ᠨᠢᠩᠴᠧᠩ ᠰᠢᠶᠠᠨ 2019 — 2020  ᠣᠨ ᠤ ︽ᠵᠣᠷᠯᠣᠩ ᠤᠨ ᠬᠤᠪᠢᠰᠬᠠᠯ︾ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠲᠤᠳᠤᠷᠬᠠᠶᠢᠯᠠᠪᠠ
ᠨᠡᠶᠢᠲᠡᠯᠡᠭᠰᠡᠨ ᠴᠠᠭ᠄
2019/8/23
ᠪᠦᠬᠦ ᠰᠢᠶᠠᠨ ᠤ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠪᠰᠢᠨ ᠪᠣᠯᠤᠨ ᠡᠷᠡᠭᠦᠯ ᠬᠠᠮᠠᠭᠠᠯᠠᠯ ᠤᠨ ᠪᠠᠶᠢᠳᠠᠯ ᠢ ᠳᠡᠭᠡᠭᠰᠢᠯᠡᠭᠦᠯᠦᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠨᠢᠩᠴᠧᠩ ᠰᠢᠶᠠᠨ ᠵᠣᠷᠯᠣᠩ ᠤᠨ ᠬᠤᠪᠢᠰᠬᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ︽ᠵᠣᠷᠯᠣᠩ ᠤᠨ ᠬᠤᠪᠢᠰᠬᠠᠯ︾ ᠤᠨ 2019 — 2020 ᠣᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠲᠣᠭᠲᠠᠭᠠᠪᠠ᠂ ᠡᠭᠦᠨ ᠳᠤ 2019 ᠣᠨ ᠳᠤ 15216 ᠵᠤᠷᠯᠥᠩ ᠢ ᠪᠦᠲᠦᠭᠡᠨ ᠪᠠᠶᠢᠭᠤᠯᠵᠦ᠂ 2020 ᠣᠨ ᠳᠤ 43299 ᠵᠣᠷᠯᠣᠩ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ᠂ 2020 ᠤᠨ ᠰᠡᠭᠦᠯᠴᠢ ᠪᠠᠷ ᠵᠣᠷᠯᠣᠩ ᠤᠨ ︽ᠲᠤᠭ᠎ᠠ ᠬᠦᠢᠴᠡᠳ᠂ ᠠᠷᠢᠭᠤᠨ ᠴᠡᠪᠡᠷ᠂ ᠰᠦᠢᠳᠭᠡᠯ ᠦᠭᠬᠦ ᠪᠠᠷ ᠬᠡᠷᠡᠭᠯᠡᠬᠦ᠂ ᠬᠠᠮᠢᠶᠠᠷᠤᠯᠲᠠ ᠪᠦᠲᠦᠮᠵᠢᠲᠡᠶ᠂ ᠡᠷᠡᠭᠦᠯ ᠪᠣᠯᠪᠠᠰᠤᠨ︾ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠷᠠᠯᠲᠠ ᠶᠢ ᠪᠡᠶᠡᠯᠡᠭᠦᠯᠦᠨ᠎ᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号