| | ᠥᠪᠥᠷ ᠵᠠᠰᠠᠭ ᠥᠰᠦᠭ ﹇2020﹈ 85 ᠳ᠋ᠤᠭᠠᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠪᠢᠴᠢᠭ | ᠮᠠᠲ᠋ᠧᠷᠢᠶᠠᠯ ᠤᠨ ᠲᠣᠭᠲᠠᠭᠠᠯ ᠵᠢᠴᠢ ᠮᠠᠨ ᠤ ᠣᠷᠣᠨ ᠤ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠬᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠤᠭᠰᠠᠨ ᠠᠬᠢᠴᠠ ᠶᠢᠨ ᠪᠠᠶᠢᠳᠠᠯ ᠶᠤᠰᠤᠭᠠᠷ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ | ᠲᠠᠢ ᠪᠠᠳᠤᠯᠠᠭᠠᠨ ᠤ ᠠᠵᠦ ᠠᠬᠤᠶᠢᠯᠠᠯ ᠪᠤᠯᠤᠨ ᠬᠢᠵᠢᠭ ᠤᠨ ᠪᠠᠶᠢᠳᠠᠯ ᠳᠤ ᠨᠦᠯᠦᠭᠡᠯᠡᠭᠳᠡᠭᠰᠡᠨ ᠦᠢᠯᠡᠳᠪᠦᠷᠢᠯᠡᠯ | ᠡᠵᠡᠩᠨᠡᠯᠳᠡ ᠨᠢ ᠬᠦᠴᠢᠷᠳᠡᠯᠳᠡᠢ ᠲᠤᠮᠳᠠ ᠵᠢᠵᠢᠭ ᠠᠵᠦ ᠠᠬᠤᠶᠢᠯᠠᠯ ᠤᠨ ᠡᠷᠡᠭᠦᠯ ᠢᠶᠠᠷ ᠬᠦᠭᠵᠢᠬᠦ ᠶᠢ ᠳᠡᠮᠵᠢᠬᠦ | ᠲᠦᠷᠥ ᠶᠢᠨ ᠪᠤᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ︾ ︵ᠦᠪᠣᠷ ᠵᠠᠰᠠᠭ ᠳᠠᠷᠬᠠᠭᠠᠭᠰᠠᠨ | ᠴᠠᠬᠢᠯᠭᠠᠨ〔2020〕1 ᠳ᠋ᠣᠭᠡᠷ ᠲᠣᠭᠠᠳᠣ ︶ ᠤᠨ ︽ᠭᠤᠷᠪᠠ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ | ᠬᠦ ᠬᠦᠩᠭᠡᠷᠡᠭᠦᠯᠬᠦ ᠬᠡᠷᠡᠭᠲᠡᠢ︾ ᠭᠡᠬᠦ ᠬᠡᠰᠡᠭ ᠤᠨ ︽︵ᠠᠷᠪᠠᠨ ᠨᠢᠭᠡ︶ ᠠᠵᠤ ᠠᠬᠤᠶᠢᠯᠠᠯ ᠤᠨ ᠥᠪᠡᠷ ᠤᠨ | ᠦᠷᠲᠡᠭ ᠢ ᠪᠠᠭᠤᠷᠠᠭᠤᠯᠬᠤ ᠬᠡᠷᠡᠭᠲᠡᠢ︾ ᠳᠠᠬᠢ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ | ᠪᠠᠲᠤᠯᠠᠭᠠᠨ ᠤ ᠠᠵᠤ ᠠᠬᠤᠶᠢᠯᠠᠯ ᠪᠣᠯᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠦ ᠡᠵᠡᠩᠨᠡᠯᠳᠡ ᠨᠢ ᠲᠦᠷ | ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠵᠢᠵᠢᠭ ᠠᠵᠤ ᠠᠬᠤᠶᠢᠯᠠᠯ ᠤᠳ ᠤᠨ ᠴᠠᠬᠢᠯᠭᠠᠨ᠂ ᠬᠡᠢ᠂ ᠤᠰᠤ | ᠬᠡᠷᠡᠭᠯᠡᠬᠦ ᠵᠡᠷᠭᠡ ᠳᠤ ︿ᠰᠦᠢᠳᠬᠡᠯ ᠥᠷᠢᠲᠦᠪᠡᠴᠤ ᠬᠠᠩᠭᠠᠯᠭ᠎ᠠ ᠲᠠᠰᠤᠷᠠᠬᠤ ᠦᠬᠡᠢ﹀ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠬᠠᠮᠢᠶ᠎ᠠ ᠪᠦᠬᠦᠢ | ᠥᠷᠢᠲᠦᠭᠰᠡᠨ ᠰᠦᠢᠳᠬᠡᠯ ᠢᠶᠠᠨ ᠴᠠᠭ ᠲᠤᠬᠠᠶ ᠳᠤ ᠨᠢ ᠨᠥᠬᠦᠨ ᠲᠤᠰᠢᠶᠠᠬᠤ ᠳᠤ ᠬᠤᠭᠤᠴᠠᠭ᠎ᠠ ᠰᠠᠭᠠᠲᠠᠭᠠᠭᠰᠠᠨ | ᠲᠣᠷᠭᠠᠭᠤᠯᠢ ᠶᠢᠨ ᠮᠥᠩᠭᠦ ᠬᠤᠷᠢᠶᠠᠬᠤ ᠦᠭᠡᠶ︾ ᠭᠡᠰᠡᠨ ᠳᠤ ︽ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ ᠰᠠᠯᠠᠭ᠎ᠠ ᠮᠥᠴᠢᠷ ᠤᠨ ᠲᠣᠭᠲᠠᠭᠠᠭᠰᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠴᠢᠮ ᠱᠠᠭᠠᠷᠳᠠᠭᠳᠠᠵᠤ ᠪᠠᠶᠢᠭ᠎ᠠ ᠠᠮᠠᠪᠴᠢ᠂ ᠲᠤᠰᠠᠭᠠᠷᠯᠠᠬᠤ ᠬᠤᠪᠴᠠᠰᠤ᠂ | ᠠᠷᠢᠭᠤᠳᠬᠠᠬᠤ ᠦᠢᠯᠡᠳᠬᠦᠨ ᠵᠡᠷᠭᠡ ᠡᠳ᠋ ᠪᠠᠷᠠᠭ᠎ᠠ ᠦᠢᠯᠡᠳᠪᠦᠷᠢᠯᠡᠬᠦ ᠨᠡᠷᠡᠰ ᠲᠤ ᠵᠢᠭᠰᠠᠭᠠᠭᠳᠠᠭᠰᠠᠨ ᠠᠵᠤ | ᠠᠬᠤᠶᠢᠯᠠᠯ ᠤᠳ ᠤᠨ ᠴᠠᠬᠢᠯᠭᠠᠨ᠂ ᠬᠡᠶ᠂ ᠤᠰᠤ ᠬᠡᠷᠡᠭᠯᠡᠬᠦ ᠵᠡᠷᠭᠡ ᠳᠤ ︿ᠰᠦᠢᠳᠬᠡᠯ ᠥᠷᠢᠲᠦᠪᠡᠴᠤ ᠬᠠᠩᠭᠠᠯᠭ᠎ᠠ | ᠲᠠᠰᠤᠷᠠᠬᠤ ᠦᠬᠡᠢ﹀ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ | ᠬᠠᠮᠢᠶ᠎ᠠ ᠪᠥᠬᠦᠶ ᠥᠷᠢᠲᠦᠭᠰᠡᠨ ᠰᠦᠢᠳᠭᠡᠯ ᠢᠶᠠᠨ ᠴᠠᠭ ᠲᠤᠬᠠᠶ ᠳᠤ ᠨᠢ ᠨᠥᠬᠦᠨ ᠲᠤᠰᠢᠶᠠᠬᠤ ᠳᠤ ᠬᠤᠭᠤᠴᠠᠭ᠎ᠠ | ᠰᠠᠭᠠᠲᠠᠭᠠᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠶ ︾ ᠭᠡᠵᠦ ᠵᠠᠰᠠᠪᠤᠷᠢ ᠣᠷᠤᠭᠤᠯᠪᠠ᠃ | 2020 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |