| ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠨᠠᠩ ᠰᠠᠶᠢᠨ ᠬᠥᠭᠵᠢᠭᠦᠯᠬᠦ ᠶᠢᠨ ᠲᠥᠯᠥᠭᠡ᠂ | 2019 ᠣᠨ ᠳᠤ ᠨᠢᠩᠴᠧᠩ ᠰᠢᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠶᠠᠰᠤ | ᠴᠢᠨᠠᠷ ᠤᠨ ᠪᠠᠶᠢᠭᠤᠯᠤᠯᠲᠠ ᠶᠢᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ | ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠨᠢᠭᠡ ᠳᠤ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠨᠢ ᠦᠢᠯᠭᠠᠪᠠ᠃ ᠰᠢᠶᠠᠨ ᠤ | ᠳᠣᠲᠣᠷᠠᠬᠢ ᠨᠠᠰᠤᠲᠠᠨ ᠢ ᠠᠰᠠᠷᠠᠬᠤ ᠬᠦᠷᠢᠶᠡᠯᠡᠩ ᠤᠨ ᠰᠠᠭᠤᠷᠢ ᠲᠥᠬᠦᠭᠡᠷᠦᠮᠵᠢ᠂ ᠠᠵᠢᠯᠯᠠᠭᠠᠨ ᠤ ᠬᠠᠮᠢᠶᠠᠷᠤᠯᠲᠠ᠂ | ᠣᠷᠣᠭᠤᠯᠤᠯᠲᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ | ᠪᠠᠶᠢᠴᠠᠭᠠᠨ ᠡᠮᠬᠢᠯᠡᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠤᠨ | ᠪᠠᠶᠢᠭᠤᠯᠤᠯᠲᠠ ᠶᠢᠨ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ | ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠰᠠᠭᠤᠷᠢ ᠲᠠᠯᠪᠢᠪᠠ᠃ | ᠬᠤᠶᠠᠷ ᠲᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠤᠨ ᠣᠳᠣᠬᠢ ᠪᠠᠶᠢᠳᠠᠯ ᠪᠠ ᠪᠠᠶᠢᠴᠠᠭᠠᠬᠤ | ᠲᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠳᠦᠷᠢᠮ ᠤᠨ | ᠪᠠᠷᠢᠮᠵᠢᠶ᠎ᠠ ᠪᠠ ᠬᠠᠲᠠᠭᠤ ᠬᠡᠷᠡᠭᠰᠡᠯ ᠤᠨ ᠪᠠᠷᠢᠮᠵᠢᠶ᠎ᠠ ᠶᠢ ᠰᠤᠳᠤᠯᠤᠨ ᠨᠠᠷᠢᠯᠢᠭᠵᠢᠭᠤᠯᠬᠤ ᠶᠢᠨ ᠬᠠᠮᠲᠤ ᠨᠠᠰᠤᠲᠠᠨ ᠢ | ᠠᠰᠠᠷᠠᠬᠤ ᠡᠯ᠎ᠡ ᠬᠦᠷᠢᠶᠡᠯᠡᠩ ᠲᠤ ᠳᠠᠷᠤᠮᠠᠯᠯᠠᠨ ᠲᠠᠷᠬᠠᠭᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠣᠷᠠᠭᠤᠯᠤᠯ ᠤᠨ ᠬᠤᠷᠠᠯ ᠢ | ᠬᠤᠷᠠᠯᠳᠤᠭᠤᠯᠵᠤ᠂ ᠢᠳᠡᠭᠡᠨ᠂ ᠡᠮ ᠤᠨ ᠵᠤᠶᠢᠯ᠂ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ᠂ ᠰᠠᠨᠠᠭᠠᠨ ᠳᠤ ᠥᠬᠡᠶ | ᠭᠡᠮᠲᠦᠯ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠲᠦᠭᠰᠢᠭᠦᠷᠢ ᠶᠢ | ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ | ᠭᠤᠷᠪᠠ ᠳᠤ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠪᠡ | ᠃ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢ ᠵᠣᠬᠢᠴᠠᠭᠤᠯᠬᠤ ᠳᠤᠭᠤᠶᠢᠯᠠᠩ᠂ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢ ᠴᠡᠭᠴᠡᠯᠡᠨ ᠵᠠᠰᠠᠬᠤ ᠳᠤᠭᠤᠶᠢᠯᠠᠩ᠂ ᠢᠳᠡᠭᠡᠨ ︵ᠡᠮ︶ ᠤ ᠵᠤᠶᠢᠯ ᠤᠨ ᠬᠢᠨᠠᠯᠲᠠ | ᠬᠠᠮᠢᠶᠠᠷᠤᠯᠲᠠ ᠶᠢ ᠴᠡᠭᠴᠡᠯᠡᠨ ᠵᠠᠰᠠᠬᠤ ᠳᠤᠭᠤᠶᠢᠯᠠᠩ᠂ ᠭᠠᠯ ᠤᠨᠲᠠᠷᠠᠭᠠᠬᠤ ᠠᠮᠤᠷ ᠲᠦᠪᠰᠢᠨ ᠢ ᠴᠡᠭᠴᠡᠯᠡᠨ ᠵᠠᠰᠠᠬᠤ | ᠳᠤᠭᠤᠶᠢᠯᠠᠩ ᠢ ᠪᠠᠶᠢᠭᠤᠯᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠤᠨ | ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠠᠵᠢᠯ ᠤᠨ ᠬᠢᠨᠠᠨ ᠵᠢᠯᠣᠭᠤᠳᠣᠯᠭ᠎ᠠ ᠶᠢ ᠬᠠᠷᠢᠭᠤᠴᠠᠵᠤ᠂ | ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠪᠠ᠃ |