ᠨᠢᠩᠴᠧᠩ ᠰᠢᠶᠠᠨ ᠤ ᠡᠳ᠋ ᠤᠨ ᠵᠠᠰᠠᠭ ᠠᠷᠠᠳ ᠤᠨ ᠠᠮᠢᠳᠤᠷᠠᠯ ᠤᠨ ᠵᠠᠷᠤᠯᠭ᠎ᠠ ᠦᠷᠭᠦᠯᠵᠢᠯᠡᠨ ᠨᠡᠮᠡᠭᠳᠡᠪᠡ
ᠨᠡᠶᠢᠲᠡᠯᠡᠭᠰᠡᠨ ᠴᠠᠭ᠄
2019/7/8
  ᠨᠢᠩᠴᠧᠩ ᠰᠢᠶᠠᠨ ᠣᠯᠠᠨ ᠨᠡᠶᠢᠲᠡ ᠶᠢᠨ ᠡᠳ᠋ ᠤᠨ ᠵᠠᠰᠠᠭ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠷᠢᠮᠲᠠᠯᠠᠵᠤ᠂ ︽ᠠᠷᠠᠳ ᠲᠦᠮᠡᠨ ᠢᠶᠠᠷ ᠭᠤᠤᠯ ᠪᠣᠯᠭᠠᠬᠤ︾ ᠣᠶᠢᠯᠠᠭᠠᠭᠳᠠᠬᠤᠨ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠨᠠᠶᠢᠳᠠᠪᠤᠷᠢᠵᠢᠭᠤᠯᠤᠨ᠂ ᠡᠩ ᠤᠨ ᠴᠢᠨᠠᠷᠲᠠᠶ ᠵᠠᠷᠤᠯᠭ᠎ᠠ ᠶᠢ ᠴᠢᠷᠮᠠᠶᠢᠨ ᠪᠠᠭᠠᠰᠬᠠᠵᠤ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠠᠷᠤᠯᠭ᠎ᠠ ᠶᠢᠨ ᠬᠡᠷᠡᠭᠴᠡᠭᠡ ᠶᠢ ᠪᠠᠲᠤᠯᠠᠵᠤ᠂ ᠡᠳ᠋ ᠤᠨ ᠬᠦᠴᠦᠨ ᠤ ᠭᠤᠤᠯᠳᠠᠯᠭ᠎ᠠ ᠶᠢ ᠠᠷᠠᠳ ᠤᠨ ᠠᠮᠢᠳᠤᠷᠠᠯ ᠤᠨ ᠬᠦᠷᠢᠶ᠎ᠡ ᠲᠡᠰᠢ ᠬᠡᠯᠪᠡᠶᠢᠯᠭᠡᠪᠡ᠃    6 ᠰᠠᠷ᠎ᠠ ᠶᠢᠨ ᠡᠴᠦᠰ ᠪᠣᠯᠲᠠᠯ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠳᠣᠲᠣᠷᠠᠬᠢ ᠡᠯ᠎ᠡ ᠵᠤᠶᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠲᠡ 16.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 2.2 ᠳ᠋ᠦᠩᠰᠢᠭᠤᠷ ᠲᠥᠭᠦᠷᠢᠭ ᠨᠡᠮᠡᠭᠳᠡᠨ᠂ 15.2 % ᠢᠶᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠵᠡᠯᠡᠬᠦ ᠬᠠᠷᠢᠴᠠᠯ 87.6 % ᠳᠤ ᠬᠦᠷᠴᠡᠶ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号