| | | | ᠬᠤᠶᠠᠷ᠂ ᠪᠡᠶ᠎ᠡ ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ ᠤᠨ ᠭᠠᠷ ᠭᠦᠢᠴᠡᠳᠬᠡᠯ ᠤᠨ ᠲᠠᠯ᠎ᠠ ᠪᠠᠷ ᠬᠢ | ᠪᠣᠳᠠᠲᠠᠢ ᠠᠷᠭ᠎ᠠ ᠬᠡᠮᠵᠢᠶ᠎ᠡ | 17. ᠠᠩᠬ᠎ᠠ ᠤᠳᠠᠭ᠎ᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ︵ᠳᠣᠷᠣᠭᠰᠢ ᠪᠡᠶ᠎ᠡ ᠶᠢᠨ ᠦᠨᠡᠮᠯᠡᠯ | ᠭᠡᠵᠦ ᠳᠥᠭᠦᠮᠴᠢᠯᠡᠨ᠎ᠡ︶ ᠭᠤᠶᠤᠴᠢᠯᠠᠨ ᠠᠪᠤᠭᠰᠠᠳ ᠠᠴᠠ ᠦᠨᠡᠮᠯᠡᠯ ᠤᠨ ᠥᠪᠡᠷ ᠤᠨ ᠦᠷᠳᠡᠭ ᠤᠨ ᠵᠠᠷᠤᠳᠠᠯ | ᠬᠤᠷᠢᠶᠠᠬᠤ ᠦᠭᠡᠢ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠦᠢᠴᠡᠳᠭᠡᠬᠦ ᠴᠠᠭ ᠤᠨ ᠬᠢᠵᠠᠭᠠᠷ ᠢ | ᠪᠠᠭᠠᠰᠬᠠᠬᠤ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠠᠪᠬᠤ ᠴᠠᠭ ᠬᠤᠭᠤᠴᠠᠭ᠎ᠠ ᠪᠠ ᠣᠷᠣᠨ ᠤ ᠳᠣᠲᠣᠷᠠᠬᠢ ᠣᠨᠳᠣᠣ ᠭᠠᠵᠠᠷ ᠤᠨ ᠪᠡᠶ᠎ᠡ ᠶᠢᠨ ᠦᠨᠡᠮᠯᠡᠯ ᠭᠠᠷᠭᠠᠬᠤ ᠴᠠᠭ | ᠬᠤᠭᠤᠴᠠᠭ᠎ᠠ ᠶᠢ ᠤᠤᠯ ᠤᠨ 60 ᠡᠳᠦᠷ ︵ᠪᠤᠶᠢᠳᠠ ᠪᠥᠭᠯᠡᠭᠦᠦ ᠣᠷᠣᠨ 90 ᠡᠳᠦᠷ︶ ᠪᠠᠶᠢᠭᠰᠠᠨ ᠢ ᠴᠠᠭ 25 | ᠡᠳᠦᠷ ᠪᠣᠯᠭᠠᠨ ᠪᠤᠭᠤᠨᠢᠰᠬᠠᠪᠠ᠃ | 18. ᠠᠵᠤ ᠠᠬᠤᠶᠢᠯᠠᠯ ᠬᠠᠮᠲᠤ ᠨᠢᠭᠡᠴᠢ ᠶᠢᠨ ᠠᠵᠢᠯᠴᠢᠨ ᠬᠡᠷᠡᠭᠯᠡᠬᠦ᠂ ᠥᠨᠳᠥᠷ ᠳᠤᠮᠳᠠᠳᠤ᠂ ᠶᠡᠭᠡ ᠳᠡᠭᠡᠳᠦ | ᠰᠤᠷᠭᠠᠭᠤᠯᠢ ᠳᠤ ᠰᠢᠯᠭᠠᠭᠤᠯᠤᠭᠰᠠᠳ ᠪᠡᠶ᠎ᠡ ᠶᠢᠨ ᠦᠨᠡᠮᠯᠡᠯ ᠪᠠᠴᠢᠮ ᠬᠡᠷᠡᠭᠯᠡᠬᠦ ᠵᠡᠷᠭᠡ ᠳᠤ ᠵᠣᠷᠢᠭᠤᠯᠤᠨ ᠪᠡᠶ᠎ᠡ ᠶᠢᠨ | ᠦᠨᠡᠮᠯᠡᠯ ᠬᠢᠬᠦ ︽ᠲᠦᠭᠦᠮ ᠲᠦᠳᠡ ᠴᠡᠭ︾ ᠢ ᠲᠣᠬᠢᠷᠠᠭᠤᠯᠪᠠ᠃ ᠠᠵᠤ ᠠᠬᠤᠶᠢᠯᠠᠯ ᠤᠨ ᠬᠠᠮᠲᠤ ᠨᠢᠭᠡᠴᠢ ᠶᠢᠨ | ᠠᠵᠢᠯᠴᠢᠨ ᠬᠡᠷᠡᠭᠯᠡᠬᠦ᠂ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ᠂ ᠡᠯ᠎ᠡ ᠲᠦᠷᠦᠯ ᠤᠨ ᠠᠵᠢᠯ ᠮᠡᠷᠭᠡᠵᠢᠯ ᠤᠨ | ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠵᠡᠷᠭᠡ ᠶᠢᠨ ᠪᠡᠶ᠎ᠡ ᠶᠢᠨ ᠦᠨᠡᠮᠯᠡᠯ ᠪᠠᠴᠢᠮ ᠬᠡᠷᠡᠭᠯᠡᠬᠦ ᠴᠢᠬᠤᠯᠠ ᠲᠠᠢ | ᠤᠯᠠᠨ ᠲᠦᠮᠡᠨ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠭᠤᠭᠠᠯᠢ ᠠᠷᠠᠳ ᠤᠨ ᠦᠨᠡᠮᠯᠡᠯ | ᠪᠤᠶᠤ ᠪᠡᠶ᠎ᠡ ᠶᠢᠨ ᠦᠨᠡᠮᠯᠡᠯ ᠬᠢᠬᠦ ︽ᠲᠥᠬᠦᠮ ᠳᠥᠲᠡ ᠴᠡᠭ︾ ᠢᠶᠠᠷ ᠳᠠᠮᠵᠢᠭᠤᠯᠤᠨ ᠪ᠊ ᠤᠷᠢᠳ ᠢᠶᠠᠷ ᠬᠦᠯᠢᠶᠡᠨ | ᠠᠪᠬᠤ᠂ ᠡᠩ ᠲᠡᠷᠢᠭᠦᠨ ᠳᠤ ᠮᠡᠳᠡᠭᠡ ᠵᠠᠩᠭᠢ ᠶᠢ ᠳᠠᠮᠵᠢᠭᠤᠯᠤᠨ ᠬᠦᠷᠭᠡᠬᠦ᠂ ᠤᠷᠢᠳ ᠢᠶᠠᠷ ᠦᠨᠡᠮᠯᠡᠯ ᠬᠢᠯᠭᠡᠵᠦ | ᠳᠠᠷᠤᠢ ᠲᠦᠷᠭᠡᠨ ᠦᠨᠡᠮᠯᠡᠯ ᠢᠶᠠᠨ ᠭᠠᠷᠭᠠᠨ ᠠᠪᠴᠤ ᠪᠣᠯᠬᠤ ᠮᠥᠷᠲᠡᠭᠡᠨ ᠂ ᠮᠠᠰᠢ ᠪᠠᠴᠢᠮ ᠪᠡᠶ᠎ᠡ ᠶᠢᠨ ᠦᠨᠡᠮᠯᠡᠯ | ᠬᠡᠷᠡᠭᠯᠡᠬᠦ ᠴᠢᠬᠤᠯᠠᠲᠠᠢ ᠦᠶ᠎ᠡ ᠳᠤ᠂ ᠭᠤᠶᠤᠴᠢᠯᠠᠭᠰᠠᠨ ᠡᠳᠦᠷ ᠲᠡᠭᠡᠨ ᠲᠦᠷ ᠴᠠᠭ ᠤᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠭᠠᠷᠭᠠᠨ ᠠᠪᠴᠤ ᠪᠣᠯᠣᠨ᠎ᠠ᠃ | 19. ᠰᠠᠭᠤᠭᠠᠯᠢ ᠠᠷᠠᠳ ᠥᠪᠡᠷ ᠤᠨ ᠰᠠᠭᠤᠭ᠎ᠠ ᠭᠠᠵᠠᠷ ᠠᠴᠠ ᠬᠠᠮᠤᠭ ᠣᠶᠢᠷᠠᠬᠠᠨ ᠪᠠᠶᠢᠭ᠎ᠠ ᠬᠤᠲᠠ ᠶᠢᠨ | ᠳᠤᠷ᠎ᠠ ᠶᠢᠨ ᠨᠢᠭᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠮᠢᠯᠠᠭᠰᠠᠨ ᠰᠠᠯᠪᠤᠷᠢ ᠳᠤ ᠬᠦᠷᠴᠦ᠂ | ᠭᠡᠭᠡᠭᠰᠡᠨ ᠪᠡᠶ᠎ᠡ ᠶᠢᠨ ᠦᠨᠡᠮᠯᠡᠯ ᠢᠶᠠᠨ ᠨᠥᠬᠦᠵᠦ ᠠᠪᠬᠤ᠂ ᠬᠦᠴᠦᠨ ᠪᠦᠬᠦᠢ ᠬᠤᠭᠤᠴᠠᠭ᠎ᠠ ᠨᠢ ᠳᠠᠭᠤᠰᠤᠭᠰᠠᠨ | ᠦᠨᠡᠮᠯᠡᠯ ᠢᠶᠠᠨ ᠰᠣᠯᠢᠵᠤ ᠠᠪᠬᠤ᠂ ᠡᠪᠳᠡᠷᠡᠭᠰᠡᠨ ᠦᠨᠡᠮᠯᠡᠯ ᠢᠶᠠᠨ ᠰᠢᠨ᠎ᠡ ᠪᠠᠷ ᠰᠣᠯᠢᠵᠤ ᠠᠪᠬᠤ ᠠᠵᠢᠯ ᠤᠳ ᠢ | ᠭᠦᠢᠴᠡᠳᠬᠡᠵᠦ ᠪᠣᠯᠣᠨ᠎ᠠ᠃ | 20. ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠨᠢ ᠬᠤᠭᠤᠴᠠᠭ᠎ᠠ ᠲᠤᠯᠤᠭᠰᠠᠨ ᠦᠶ᠎ᠡ ᠳᠤ ᠰᠠᠨᠠᠭᠤᠯᠬᠤ | ᠦᠢᠯᠡᠴᠢᠯᠡᠭᠡ ᠶᠢ ᠬᠠᠩᠭᠠᠨ᠎ᠠ᠃ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ | ᠲᠤᠯᠬᠤ ︵ᠳᠠᠭᠤᠰᠬᠤ︶ ᠠᠴᠠ 3 ᠰᠠᠷ᠎ᠠ ᠶᠢᠨ ᠡᠮᠦᠨ᠎ᠡ ᠪᠣᠯᠣᠨ ᠬᠦᠴᠦᠨ ᠪᠦᠬᠦᠢ ᠬᠤᠭᠤᠴᠠᠭ᠎ᠠ ᠨᠢ | ᠳᠠᠭᠤᠰᠤᠭᠰᠠᠨ ᠤ ᠳᠠᠷᠠᠭ᠎ᠠ ᠪᠡᠶ᠎ᠡ ᠶᠢᠨ ᠦᠨᠡᠮᠯᠡᠯ ᠢᠶᠠᠨ ᠮᠥᠨ ᠯᠡ ᠰᠣᠯᠢᠵᠤ ᠠᠪᠬᠤ ᠭᠠᠷ ᠭᠦᠢᠴᠡᠳᠬᠡᠯ ᠬᠢᠭᠰᠡᠨ | ᠦᠭᠡᠢ ᠤᠯᠠᠨ ᠲᠦᠮᠡᠨ ᠳᠤ ᠭᠠᠷ ᠤᠲᠠᠰᠤᠨ ᠤ ᠣᠬᠤᠷ ᠮᠡᠳᠡᠭᠡ ᠶᠠᠪᠤᠭᠤᠯᠵᠤ ᠰᠠᠨᠠᠭᠤᠯᠬᠤ ᠪᠠᠷ ᠳᠠᠮᠵᠢᠭᠤᠯᠤᠨ᠂ | ᠣᠯᠠᠨ ᠲᠦᠮᠡᠨ ᠤ ᠦᠨᠡᠮᠯᠡᠯ ᠨᠢ ᠬᠤᠭᠤᠴᠠᠭ᠎ᠠ ᠬᠡᠲᠦᠷᠡᠭᠰᠡᠨ ᠠᠴᠠ ᠪᠣᠯᠵᠤ ᠳᠥᠭᠦᠮ ᠦᠭᠡᠢ ᠪᠠᠶᠢᠳᠠᠯ ᠳᠤ ᠤᠴᠠᠷᠠᠬᠤ | ᠠᠴᠠ ᠰᠡᠷᠭᠡᠶᠢᠯᠡᠨ᠎ᠡ᠃ | 21. ᠰᠠᠭᠤᠭᠠᠯᠢ ᠠᠷᠠᠳ ᠤᠨ ᠦᠨᠡᠮᠯᠡᠯ ᠣᠯᠭᠤᠬᠤ ᠡᠷᠬᠡ ᠶᠢᠨ ᠬᠡᠪᠴᠢᠶ᠎ᠡ ᠶᠢ ᠬᠤᠰᠢᠭᠤ ᠰᠢᠶᠠᠨ ︵ | ᠲᠣᠭᠤᠷᠢᠭ︶ ᠤ ᠳᠣᠲᠣᠭᠠᠳᠤ ᠶᠢ ᠬᠠᠮᠠᠭᠠᠯᠠᠬᠤ ︵ᠬᠤᠪᠢᠶᠠᠷᠢ︶ ᠲᠣᠪᠴᠢᠶ᠎ᠠ ᠬᠦᠷᠲᠡᠯ᠎ᠡ ᠥᠷᠭᠡᠳᠬᠡᠵᠦ ︵ | ᠲᠠᠯᠪᠢᠵᠤ︶᠂ ᠰᠠᠭᠤᠭᠠᠯᠢ ᠠᠷᠠᠳ ᠤᠨ ᠦᠨᠡᠮᠯᠡᠯ ᠢ ᠭᠤᠶᠤᠴᠢᠯᠠᠨ ᠠᠪᠴᠤ ᠪᠣᠯᠬᠤ ᠴᠠᠭ ᠬᠤᠭᠤᠴᠠᠭ᠎ᠠ ᠶᠢ ᠤᠤᠯ | ᠤᠨ 30 ᠡᠳᠦᠷ ᠠᠴᠠ 5 ᠠᠵᠢᠯ ᠤᠨ ᠡᠳᠦᠷ ᠪᠣᠯᠭᠠᠨ ᠪᠣᠭᠤᠨᠢᠰᠬᠠᠵᠠᠢ᠃ | 22. ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠳᠤ᠂ | ᠨᠥᠬᠦᠴᠡᠯ ᠳᠤ ᠨᠡᠶᠢᠴᠡᠭᠰᠡᠨ ᠪᠠᠶᠢᠪᠠᠯ᠂ ᠥᠪᠡᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠨᠣᠮᠧᠷ ᠢᠶᠠᠨ | ᠬᠠᠩᠭᠠᠭᠰᠠᠨ ᠤ ᠳᠠᠷᠠᠭ᠎ᠠ ᠰᠢᠭᠤᠳ ᠭᠤᠶᠤᠴᠢᠯᠠᠨ ᠠᠪᠴᠤ ᠪᠣᠯᠣᠨ᠎ᠠ᠃ ᠡᠷᠤᠭᠡ ᠠᠮᠠ ᠶᠢᠨ ︵ᠲᠠᠩᠰᠠ ᠶᠢᠨ︶ | ᠳᠡᠪᠲᠡᠷ ᠵᠡᠷᠭᠡ ᠪᠤᠰᠤᠳ ᠬᠦᠴᠦᠨ ᠪᠦᠬᠦᠢ ᠭᠡᠷᠡᠴᠢ ᠶᠢ ᠬᠠᠩᠭᠠᠬᠤ ᠴᠢᠬᠤᠯᠠ ᠥᠬᠡᠶ᠂ ᠪᠠᠷᠢᠨ ᠳᠣᠣᠷ᠎ᠠ ᠨᠢ ᠳᠡᠮᠡᠢ | ᠤᠳᠠᠯ ᠦᠭᠡᠢ ᠦᠨᠡᠮᠯᠡᠯ ᠢᠶᠠᠨ ᠭᠠᠷᠭᠠᠨ ᠠᠪᠴᠤ ᠴᠢᠳᠠᠨ᠎ᠠ᠃ | 23. ᠪᠦᠬᠦ ᠣᠷᠣᠨ ᠤ ᠡᠯ᠎ᠡ ᠨᠢᠰᠬᠡᠯ ᠤᠨ ᠲᠠᠯᠠᠪᠤᠷ ᠲᠤ ᠲᠦᠷ ᠴᠠᠭ ᠤᠨ ᠪᠡᠶ᠎ᠡ ᠶᠢᠨ ᠦᠨᠡᠮᠯᠡᠯ ᠤᠨ | ᠭᠡᠷᠡᠴᠢᠯᠡᠯ ᠬᠢᠬᠦ ᠴᠡᠭ ᠭᠠᠷᠭᠠᠨ᠂ ᠤᠯᠠᠨ ᠲᠦᠮᠡᠨ ᠤ ᠨᠢᠰᠬᠡᠯ ᠳᠤ ᠰᠠᠭᠤᠬᠤ ᠵᠡᠷᠭᠡ ᠪᠠᠶᠢᠳᠠᠯ ᠳᠤ ᠪᠡᠶ᠎ᠡ ᠶᠢᠨ ᠢᠷᠠᠯ | ᠭᠠᠷᠤᠯ ᠤᠨ ᠭᠡᠷᠡᠴᠢᠯᠡᠭᠡ ᠬᠢᠵᠦ᠂ ᠲᠡᠳᠡᠨ ᠤ ᠶᠠᠪᠤᠵᠤ ᠰᠠᠭᠤᠬᠤ ᠳᠤ ᠠᠯᠢ ᠴᠢᠳᠠᠬᠤ ᠪᠠᠷ ᠳᠦᠭᠦᠮ ᠦᠵᠡᠭᠦᠯᠦᠨ᠎ᠡ | ᠃ | 24. ︽ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ | ᠭᠤᠶᠤᠴᠢᠯᠠᠨ ᠠᠪᠬᠤ ᠪᠠ ᠲᠠᠷᠬᠠᠭᠠᠬᠤ ᠠᠷᠭ᠎ᠠ︾ ᠶᠢ ᠦᠨᠳᠦᠰᠦᠯᠡᠨ᠂ ᠦᠨᠡᠮᠯᠡᠯ ᠭᠤᠶᠤᠴᠢᠯᠠᠨ ᠠᠪᠬᠤ | ᠨᠥᠬᠦᠴᠡᠯ ᠳᠤ ᠨᠡᠶᠢᠴᠡᠬᠦ ᠮᠠᠨ ᠤ ᠣᠷᠣᠨ ᠳᠤ ᠠᠵᠢᠯᠯᠠᠵᠤ᠂ ᠰᠤᠷᠤᠯᠴᠠᠵᠤ᠂ ᠠᠮᠢᠳᠤᠷᠠᠵᠤ ᠪᠠᠶᠢᠭ᠎ᠠ ᠰᠢᠶᠠᠩᠭᠠᠩ | ᠣᠣᠮᠧᠨ ᠲᠠᠶᠢᠸᠠᠨ ᠤ ᠰᠠᠭᠤᠭᠠᠯᠢ ᠠᠷᠠᠳ ᠲᠤ ᠰᠠᠭᠤᠭᠠᠯᠢ ᠠᠷᠠᠳ ᠤᠨ ᠦᠨᠡᠮᠯᠡᠯ ᠣᠯᠭᠤᠨ᠎ᠠ᠃ | | ᠢᠷᠡᠯᠲᠡ᠄ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠯᠪᠠᠨ ᠭᠡᠷ | |