ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠶᠢᠲᠡᠯᠡᠭᠰᠡᠨ 92 ᠵᠦᠢᠯ ᠤᠨ  ︽ᠲᠠᠯᠪᠢᠬᠤ᠂  ᠬᠠᠮᠢᠶᠠᠷᠬᠤ᠂ ᠦᠢᠯᠡᠴᠢᠯᠡᠬᠦ︾ ᠠᠷᠭ᠎ᠠ ᠬᠡᠮᠵᠢᠶᠡᠨ ᠤ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ  ᠪᠤᠰᠤᠳ ᠦᠢᠯᠡᠴᠢᠯᠡᠭᠡ ᠬᠠᠮᠢᠶᠠᠷᠤᠯᠲᠠ ᠶᠢᠨ ᠲᠠᠯ᠎ᠠ ᠪᠠᠷ ᠬᠢ ᠪᠣᠳᠠᠲᠠᠢ ᠠᠷᠭ᠎ᠠ ᠠᠪᠴᠠᠯ
ᠨᠡᠶᠢᠲᠡᠯᠡᠭᠰᠡᠨ ᠴᠠᠭ᠄
2019/7/8
           ᠵᠢᠷᠭᠤᠭ᠎ᠠ᠂ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠪᠤᠰᠤᠳ       ᠦᠢᠯᠡᠴᠢᠯᠡᠭᠡ ᠬᠠᠮᠢᠶᠠᠷᠤᠯᠲᠠ ᠶᠢᠨ ᠲᠠᠯ᠎ᠠ ᠪᠠᠷ90. ᠨᠢᠭᠡᠳᠦᠭᠡᠷ ᠲᠥᠷᠥᠯ ᠤᠨ ᠠᠮᠠᠷᠬᠠᠨ ᠬᠤᠣᠷ ᠦᠢᠯᠡᠳᠪᠦᠷᠢᠯᠡᠵᠤ ᠪᠣᠯᠬᠤ ᠬᠢᠮᠢ ᠶᠢᠨ ᠡᠳ᠋ ᠪᠣᠳᠠᠰ ᠢ  ᠲᠡᠭᠡᠭᠡᠪᠦᠷᠢᠯᠡᠬᠦ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠨ᠎ᠠ᠂ ᠬᠠᠤᠯᠢ ᠪᠠᠷ  ᠲᠣᠭᠲᠠᠭᠠᠭᠰᠠᠨ 10 ᠠᠵᠢᠯ ᠤᠨ ᠡᠳᠦᠷ ᠢ ᠪᠣᠭᠤᠨᠢᠰᠬᠠᠭᠠᠳ 5 ᠠᠵᠢᠯᠯᠠᠬᠤ ᠡᠳᠦᠷ ᠪᠣᠯᠭᠠᠨ᠎ᠠ᠃ ᠨᠢᠭᠡᠳᠦᠭᠡᠷ  ᠲᠥᠷᠥᠯ  ᠤᠨ ᠠᠮᠠᠷᠬᠠᠨ ᠬᠤᠣᠷ ᠦᠢᠯᠡᠳᠪᠦᠷᠢᠯᠡᠵᠤ ᠪᠣᠯᠬᠤ ᠬᠢᠮᠢ ᠶᠢᠨ ᠡᠳ᠋ ᠪᠣᠳᠠᠰ ᠢ ᠬᠤᠳᠠᠯᠳᠤᠨ ᠠᠪᠬᠤ ᠶᠢ  ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠤᠤᠯ ᠤᠨ ᠬᠠᠤᠯᠢ ᠪᠠᠷ ᠲᠣᠭᠲᠠᠭᠠᠭᠰᠠᠨ 10 ᠠᠵᠢᠯ ᠤᠨ ᠡᠳᠦᠷ   ᠪᠠᠶᠢᠭᠰᠠᠨ ᠢ ᠪᠣᠭᠤᠨᠢᠰᠬᠠᠭᠠᠳ 8 ᠠᠵᠢᠯᠯᠠᠬᠤ ᠡᠳᠦᠷ ᠪᠣᠯᠭᠠᠪᠠ᠃       91. ᠰᠦᠯᠵᠢᠶᠡᠨ ᠤ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠶᠢᠨ ᠳᠠᠩᠰᠠᠯᠠᠭᠤᠯᠤᠭᠰᠠᠨ  ᠮᠠᠲ᠋ᠧᠷᠢᠶᠠᠯ ᠢ ᠰᠢᠦᠳᠠᠨ ᠢᠶᠠᠷ ᠲᠤᠰᠢᠶᠠᠵᠤ ᠬᠦᠷᠭᠡᠨ᠂ ᠨᠢᠭᠡ ᠤᠳᠠᠭ᠎ᠠ ᠠᠭᠤᠯᠵᠠᠵᠤ᠂ ᠨᠢᠭᠡᠯᠡ ᠤᠳᠠᠭ᠎ᠠ ᠳᠤ ᠦᠨᠡᠮᠯᠡᠯ  ᠠᠪᠬᠤ ᠶᠢ ᠪᠡᠶᠡᠯᠡᠭᠦᠯᠦᠨ᠂ ᠭᠦᠢᠴᠡᠳᠬᠡᠬᠦ ᠴᠠᠭ ᠤᠨ ᠬᠢᠵᠠᠭᠠᠷ ᠢ  ᠤᠤᠯ ᠤᠨ 10 ᠠᠵᠢᠯᠯᠠᠬᠤ ᠡᠳᠦᠷ ᠪᠠᠶᠢᠭᠰᠠᠨ ᠢ  ᠪᠣᠭᠤᠨᠢᠰᠬᠠᠭᠠᠳ 5 ᠠᠵᠢᠯᠯᠠᠬᠤ ᠡᠳᠦᠷ ᠪᠣᠯᠭᠠᠪᠠ᠃      92. ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾  ᠠᠵᠢᠯ ᠤᠨ ᠬᠡᠯᠪᠡᠷᠢ ᠶᠢ ᠲᠦᠯᠬᠢᠨ ᠠᠬᠢᠭᠤᠯᠵᠤ᠂ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ  ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠪᠠᠶᠢᠭᠤᠯᠤᠨ᠂ ᠠᠮᠤᠷ ᠲᠦᠪᠰᠢᠨ ᠢ ᠬᠠᠮᠠᠭᠠᠯᠠᠬᠤ᠂ ᠬᠢᠯᠢ ᠪᠠᠷ ᠭᠠᠷᠬᠤ  ᠣᠷᠣᠬᠤ ᠶᠢ ᠬᠠᠮᠢᠶᠠᠷᠬᠤ᠂ ᠬᠢᠯᠢ ᠶᠢᠨ ᠬᠠᠮᠠᠭᠠᠯᠠᠯᠳᠠ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ᠂ ᠵᠠᠮ  ᠬᠠᠷᠢᠯᠴᠠᠭᠠᠨ ᠤ ᠬᠠᠮᠢᠶᠠᠷᠤᠯᠲᠠ᠂ ᠰᠢᠨᠵᠢᠯᠡᠭᠡ ᠮᠡᠷᠭᠡᠵᠢᠯ ᠰᠤᠷᠠᠭ ᠵᠠᠩᠭᠢᠵᠢᠯᠲᠠ ᠵᠡᠷᠭᠡ ᠰᠠᠯᠠᠭ᠎ᠠ ᠮᠥᠴᠢᠷ᠂  ᠴᠠᠭᠳᠠᠭᠠᠨ ᠤ ᠲᠦᠷᠤᠯ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠰᠦᠯᠵᠢᠶᠡᠨ ᠳᠤ  ᠭᠠᠷᠭᠠᠵᠤ ᠪᠣᠯᠬᠤ ᠶᠢ ᠪᠦᠬᠦᠨ ᠢ ᠰᠦᠯᠵᠢᠶᠡᠨ ᠳᠤ ᠭᠠᠷᠭᠠᠵᠤ᠂ ᠪᠥᠬᠦ ᠶᠠᠪᠤᠴᠠ ᠶᠢ ᠰᠦᠯᠵᠢᠶᠡᠨ ᠳᠤ ᠪᠠᠶᠢᠯᠭᠠᠬᠤ︾   ᠶᠢ ᠪᠡᠶᠡᠯᠡᠭᠦᠯᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠪᠠ ᠮᠡᠳᠡᠭᠦᠯᠦᠨ ᠳᠠᠩᠰᠠᠯᠠᠭᠤᠯᠬᠤ ᠶᠢ  ᠰᠦᠯᠵᠢᠶᠡᠨ ᠳᠡᠭᠡᠷ᠎ᠡ ᠭᠦᠢᠴᠡᠳᠬᠡᠵᠤ᠂ ᠭᠤᠶᠤᠴᠢᠯᠠᠨ ᠮᠡᠳᠡᠭᠦᠯᠬᠦ᠂ ᠵᠥᠪᠯᠡᠯᠭᠡ ᠠᠪᠬᠤ᠂ ᠬᠦᠯᠢᠶᠡᠨ ᠠᠪᠴᠤ  ᠰᠢᠢᠳᠪᠦᠷᠢᠯᠡᠬᠦ᠂ ᠢᠯᠠ ᠪᠣᠯᠭᠠᠬᠤ᠂ ᠯᠠᠪᠯᠠᠨ ᠪᠠᠶᠢᠴᠠᠭᠠᠬᠤ᠂ ᠭᠦᠢᠴᠡᠳᠬᠡᠬᠦ ᠵᠡᠷᠭᠡ ᠶᠢ ᠨᠢᠭᠡ ᠯᠡ ᠰᠦᠯᠵᠢᠶ᠎ᠡ ᠪᠠᠷ  ᠪᠦᠬᠦᠨ ᠢ ᠭᠦᠢᠴᠡᠳᠬᠡᠬᠦ ᠶᠢ ᠪᠡᠶᠡᠯᠡᠭᠦᠯᠦᠨ᠎ᠡ᠃     ᠢᠷᠡᠯᠲᠡ᠄  ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠯᠪᠠᠨ ᠬᠡᠷ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号