷ ᠤᠨ ᠡᠷᠦᠬᠡ ᠠᠮᠠ ᠶᠢ | ᠨᠢ ᠨᠢᠭᠡᠨᠲᠡ ᠬᠦᠴᠦᠨ ᠦᠭᠡᠢ ᠪᠣᠯᠭᠠᠭᠰᠠᠨ ᠮᠥᠷᠲᠡᠭᠡᠨ ᠲᠠᠬᠢᠨ ᠡᠷᠦᠬᠡ ᠠᠮᠠ ᠣᠷᠣᠬᠤ ᠨᠥᠬᠦᠴᠡᠯ ᠳᠤ ᠬᠦᠷᠬᠦ | ᠦᠭᠡᠢ ᠪᠣᠯ᠂ ᠣᠲᠣ ᠶᠢᠨ ᠰᠠᠭᠤᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ︵ | ᠬᠤᠪᠢᠶᠠᠷᠢ︶ ᠲᠣᠪᠴᠢᠶ᠎ᠠ ᠳᠤ ᠬᠦᠷᠴᠦ᠂ ᠡᠷᠦᠬᠡ ᠪᠠ ᠬᠥᠮᠦᠨ ᠨᠢ ᠬᠠᠷᠠᠭᠠᠯᠵᠠᠬᠤ ᠵᠠᠷᠴᠢᠮ ᠶᠣᠰᠣᠭᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠣᠲᠣ ᠶᠢᠨ ᠰᠠᠭᠤᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠲᠣᠮᠢᠯᠠᠭᠰᠠᠨ ᠰᠠᠯᠪᠤᠷᠢ ᠳᠤ ᠬᠦᠷᠴᠦ ᠡᠷᠦᠬᠡ ᠠᠮᠠ ᠣᠷᠣᠭᠤᠯᠵᠤ ᠪᠣᠯᠣᠨ᠎ᠠ᠃ | 14. ᠤᠢ ᠪᠢᠯᠢᠭ ᠵᠡᠮᠳᠡᠭ ︵ᠣᠶᠣᠨ ᠤ ᠰᠠᠭᠠᠳ ᠲᠠᠢ︶ ᠬᠥᠮᠦᠰ ᠤᠨ ᠡᠷᠦᠬᠡ ᠠᠮᠠ ᠣᠷᠣᠬᠤ | ᠠᠰᠠᠭᠤᠳᠠᠯ ᠢ ᠰᠢᠢᠳᠪᠦᠷᠢᠯᠡᠪᠡ᠃ ᠤᠷᠲᠤ ᠬᠤᠭᠤᠴᠠᠭ᠎ᠠ ᠪᠠᠷ ᠨᠡᠶᠢᠭᠡᠮ ᠤᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ | ᠦᠷᠳᠡᠭᠡ ᠳᠤ ᠠᠮᠢᠳᠤᠷᠠᠵᠤ ᠪᠠᠶᠢᠭ᠎ᠠ ᠤᠢ ᠪᠢᠯᠢᠭ ᠵᠡᠮᠳᠡᠭ ᠬᠥᠮᠥᠰ ᠢ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ | ᠠᠴᠠ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠢᠨᠠᠨ ᠬᠠᠷᠭᠤᠭᠤᠯᠬᠤ ᠪᠠᠷ ᠳᠡᠭᠡᠭᠰᠢ | ᠮᠡᠳᠡᠭᠦᠯᠣᠨ᠂ ᠬᠢᠨᠠᠨ ᠬᠠᠷᠭᠤᠭᠤᠯᠤᠭᠠᠳ ᠪᠠᠳᠣᠯᠠᠭᠰᠠᠨ ᠤ ᠲᠠᠷᠠᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠶᠢᠨ ᠲᠣᠮᠢᠯᠠᠭᠰᠠᠨ ᠰᠠᠯᠪᠤᠷᠢ ᠠᠴᠠ ᠲᠡᠭᠦᠨ ᠳᠤ ᠡᠷᠦᠬᠡ ᠠᠮᠠ ᠣᠷᠣᠬᠤ ᠭᠠᠷ ᠭᠦᠢᠴᠡᠳᠬᠡᠯ ᠬᠢᠵᠦ᠂ ᠰᠡᠵᠢᠭᠯᠡᠯᠳᠦ | ᠬᠥᠮᠥᠨ ᠢᠶᠠᠷ ᠲᠣᠳᠣᠷᠬᠠᠶᠢᠯᠠᠵᠤ ᠢᠯᠡᠳᠬᠡᠬᠦ ᠶᠢᠨ ᠬᠠᠮᠲᠤ᠂ ︽ᠭᠤᠷᠪᠠ ᠦᠬᠡᠢ︾ ︵ᠠᠮᠢᠳᠤᠷᠠᠯ ᠤᠨ ᠢᠷᠡᠯᠲᠡ | ᠦᠭᠡᠢ᠂ ᠬᠥᠳᠡᠯᠮᠦᠷᠢᠯᠡᠬᠦ ᠴᠢᠳᠠᠪᠤᠷᠢ ᠦᠭᠡᠢ᠂ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ᠡᠭᠦᠷᠭᠡᠲᠦ ᠬᠥᠮᠦᠨ | ᠦᠭᠡᠢ︶ ᠬᠥᠮᠥᠨ ᠳᠤ ᠪᠣᠳᠣᠨ ᠠᠰᠠᠷᠠᠨ ᠲᠡᠵᠢᠭᠡᠯᠭᠡᠨᠡ᠃ ᠰᠡᠭᠦᠯᠡᠷ ᠨᠢ ᠬᠠᠮᠢᠶ᠎ᠠ ᠪᠦᠬᠦᠢ ᠲᠦᠷᠦᠯ ᠰᠠᠳᠤᠨ ᠢ ᠨᠢ | ᠡᠷᠢᠵᠦ ᠣᠯᠤᠨ᠂ ᠲᠥᠷᠥᠯ ᠰᠠᠳᠤᠨ ᠨᠢ ᠲᠤᠰ ᠬᠥᠮᠥᠨ ᠢ ᠮᠡᠳᠡᠷᠡᠵᠦ ᠤᠭ ᠨᠤᠲᠤᠭ ᠲᠤᠨᠢ ᠠᠪᠴᠤ ᠶᠠᠪᠤᠭᠰᠠᠨ | ᠪᠣᠯ᠂ ᠲᠤᠬᠠᠢ ᠶᠢᠨ ᠭᠠᠵᠠᠷ ᠤᠨ ᠡᠷᠦᠬᠡ ᠠᠮᠠ ᠶᠢᠨ ᠳᠠᠩᠰᠠᠨ ᠠᠴᠠ ᠬᠠᠰᠤᠨ᠎ᠡ᠃ | 15.ᠣᠷᠣᠨ ᠤ ᠭᠠᠳᠠᠨ᠎ᠠ ᠠᠴᠠ ᠮᠠᠨ ᠤ ᠣᠷᠣᠨ ᠵᠢᠴᠢ ᠣᠷᠣᠨ ᠤ ᠳᠣᠲᠣᠷᠠᠬᠢ ᠭᠠᠵᠠᠷ ᠣᠷᠣᠨ ᠳᠤ | ᠡᠷᠦᠬᠡ ᠠᠮᠠ ᠪᠠᠨ ᠨᠢᠭᠡᠨᠲᠡ ᠰᠢᠯᠵᠢᠭᠦᠯᠵᠦ ᠢᠷᠡᠭᠰᠡᠨ ᠰᠠᠭᠤᠭᠠᠯᠢ ᠠᠷᠠᠳ᠂ ᠪᠣᠳᠠᠲᠠᠶ ᠣᠷᠣᠰᠢᠨ ᠰᠠᠭᠤᠭ᠎ᠠ ᠭᠠᠵᠠᠷ | ᠲᠠᠭᠠᠨ ᠡᠷᠦᠬᠡ ᠠᠮᠠ ᠳᠠᠩᠰᠠᠯᠠᠭᠤᠯᠬᠤ ᠶᠢᠨ ᠠᠷᠭ᠎ᠠ ᠦᠭᠡᠢ ᠪᠣᠯ᠂ ᠪᠠᠶᠢᠩᠭᠤ ᠰᠠᠭᠤᠭ᠎ᠠ ᠭᠠᠵᠠᠷ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠤᠨ ᠬᠠᠮᠲᠤ | ᠶᠢᠨ ᠡᠷᠦᠬᠡ ᠳᠤ ᠡᠷᠦᠬᠡ ᠠᠮᠠ ᠪᠠᠨ ᠣᠷᠣᠭᠤᠯᠵᠤ ᠪᠣᠯᠣᠨ᠎ᠠ᠃ | 16. ᠡᠷᠭᠦᠨ ᠲᠡᠵᠢᠭᠡᠬᠦ ᠶᠢ ᠭᠡᠷᠡᠴᠢᠯᠡᠭᠰᠡᠨ ᠦᠭᠡᠢ ᠡᠷᠭᠦᠨ ᠲᠡᠵᠢᠭᠡᠭᠳᠡᠭᠰᠡᠳ ᠤᠨ ᠡᠷᠦᠬᠡ ᠠᠮᠠ ᠳᠠᠩᠰᠠᠯᠠᠬᠤ | ᠠᠵᠢᠯ ᠢ ᠰᠢᠢᠳᠪᠦᠷᠢᠯᠡᠨ᠎ᠡ᠃ ᠬᠥᠮᠥᠨ ᠤ ᠳᠦᠷᠢ ᠲᠥᠷᠬᠦ ᠶᠢ ᠠᠳᠠᠯᠢᠳᠬᠠᠬᠤ ᠮᠡᠷᠭᠡᠵᠢᠯ ᠢ ᠪᠦᠲᠦᠮᠵᠢᠲᠡᠶ ᠠᠰᠢᠭᠯᠠᠨ | ᠵᠢᠰᠦ ᠪᠤᠷᠤᠭᠤᠯᠠᠭᠰᠠᠨ ᠬᠥᠮᠥᠨ ᠪᠤᠶᠤ DNA ᠶᠢᠨ ᠰᠢᠯᠭᠠᠨ ᠲᠣᠭᠲᠠᠭᠠᠯᠲᠠ ᠶᠢ ᠭᠦᠢᠴᠡᠳ ᠠᠰᠢᠭᠯᠠᠨ᠂ ᠮᠡᠬᠡᠯᠡᠨ | ᠬᠤᠯᠠᠭᠠᠶᠢᠯᠠᠵᠤ ᠬᠤᠳᠠᠯᠳᠤᠭᠰᠠᠨ ᠡᠰᠡᠬᠦ ᠶᠢ ᠨᠤᠲᠠᠯᠠᠵᠦ᠂ ᠡᠳᠡᠭᠡᠷ ᠪᠠᠶᠢᠳᠠᠯ ᠢ ᠦᠭᠡᠶᠢᠰᠬᠡᠭᠰᠡᠨ ᠤ ᠳᠠᠷᠠᠭ᠎ᠠ᠂ | ᠤᠷᠢᠳ ᠢᠶᠠᠷ ᠡᠷᠦᠬᠡ ᠠᠮᠠ ᠶᠢ ᠨᠢ ᠳᠡᠩᠰᠡᠯᠡᠵᠦ ᠥᠭᠬᠦ ᠶᠢᠨ ᠬᠠᠮᠲᠤ ᠬᠥᠮᠦᠨ ᠠᠮᠠ ᠶᠢᠨ ︵ᠰᠤᠷᠠᠭ ᠵᠠᠩᠭᠢ ᠶᠢᠨ︶ | ᠰᠢᠰᠲ᠋ᠧᠮ ᠳᠤ ᠰᠡᠵᠢᠭᠯᠡᠯᠲᠡᠢ ᠬᠥᠮᠥᠨ ᠢᠶᠠᠷ ᠢᠯᠡᠳᠬᠡᠵᠦ ᠲᠣᠳᠣᠷᠬᠠᠶᠢᠯᠠᠨ᠂ ᠲᠡᠭᠦᠨ ᠤ ᠡᠷᠦᠬᠡ ᠠᠮᠠ | ᠳᠠᠩᠰᠠᠯᠠᠭᠤᠯᠤᠭᠰᠠᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠬᠠᠮᠲᠤ ᠶᠢᠨ ᠡᠷᠦᠬᠡ ᠳᠤ ᠳᠠᠩᠰᠠᠯᠠᠨ᠎ᠠ᠃ | | ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ | |