| ᠡᠨᠡ ᠵᠢᠯ ᠠᠴᠠ ᠨᠠᠰᠢ᠂ ᠨᠢᠩᠴᠧᠩ ᠰᠢᠶᠠᠨ ᠣᠯᠠᠨ ᠵᠤᠶᠢᠯ ᠤᠨ ᠠᠷᠭ᠎ᠠ ᠬᠡᠮᠵᠢᠶ᠎ᠡ ᠠᠪᠴᠤ᠂ ᠡᠳ᠋ ᠤᠨ ᠵᠠᠰᠠᠭ | ᠤᠨ ᠵᠠᠷᠤᠯᠭ᠎ᠠ ᠶᠢᠨ ᠠᠬᠢᠯᠲᠠ ᠶᠢᠨ ᠵᠠᠷᠤᠯᠭ᠎ᠠ ᠶᠢᠨ ᠠᠬᠢᠴᠠ ᠶᠢ ᠢᠯᠡᠳᠲᠡ ᠲᠦᠷᠭᠡᠳᠬᠡᠪᠡ᠃ 2019 ᠣᠨ ᠤ | ᠳᠡᠭᠡᠷ᠎ᠡ ᠬᠠᠭᠠᠰ ᠵᠢᠯ ᠳᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠨᠡᠶᠢᠲᠡ 18.9 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠲᠦᠷᠦᠭᠦᠤ ᠵᠢᠯ ᠤᠨ ᠬᠢ ᠠᠴᠠ 2.9 ᠳ᠋ᠦᠩᠰᠢᠭᠤᠷ ᠲᠥᠭᠦᠷᠢᠭ ᠨᠡᠮᠡᠭᠳᠡᠨ᠂ 18.2 | % ᠢᠶᠠᠷ ᠨᠡᠮᠡᠭᠳᠡᠪᠡ᠃ | ᠨᠢᠭᠡ ᠳᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠲᠠᠷᠢᠶᠠᠯᠠᠩ ᠣᠢ ᠰᠢᠭᠤᠶ | ᠤᠰᠤ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠠᠷᠠᠳ ᠲᠤ ᠪᠤᠳᠠᠳᠠᠢ ᠠᠵᠢᠯ ᠬᠢᠬᠦ ᠲᠦᠷᠥᠯ ᠵᠤᠶᠢᠯ ᠤᠨ ᠪᠡᠯᠡ ᠮᠥᠩᠭᠦ ᠶᠢ ᠪᠣᠳᠠᠲᠠᠶ ᠭᠠᠵᠠᠷ ᠲᠤᠨᠢ | ᠨᠠᠶᠢᠳᠠᠪᠤᠷᠢᠵᠢᠭᠤᠯᠬᠤ ᠶᠢ ᠪᠠᠲᠤᠯᠠᠪᠠ᠃ | ᠬᠤᠶᠠᠷ ᠲᠤ᠂ ᠦᠯᠡᠳᠡᠭᠡᠯ ᠪᠠᠯᠠ ᠮᠥᠩᠭᠦ ᠶᠢᠨ ᠴᠢᠯᠥᠭᠡᠲᠡᠶ ᠭᠦᠢᠯᠭᠡᠭᠡᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ | ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ ᠬᠠᠷᠠᠯᠲᠠ ᠪᠣᠯᠭᠠᠨ᠂ ᠤᠤᠯ ᠤᠨ ᠬᠡᠷᠡᠭᠴᠡᠭᠡ ᠶᠣᠰᠣᠭᠠᠷ | ᠬᠠᠷᠠᠭᠠᠯᠵᠠᠭᠰᠠᠨ ᠪᠠᠯᠠ ᠮᠥᠩᠭᠦ ᠶᠢ ᠬᠡᠷᠡᠭᠯᠡᠵᠦ᠂ ᠬᠡᠷᠡᠭᠯᠡᠯᠲᠡ ᠳᠤ ᠣᠷᠣᠭᠤᠯᠬᠤ ᠶᠢ ᠠᠬᠢᠭᠤᠯᠤᠨ᠂ ᠠᠷᠠᠳ ᠤᠨ | ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠤᠤᠯ ᠤᠨ ᠬᠡᠷᠡᠭᠴᠡᠭᠡ ᠶᠣᠰᠣᠭᠠᠷ ᠬᠡᠷᠡᠭᠯᠡᠬᠦ ᠴᠢᠬᠤᠯᠠ ᠥᠬᠡᠶ | ᠦᠯᠡᠳᠡᠭᠡᠯ ᠪᠠᠯᠠ ᠮᠥᠩᠭᠦ ᠶᠢ ᠪᠤᠰᠤᠳ ᠪᠠᠴᠢᠮ ᠬᠡᠷᠡᠭᠰᠡᠬᠦ ᠭᠤᠤᠯᠳᠠᠯᠭ᠎ᠠ ᠲᠠᠢ ᠬᠦᠷᠢᠶᠡᠨ ᠳᠤ ᠨᠢᠭᠡᠳᠦᠯᠲᠡᠶ | ᠲᠥᠯᠥᠪᠯᠡᠨ ᠬᠡᠷᠡᠭᠯᠡᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ ᠶᠢᠨ ᠪᠦᠲᠦᠮᠵᠢᠲᠡᠶ ᠬᠠᠩᠭᠠᠯᠭ᠎ᠠ ᠶᠢ | ᠪᠠᠲᠤᠯᠠᠪᠠ᠃ | ᠭᠤᠷᠪᠠ ᠳᠤ᠂ ᠵᠠᠷᠤᠯᠭ᠎ᠠ ᠶᠢᠨ ᠲᠥᠰᠦᠪ ᠢ ᠭᠦᠢᠴᠡᠳᠭᠡᠬᠦ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ | ᠰᠠᠯᠭᠠᠨ ᠥᠭᠬᠦ ᠠᠬᠢᠴᠠ ᠶᠢ ᠲᠦᠷᠭᠡᠳᠬᠡᠵᠦ᠂ ︽ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠠᠷᠠᠳ ᠤᠨ | ᠦᠨᠳᠦᠰᠦᠨ ᠠᠮᠢᠳᠤᠷᠠᠯ ᠢ ᠪᠠᠲᠤᠯᠠᠬᠤ︾ ᠡᠯ ᠵᠤᠶᠢᠯ ᠤᠨ ᠪᠡᠯᠡ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠴᠦ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠢᠯᠠᠩᠭᠤᠶ᠎ᠠ ᠶᠠᠳᠠᠭᠤ ᠶᠢ ᠲᠡᠳᠬᠦᠬᠦ᠂ ᠪᠣᠬᠢᠷᠲᠤᠯ ᠢ ᠰᠡᠷᠭᠡᠶᠢᠯᠡᠨ | ᠵᠠᠰᠠᠬᠤ ᠵᠡᠷᠭᠡ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠬᠦᠷᠢᠶᠡᠨ ᠳᠤ ᠬᠤᠯᠪᠣᠭᠳᠠᠬᠤ ᠪᠡᠯᠡ ᠮᠥᠩᠭᠦ ᠶᠢ | ᠠᠯᠢ ᠲᠦᠷᠭᠡᠨ ᠢᠶᠠᠷ ᠰᠠᠯᠭᠠᠨ ᠦᠭᠴᠦ ᠪᠤᠳᠠᠳᠠᠶᠢᠵᠢᠭᠤᠯᠪᠠ᠃ |