ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠶᠢᠲᠡᠯᠡᠭᠰᠡᠨ 92 ᠵᠦᠢᠯ ᠤᠨ ︽ᠲᠠᠯᠪᠢᠬᠤ᠂  ᠬᠠᠮᠢᠶᠠᠷᠬᠤ᠂ ᠦᠢᠯᠡᠴᠢᠯᠡᠬᠦ︾ ᠠᠷᠭ᠎ᠠ ᠬᠡᠮᠵᠢᠶᠡᠨ ᠤ ᠣᠨᠴᠠᠭᠠᠢ ᠠᠵᠢᠯ ᠲᠥᠷᠥᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠪᠣᠳᠠᠲᠠᠢ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2019/7/8
         ᠭᠤᠷᠪᠠ᠂ ᠣᠨᠴᠠᠭᠠᠢ ᠠᠵᠢᠯ ᠲᠥᠷᠥᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠯ᠎ᠠ ᠪᠠᠷ       25. ᠠᠮᠤᠷ ᠢ ᠬᠠᠮᠠᠭᠠᠯᠠᠬᠤ ᠦᠢᠯᠡᠴᠢᠯᠡᠭᠡᠨ ᠤ ᠺᠣᠮᠫᠠᠨᠢ ᠪᠣᠯᠣᠨ ᠠᠮᠤᠷ ᠢ ᠬᠠᠮᠠᠭᠠᠯᠠᠬᠤ ᠪᠣᠯᠪᠠᠰᠤᠷᠠᠯ ᠤᠨ  ᠪᠠᠶᠢᠭᠤᠯᠭ᠎ᠠ  ᠪᠠᠶᠢᠭᠤᠯᠬᠤ ᠶᠢ ᠦᠨᠡᠯᠡᠵᠦ ᠵᠥᠪᠰᠢᠶᠡᠷᠡᠬᠦ ᠴᠠᠭ ᠤᠨ ᠬᠢᠵᠠᠭᠠᠷ ᠢ ᠤᠤᠯ ᠤᠨ 30 ᠠᠵᠢᠯ ᠤᠨ ᠡᠳᠦᠷ  ᠪᠠᠶᠢᠭᠰᠠᠨ ᠢ 20 ᠠᠵᠢᠯ ᠤᠨ ᠡᠳᠦᠷ ᠪᠣᠯᠭᠠᠨ ᠪᠣᠭᠤᠨᠢᠰᠬᠠᠬᠵᠠᠢ᠃       26. ᠠᠵᠤ ᠠᠬᠤᠶᠢᠯᠠᠯ ᠠᠮᠤᠷ ᠢ ᠬᠠᠮᠠᠭᠠᠯᠠᠬᠤ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ ᠬᠢᠯᠭᠡᠬᠦ ︵ ᠠᠪᠬᠤ︶ ᠳᠤ᠂ ᠠᠮᠤᠷ ᠢ ᠬᠠᠮᠠᠭᠠᠯᠠᠬᠤ ᠦᠢᠯᠡᠴᠢᠯᠡᠭᠡᠨ ᠤ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ  ᠪᠠ ᠶᠡᠷᠦᠩᠬᠡᠶ ᠳᠠᠭᠠᠭᠠᠮᠠᠯ᠂ ᠳᠡᠳ᠋ ᠶᠡᠷᠦᠩᠬᠡᠶ ᠳᠠᠭᠠᠭᠠᠮᠠᠯ ᠵᠡᠷᠭᠡ ᠭᠤᠣᠯ ᠬᠠᠮᠢᠶᠠᠷᠬᠤ ᠠᠵᠢᠯᠲᠠᠨ ᠨᠢ 5 ᠵᠢᠯ ᠠᠴᠠ  ᠳᠡᠭᠡᠭᠰᠢᠬᠢ ᠴᠡᠷᠢᠭ᠂ ᠳᠣᠲᠣᠭᠠᠳᠤ ᠶᠢ ᠬᠠᠮᠠᠭᠠᠯᠠᠬᠤ᠂ ᠠᠮᠤᠷ ᠲᠦᠪᠰᠢᠨ᠂ ᠰᠢᠭᠦᠬᠦ᠂ ᠪᠠᠶᠢᠴᠠᠭᠠᠬᠤ᠂ ᠬᠠᠤᠯᠢ  ᠴᠠᠭᠠᠵᠠ ᠶᠢᠨ ᠵᠠᠰᠠᠭ ᠵᠠᠬᠢᠷᠭᠠᠨ ᠤ ᠪᠤᠶᠤ ᠠᠮᠤᠷ ᠢ ᠬᠠᠮᠠᠭᠠᠯᠠᠬᠤ᠂ ᠠᠮᠤᠷ ᠢ ᠬᠠᠮᠠᠭᠠᠯᠠᠬᠤ ᠡᠵᠡᠩᠨᠡᠯᠲᠡ  ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ ᠶᠢ ᠭᠡᠷᠡᠴᠢᠯᠡᠬᠦ ᠬᠡᠷᠡᠭ ᠦᠭᠡᠢ  ᠮᠥᠷᠲᠡᠭᠡᠨ ᠥᠪᠡᠷ ᠤᠨ ᠪᠡᠶ᠎ᠡ ᠳᠤᠨᠢ  ᠡᠷᠡᠭᠦᠦ ᠶᠢᠨ ᠬᠡᠷᠡᠭ ᠢᠶᠠᠷ ᠰᠢᠳᠬᠡᠭᠰᠡᠨ᠂ ᠬᠥᠳᠡᠯᠮᠦᠷᠢ ᠪᠠᠷ ᠵᠠᠰᠠᠨ ᠬᠥᠮᠦᠵᠢᠭᠦᠯᠬᠦ᠂ ᠬᠤᠷᠢᠶᠠᠮᠵᠢᠯᠠᠨ ᠰᠤᠷᠭᠠᠬᠤ᠂  ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠡᠳ᠋ᠯᠡᠬᠦ ᠶᠢ ᠨᠢ ᠵᠣᠭᠰᠣᠭᠠᠭᠰᠠᠨ ᠵᠡᠷᠭᠡ ᠪᠠᠶᠢᠳᠠᠯ ᠣᠷᠣᠰᠢᠬᠤ ᠦᠭᠡᠢ ᠶᠢ  ᠭᠡᠷᠡᠴᠢᠯᠡᠬᠦ ᠴᠢᠬᠤᠯᠠ ᠦᠭᠡᠢ᠃ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠠᠮᠤᠷ ᠢ ᠬᠠᠮᠠᠭᠠᠯᠠᠬᠤ ᠦᠢᠯᠡᠴᠢᠯᠡᠭᠡᠨ ᠤ  ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠ ᠶᠡᠷᠦᠩᠬᠡᠶ ᠵᠠᠬᠢᠷᠤᠯ ᠪᠤᠶᠤ ᠳᠡᠳ᠋ ᠶᠡᠷᠦᠩᠬᠡᠢ  ᠳᠠᠭᠠᠭᠠᠮᠠᠯ ᠤᠨ ᠭᠤᠣᠯ ᠬᠠᠮᠢᠶᠠᠷᠬᠤ ᠠᠵᠢᠯᠲᠠᠨ ᠨᠢ ᠭᠠᠳᠠᠭᠠᠳᠤ ᠶᠢᠨ ᠬᠥᠮᠦᠨ  ᠪᠠᠶᠢᠭᠰᠠᠨ ᠴᠤ᠂ ᠠᠮᠤᠷ ᠢ  ᠬᠠᠮᠠᠭᠠᠯᠠᠬᠤ  ᠬᠠᠮᠢᠶᠠᠷᠬᠤ ᠠᠵᠢᠯ ᠢ 5 ᠵᠢᠯ ᠠᠴᠠ ᠳᠡᠭᠡᠭᠰᠢ ᠬᠢᠭᠰᠡᠨ ︵ᠡᠵᠡᠩᠨᠡᠭᠰᠡᠨ︶ ᠭᠡᠷᠡᠴᠢᠯᠡᠯᠲᠡ ᠶᠢ ᠬᠠᠩᠭᠠᠬᠤ   ᠬᠡᠷᠡᠭ ᠥᠬᠡᠶ᠃      27. ᠠᠵᠤ ᠠᠬᠤᠶᠢᠯᠠᠯ ᠠᠮᠤᠷ ᠢ ᠬᠠᠮᠠᠭᠠᠯᠠᠬᠤ ᠪᠣᠯᠪᠠᠰᠤᠷᠠᠭᠤᠯᠤᠯ ᠤᠨ ᠵᠥᠪᠰᠢᠶᠡᠷᠡᠯ ᠤᠨ ᠦᠨᠡᠮᠯᠡᠯ ᠬᠢᠯᠭᠡᠬᠦ  ︵ᠠᠪᠬᠤ︶ ᠭᠤᠶᠤᠴᠢᠯᠠᠯ ᠭᠠᠷᠭᠠᠬᠤ ᠳᠤ᠂ ᠪᠠᠯᠠ ᠣᠷᠣᠭᠤᠯᠤᠭᠴᠢ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂  ᠬᠠᠮᠢᠶᠠᠷᠤᠯᠲᠠ ᠶᠢᠨ ᠠᠵᠢᠯᠳᠠᠨ ᠵᠢᠴᠢ ᠪᠠᠭᠰᠢ ᠠᠵᠢᠯᠳᠠᠨ ᠤ ᠵᠣᠷᠢᠭᠤᠳᠠ ᠶᠠᠯ᠎ᠠ ᠬᠢᠭᠰᠡᠨ ᠲᠡᠦᠬᠡ ᠦᠭᠡᠢ ᠭᠡᠷᠡᠴᠢ  ᠬᠠᠩᠭᠠᠬᠤ ᠬᠡᠷᠡᠭ ᠦᠭᠡᠢ᠂ ᠪᠣᠯᠪᠠᠰᠤᠷᠠᠯ ᠤᠨ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠪᠣᠯ ᠬᠠᠮᠢᠶ᠎ᠠ ᠪᠦᠬᠦᠢ  ᠠᠵᠢᠯ ᠤᠨ  ᠲᠤᠷᠰᠢᠯᠭ᠎ᠠ ᠲᠠᠢ ᠶᠢ ᠭᠡᠷᠡᠴᠢᠯᠡᠬᠦ ᠱᠠᠭᠠᠷᠳᠠᠯᠭ᠎ᠠ ᠥᠬᠡᠶ ᠪᠣᠯᠵᠠᠢ᠃      28. ᠠᠶᠠᠨᠴᠢᠨ ᠤ ᠪᠠᠭᠤᠳᠠᠯ ᠤᠨ ᠦᠢᠯᠡᠰ᠂ ᠳᠠᠨᠵᠢᠯᠠᠬᠤ ᠦᠢᠯᠡᠰ ᠡᠷᠬᠢᠯᠡᠬᠦ ᠵᠡᠷᠭᠡ ᠣᠨᠴᠠ ᠠᠵᠢᠯ  ᠲᠥᠷᠥᠯ ᠤᠨ ᠵᠥᠪᠰᠢᠶᠡᠷᠡᠯ ᠤᠨ ᠦᠨᠡᠮᠯᠡᠯ ᠣᠯᠭᠤᠬᠤ ᠳᠤ ᠠᠮᠠᠯᠠᠯᠳᠠ ᠬᠢᠬᠦ ᠶᠢ ᠬᠡᠷᠡᠭᠵᠢᠭᠦᠯᠦᠨ᠎ᠡ᠂ ᠠᠵᠤ ᠠᠬᠤᠶᠢᠯᠠᠯ  ᠪᠣᠯᠤᠨ ᠤᠯᠠᠨ ᠲᠦᠮᠡᠨ ᠤ ᠬᠢᠭᠰᠡᠨ ᠠᠮᠠᠯᠠᠯᠲᠠ ᠨᠢ ᠬᠢᠨᠠᠨ ᠵᠥᠪᠰᠢᠶᠡᠷᠡᠬᠦ ᠨᠥᠬᠦᠴᠡᠯ ᠳᠤ ᠨᠡᠶᠢᠴᠡᠭᠰᠡᠨ ᠪᠥᠭᠡᠳ  ᠬᠤᠯᠪᠣᠭᠳᠠᠯ ᠪᠦᠬᠦᠢ ᠮᠠᠲ᠋ᠧᠷᠢᠶᠠᠯ ᠢ  ᠲᠤᠰᠢᠶᠠᠭᠰᠠᠨ ᠪᠣᠯ ᠣᠨᠴᠠᠭᠠᠢ ᠠᠵᠢᠯ ᠲᠥᠷᠥᠯ ᠤᠨ ᠦᠢᠯᠡᠴᠢᠯᠡᠭᠡᠨ ᠤ ᠠᠵᠢᠯ  ᠡᠷᠬᠢᠯᠡᠬᠦ ᠶᠢ ᠵᠥᠪᠰᠢᠶᠡᠷᠡᠭᠰᠡᠨ ᠦᠨᠡᠮᠯᠡᠯ ᠣᠯᠭᠤᠨ᠎ᠠ᠃ ᠠᠵᠤ ᠠᠬᠤᠶᠢᠯᠠᠯ  ᠳᠠᠨᠵᠢᠯᠠᠬᠤ ᠠᠵᠢᠯ ᠤᠨ ᠣᠨᠴᠠ ᠠᠵᠢᠯ  ᠲᠥᠷᠥᠯ ᠤᠨ ᠵᠥᠪᠰᠢᠶᠡᠷᠡᠯ ᠤᠨ ᠦᠨᠡᠮᠯᠡᠯ ᠬᠢᠯᠭᠡᠬᠦ ᠭᠤᠶᠤᠴᠢᠯᠠᠯ ᠭᠠᠷᠭᠠᠬᠤ   ᠳᠤ᠂ ᠬᠠᠤᠯᠢ ᠪᠠᠷ ᠲᠣᠭᠲᠠᠭᠠᠭᠰᠠᠨ  ᠲᠥᠯᠥᠭᠡᠯᠡᠭᠴᠢ᠂ ᠬᠤᠪᠢ ᠬᠥᠮᠦᠨ ᠤ ᠬᠤᠪᠢ ᠣᠷᠣᠭᠤᠯᠤᠭᠴᠢ ᠪᠣᠯᠤᠨ ᠪᠤᠰᠤᠳ ᠳᠡᠭᠡᠳᠦ ᠵᠡᠷᠭᠡ ᠶᠢᠨ  ᠬᠠᠮᠢᠶᠠᠷᠤᠯᠲᠠ ᠶᠢᠨ ᠠᠵᠢᠯᠳᠠᠨ ᠤ ᠲᠣᠪᠴᠢ ᠨᠠᠮᠲᠠᠷ᠂ ᠵᠣᠷᠢᠭᠤᠳᠠ ᠶᠠᠯ᠎ᠠ ᠬᠢᠭᠰᠡᠨ ᠲᠡᠥᠭᠡ ᠶᠢᠨ ᠭᠡᠷᠡᠴᠢ ᠪᠠᠷᠢᠮᠳᠠ  ᠬᠠᠩᠭᠠᠬᠤ ᠱᠠᠭᠠᠷᠳᠠᠯᠭ᠎ᠠ ᠥᠬᠡᠶ᠃      29. ᠲᠠᠮᠠᠭ᠎ᠠ ᠰᠡᠶᠢᠯᠦᠨ ᠦᠢᠯᠡᠳᠬᠦ ᠦᠢᠯᠡᠰ ᠤᠨ ᠣᠨᠴᠠ ᠠᠵᠢᠯ ᠲᠥᠷᠥᠯ ᠤᠨ ᠵᠥᠪᠰᠢᠶᠡᠷᠡᠯ ᠤᠨ  ᠭᠦᠢᠴᠡᠳᠬᠡᠬᠦ ᠴᠠᠭ ᠤᠨ ᠬᠢᠵᠠᠭᠠᠷ ᠢ 7 ᠠᠵᠢᠯ ᠤᠨ ᠡᠳᠦᠷ ᠠᠴᠠ ᠬᠡᠲᠦᠷᠡᠭᠦᠯᠬᠦ ᠦᠭᠡᠢ᠃ ᠲᠠᠮᠠᠭ᠎ᠠ ᠰᠡᠶᠢᠯᠦᠨ  ᠦᠢᠯᠡᠳᠬᠦ ᠨᠢᠭᠡᠴᠡ ᠠᠴᠠ ᠰᠦᠯᠵᠢᠶᠡᠨ ᠳᠤ ᠣᠷᠣᠬᠤ ᠰᠦᠢᠳᠬᠡᠯ ᠪᠣᠯᠣᠨ ᠦᠢᠯᠡᠴᠢᠯᠡᠭᠡᠨ ᠤ ᠵᠠᠷᠤᠳᠠᠯ ᠬᠤᠷᠢᠶᠠᠬᠤ   ᠶᠢ ᠪᠦᠬᠦ ᠲᠠᠯ᠎ᠠ ᠪᠠᠷ ᠵᠣᠭᠰᠣᠭᠠᠵᠤ᠂ ᠠᠯᠪᠠ ᠪᠠᠷ ᠲᠠᠮᠠᠭ᠎ᠠ ᠰᠣᠯᠢᠭᠤᠯᠬᠤ ᠵᠡᠷᠭᠡ ᠶᠢᠨ ᠭᠠᠭᠴᠠᠭᠠᠷ ᠡᠵᠡᠮᠰᠢᠬᠦ  ᠡᠵᠡᠩᠨᠡᠯᠲᠡ ᠶᠢ  ᠴᠢᠩᠭ᠎ᠠ ᠴᠠᠭᠠᠵᠠᠯᠠᠨ᠎ᠡ᠃      30. ᠠᠯᠪᠠᠨ ᠲᠠᠮᠠᠭ᠎ᠠ ᠰᠡᠶᠢᠯᠦᠨ ᠦᠢᠯᠡᠳᠬᠦ ᠶᠢ ᠪᠦᠷᠢᠳᠬᠡᠨ ᠳᠠᠩᠰᠠᠯᠠᠬᠤ ᠲᠦᠷᠢᠮ ᠢ ᠬᠡᠷᠡᠭᠵᠢᠭᠦᠯᠵᠦ᠂  ᠠᠯᠪᠠᠨ ᠲᠠᠮᠠᠭ᠎ᠠ ᠰᠡᠶᠢᠯᠦᠨ ᠦᠢᠯᠡᠳᠬᠦ ᠠᠵᠤ ᠠᠬᠤᠶᠢᠯᠠᠯ ᠢ ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ  ᠥᠭᠡᠷᠡᠴᠢᠯᠡᠯᠲᠡ ᠶᠢᠨ ᠬᠦᠷᠢᠶ᠎ᠡ ᠬᠡᠪᠴᠢᠶ᠎ᠡ ᠳᠤ ᠬᠠᠮᠤᠷᠴᠤ᠂ ᠠᠯᠪᠠᠨ ᠲᠠᠮᠠᠭ᠎ᠠ ᠰᠡᠶᠢᠯᠦᠨ ᠦᠢᠯᠡᠳᠬᠦ ᠦᠢᠯᠡᠰ ᠢ  ᠪᠠᠶᠢᠴᠠᠭᠠᠨ ᠰᠢᠯᠭᠠᠬᠤ᠂ ᠬᠢᠨᠠᠨ ᠵᠥᠪᠰᠢᠶᠡᠷᠡᠬᠦ ᠡᠷᠬᠡ ᠮᠡᠳᠡᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ  ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ   ᠠᠴᠠ ᠬᠤᠰᠢᠭᠤ ᠰᠢᠶᠠᠨ ︵ᠬᠤᠲᠠ ᠶᠢᠨ ᠲᠣᠭᠤᠷᠢᠭ︶ ᠤ ᠱᠠᠲᠤᠨ ᠤ  ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠲᠡᠯ᠎ᠡ ᠳᠣᠷᠣᠭᠰᠢ ᠪᠠᠭᠤᠯᠭᠠᠵᠤ᠂ ᠠᠯᠪᠠᠨ ᠲᠠᠮᠠᠭ᠎ᠠ ᠰᠡᠶᠢᠯᠦᠨ  ᠦᠢᠯᠡᠳᠬᠦ ᠭᠦᠢᠴᠡᠳᠬᠡᠬᠦ ᠴᠠᠭ ᠤᠨ ᠬᠢᠵᠠᠭᠠᠷ ᠢ ᠨᠢᠭᠡ ᠠᠵᠢᠯ ᠤᠨ ᠡᠳᠦᠷ ᠪᠣᠯᠭᠠᠨ ᠪᠣᠭᠤᠨᠢᠰᠬᠠᠵᠠᠢ᠃      31. ᠠᠯᠪᠠᠨ ᠲᠠᠮᠠᠭ᠎ᠠ ᠰᠡᠶᠢᠯᠦᠨ ᠦᠢᠯᠡᠳᠬᠦ ᠶᠢ ᠮᠡᠳᠡᠭᠦᠯᠵᠦ ᠳᠠᠩᠰᠠᠯᠠᠭᠤᠯᠬᠤ ᠠᠵᠢᠯ ᠢ ᠲᠠᠮᠠᠭ᠎ᠠ ᠬᠡᠷᠡᠭᠯᠡᠬᠦ  ᠨᠢᠭᠡᠴᠡ  ᠭᠦᠢᠴᠡᠳᠬᠡᠬᠦ ᠬᠡᠷᠡᠭ ᠦᠭᠡᠢ᠃ ᠠᠵᠤ ᠠᠬᠤᠶᠢᠯᠠᠯ ᠡᠵᠡᠩᠨᠡᠯᠲᠡ ᠶᠢᠨ ᠦᠨᠡᠮᠯᠡᠯ ᠭᠤᠶᠤᠴᠢᠯᠠᠨ ᠠᠪᠬᠤ  ᠦᠶ᠎ᠡ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠴᠢ ᠶᠢᠨ ᠬᠤᠯᠪᠣᠭᠳᠠᠯ  ᠪᠦᠬᠦᠢ ᠮᠡᠳᠡᠭᠡ ᠵᠠᠩᠭᠢ ᠶᠢ ᠲᠠᠮᠠᠭ᠎ᠠ ᠰᠡᠶᠢᠯᠵᠦ ᠬᠢᠯᠭᠡᠭᠰᠡᠨ ᠰᠤᠷᠠᠭ ᠵᠠᠩᠭᠢ ᠲᠠᠢ  ᠴᠤᠭ ᠲᠤᠨᠢ ᠬᠠᠮᠲᠤ ᠪᠠᠷ ᠢᠶᠠᠨ  ᠡᠳ᠋ᠯᠡᠬᠦ ᠲᠠᠪᠴᠠᠩ ᠳᠤ ᠳᠠᠮᠵᠢᠭᠤᠯᠤᠨ ᠮᠡᠳᠡᠭᠦᠯᠦᠨ᠎ᠡ︔ ᠲᠠᠮᠠᠭ᠎ᠠ ᠶᠢ ᠰᠡᠶᠢᠯᠵᠦ ᠦᠢᠯᠡᠳᠦᠭᠰᠡᠨ ᠨᠢᠭᠡᠴᠡ ᠲᠠᠮᠠᠭ᠎ᠠ ᠶᠢᠨ  ᠬᠡᠪ ᠶᠠᠩᠵᠤ᠂ ᠨᠢᠭᠡᠴᠡ ᠶᠢᠨ ᠮᠡᠳᠡᠭᠡ ᠵᠠᠩᠭᠢ ᠵᠡᠷᠭᠡ ᠶᠢ ᠲᠣᠭᠲᠠᠭᠠᠯ ᠶᠣᠰᠣᠭᠠᠷ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠠᠯᠪᠠᠨ ᠲᠠᠮᠠᠭ᠎ᠠ ᠬᠡᠷᠡᠭᠯᠡᠬᠦ ᠨᠢᠭᠡᠴᠡ ᠳᠣᠲᠣᠭᠠᠳᠤ ᠶᠢ  ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠬᠤ  ᠴᠢᠬᠤᠯᠠ ᠦᠭᠡᠢ᠃       32. ᠪᠠᠭᠤᠳᠠᠯ᠂ ᠳᠠᠭᠤᠤ ᠪᠥᠵᠢᠭ᠂ ᠨᠠᠶᠢᠷ ᠨᠠᠭᠠᠳᠤᠮ᠂ ᠰᠢᠲᠠᠷ᠎ᠠ ᠫᠠᠢ᠂ ᠪᠡᠶ᠎ᠡ ᠤᠬᠢᠶᠠᠯᠭ᠎ᠠ᠂ ᠲᠠᠮᠠᠭ᠎ᠠ  ᠰᠡᠶᠢᠯᠬᠦ᠂ ᠬᠡᠪᠯᠡᠯ᠂ ᠬᠠᠭᠤᠴᠢᠨ ᠪᠠᠷᠠᠭ᠎ᠠ᠂ ᠮᠠᠰᠢᠨ ᠲᠡᠷᠭᠡ ᠵᠠᠰᠠᠬᠤ᠂ ᠦᠢᠯᠡᠳᠪᠦᠷᠢᠯᠡᠯ ᠤᠨ ᠴᠢᠨᠠᠷᠲᠠᠶ ᠬᠠᠶᠠᠭᠳᠠᠮᠠᠯ  ᠬᠠᠭᠤᠴᠢᠨ ᠲᠡᠮᠦᠷᠯᠢᠭ ᠵᠢᠴᠢ ᠭᠡᠷ ᠪᠠᠶᠢᠰᠢᠩ ᠲᠦᠷᠢᠶᠡᠰᠦᠯᠡᠭᠦᠯᠬᠦ ᠵᠡᠷᠭᠡ ᠭᠠᠵᠠᠷ ︵ᠲᠠᠯᠠᠪᠤᠷ︶ ᠪᠤᠶᠤ ᠠᠵᠢᠯ  ᠲᠥᠷᠥᠯ ᠤᠨ ᠬᠢᠨ᠂ ᠬᠠᠮᠢᠶ᠎ᠠ ᠪᠦᠬᠦᠢ ᠮᠡᠳᠡᠭᠡ ᠵᠠᠩᠭᠢ  ᠪᠠᠨ ᠲᠣᠭᠲᠠᠭᠠᠯ ᠶᠣᠰᠣᠭᠠᠷ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠂ ᠮᠡᠳᠡᠭᠦᠯᠦᠨ ᠬᠦᠷᠭᠡᠭᠰᠡᠨ ᠬᠤᠯᠪᠣᠭᠳᠠᠯ ᠪᠦᠬᠦᠢ  ᠮᠠᠲ᠋ᠧᠷᠢᠶᠠᠯ  ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢᠭᠡ ᠠᠵᠢᠯ ᠤᠨ ᠡᠳᠦᠷ ᠤᠨ ᠳᠣᠲᠣᠷ᠎ᠠ ᠬᠠᠷᠭᠤᠭᠤᠯᠵᠤ  ᠨᠤᠲᠠᠯᠠᠭᠰᠠᠨ ᠤ ᠳᠠᠷᠠᠭ᠎ᠠ᠂ ᠪᠦᠷᠢᠳᠬᠡᠨ ᠳᠠᠩᠰᠠᠯᠠᠨ᠎ᠡ᠃       33. ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ  ᠂ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ᠂ ᠬᠤᠸᠠᠷ ᠫᠤᠤᠵᠢᠩ ᠲᠡᠭᠡᠭᠡᠪᠦᠷᠢᠯᠡᠬᠦ ᠦᠨᠡᠮᠯᠡᠯ  ᠵᠡᠷᠭᠡ ᠦᠨᠡᠮᠯᠡᠯ ᠢ  ᠭᠤᠶᠤᠴᠢᠯᠠᠨ ᠠᠪᠬᠤ  ᠳᠤ᠂ ᠬᠠᠤᠯᠢ ᠪᠠᠷ ᠲᠣᠭᠲᠠᠭᠠᠭᠰᠠᠨ ᠭᠦᠢᠴᠡᠳᠬᠡᠬᠦ ᠴᠠᠭ ᠢ ᠦᠭᠡᠷᠡᠴᠢᠯᠡᠭᠡᠳ᠂ ᠤᠷᠢᠳᠴᠢᠯᠠᠨ  ᠪᠣᠯᠵᠣᠵᠤ᠂  ᠬᠦᠷᠦᠭᠰᠡᠨ ᠤ ᠳᠠᠷᠠᠭ᠎ᠠ ᠳᠠᠮᠡᠢ ᠤᠳᠠᠬᠤ ᠦᠭᠡᠢ  ᠪᠠᠷ ᠭᠦᠢᠴᠡᠳᠬᠡᠵᠤ ᠴᠢᠳᠠᠬᠤ ᠪᠣᠯᠭᠠᠪᠠ᠃       ᠢᠷᠡᠯᠲᠡ᠄  ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠯᠪᠠᠨ ᠭᠡᠷ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号