ᠬᠤᠤᠰ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠨᠢᠩᠴᠧᠩ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠬᠥᠭᠵᠢᠶᠡᠨᠲᠡᠢ
ᠨᠡᠶᠢᠲᠡᠯᠡᠭᠰᠡᠨ ᠴᠠᠭ᠄
2020/10/14
   ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠣᠰ ᠪᠠᠶᠠᠷ ᠤᠨ ᠠᠮᠠᠷᠠᠯᠲᠠ ᠳᠤ᠂ ᠨᠢᠩᠴᠧᠩ ᠰᠢᠶᠠᠨ ᠤ ᠵᠤᠭᠠᠴᠠᠭᠰᠠᠳ ᠤᠨ ᠲᠤᠭ᠎ᠠ ᠦᠷᠭᠦᠯᠵᠢᠯᠡᠨ ᠨᠡᠮᠡᠭᠳᠡᠵᠦ᠂ ᠪᠥᠬᠦ ᠰᠢᠶᠠᠨ ᠢᠶᠠᠷ ᠢᠶᠠᠨ ᠵᠤᠭᠠᠴᠠᠭᠰᠠᠳ ᠢ ᠨᠡᠶᠢᠲᠡ 13.2 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠪᠡ᠃ ᠵᠤᠭᠠᠴᠠᠯ ᠤᠨ ᠶᠡᠷᠦᠩᠬᠡᠶᠢᠯᠡᠭᠰᠡᠨ ᠣᠷᠣᠯᠭ᠎ᠠ 1.65 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17% ᠨᠡᠮᠡᠭᠳᠡᠪᠡ᠂ ᠡᠭᠦᠨ ᠳᠤ᠂ ᠳ᠋ᠤᠤ ᠰᠢᠤᠢ ᠭᠸᠤ ᠦᠵᠡᠮᠵᠢ ᠶᠢᠨ ᠣᠷᠣᠨ ᠵᠤᠭᠠᠴᠠᠭᠰᠠᠳ ᠢ 2.1 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ 650 ᠲᠦᠮᠡᠨ ᠲᠥᠭᠦᠷᠢᠭ ᠲᠤ ᠬᠦᠷᠴᠡᠶ᠃ ᠠᠮᠠᠷᠠᠯᠲᠠ ᠶᠢᠨ ᠬᠤᠭᠤᠴᠠᠭᠠᠨ ᠳᠤ᠂ ᠵᠤᠭᠠᠴᠠᠭᠰᠠᠳ ᠭᠤᠤᠯᠳᠠᠭᠤ ᠣᠶᠢᠷ᠎ᠠ ᠵᠠᠮ ᠤᠨ ᠵᠢᠭᠤᠯᠴᠢᠯᠠᠯ᠂ ᠬᠤᠪᠢ ᠶᠢᠨ ᠮᠠᠰᠢᠨ ᠤ ᠵᠢᠭᠤᠯᠴᠢᠯᠠᠯ ᠢᠶᠠᠷ ᠭᠤᠣᠯ ᠠᠶᠠᠯᠠᠯ ᠤᠨ ᠬᠡᠯᠪᠡᠷᠢ ᠪᠣᠯᠭᠠᠵᠤ᠂ ᠰᠡᠯᠡᠭᠦᠴᠡᠯ ᠢᠶᠠᠷ ᠭᠤᠤᠯ ᠠᠭᠤᠯᠭ᠎ᠠ ᠪᠣᠯᠭᠠᠭᠰᠠᠨ ᠬᠥᠳᠡᠭᠡ ᠲᠣᠰᠬᠤᠨ ᠤ ᠵᠢᠭᠤᠯᠴᠢᠯᠠᠯ᠂ ᠬᠤᠪᠢᠰᠬᠠᠯᠲᠦ ᠲᠡᠤᠭᠡ ᠶᠢᠨ ᠥᠩᠭᠡᠷᠡᠯᠲᠡ ᠶᠢᠨ ᠵᠢᠭᠤᠯᠴᠢᠯᠠᠯ ᠨᠢ ᠬᠥᠮᠦᠰ ᠤᠨ ᠪᠠᠭ᠋ᠠᠷᠬᠠᠯ ᠢ ᠲᠠᠲᠠᠵᠠᠶ᠃ ᠭᠡᠷ ᠪᠦᠯᠢ᠂ ᠲᠦᠷᠦᠯ ᠰᠠᠳᠤᠨ᠂ ᠨᠠᠶᠢᠵᠠ ᠨᠥᠬᠦᠳ ᠢᠶᠠᠷ ᠨᠢᠭᠡᠴᠢ ᠪᠣᠯᠭᠠᠭᠰᠠᠨ ᠥᠪᠡᠷᠲᠡᠭᠡᠨ ᠦᠢᠯᠡᠴᠢᠯᠡᠬᠦ ᠵᠤᠭᠠᠴᠠᠯ᠂ ᠤᠢᠢᠷ᠎ᠠ ᠲᠡᠭᠦᠷᠭᠡ ᠶᠢᠨ ᠵᠤᠭᠠᠴᠠᠯ ᠢᠯᠡᠳᠲᠡ ᠨᠡᠮᠡᠭᠳᠡᠪᠡ᠂ ᠳ᠋ᠤᠤ ᠰᠢᠤᠢ ᠭᠸᠤ ᠶᠢᠨ ᠦᠵᠡᠮᠵᠢ ᠶᠢᠨ ᠣᠷᠣᠨ ᠪᠣᠯ ᠮᠥᠨ ᠯᠡ ᠨᠢᠩᠴᠧᠩ ᠤᠨ ᠵᠢᠭᠤᠯᠴᠢᠯᠠᠯ ᠤᠨ ︽ᠬᠠᠯᠠᠭᠤᠨ  ᠴᠡᠭ︾ ᠤᠨ ᠦᠵᠡᠮᠵᠢ ᠶᠢᠨ ᠣᠷᠣᠨ ᠪᠤᠯᠵᠠᠢ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号