ᠡᠮ ᠡᠮᠨᠡᠯᠭᠡ ᠶᠢᠨ ᠳᠠᠭᠠᠳᠬᠠᠯ ᠤᠨ ᠺᠠᠷᠲ ᠢᠶᠠᠨ ᠪᠤᠰᠤᠳ ᠬᠥᠮᠦᠨ ᠳᠤ ᠵᠢᠭᠡᠯᠡᠭᠦᠯᠵᠦ ᠪᠣᠯᠬᠤ ᠦᠭᠡᠢ
ᠨᠡᠶᠢᠲᠡᠯᠡᠭᠰᠡᠨ ᠴᠠᠭ᠄
2020/10/16
         ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ  ᠮᠥᠩᠭᠦ  ᠪᠣᠯ  ᠮᠠᠨ ᠤ  ᠤᠯᠤᠰ ᠤᠨ  ᠰᠠᠭᠤᠭᠠᠯᠢ  ᠠᠷᠠᠳ ᠤᠨ  ᠡᠮ ᠡᠮᠨᠡᠯᠭᠡ ᠶᠢᠨ  ᠪᠠᠲᠤᠯᠠᠭ᠎ᠠ ᠶᠢᠨ  ᠰᠢᠰᠲ᠋ᠧᠮ ᠤᠨ  ᠴᠢᠬᠤᠯᠠ  ᠰᠠᠭᠤᠷᠢ  ᠮᠥᠨ᠂  ᠡᠮ  ᠡᠮᠨᠡᠯᠭᠡ ᠶᠢᠨ  ᠦᠢᠯᠡᠰ ᠤᠨ  ︽ᠠᠮᠢᠨ ᠰᠤᠳᠠᠰᠤ︾᠂ ᠠᠷᠠᠳ ᠣᠯᠠᠨ ᠤ ︽ᠠᠮᠢ ᠠᠪᠤᠷᠠᠬᠤ ᠵᠣᠭᠤᠰ︾ ᠬᠡᠮᠡᠭᠲᠡᠲᠡᠭ᠃ ᠭᠡᠪᠡᠴᠦ ᠵᠠᠷᠢᠮ ᠨᠢᠭᠡᠴᠡ ᠪᠣᠯᠤᠨ ᠬᠤᠪᠢ ᠬᠥᠮᠦᠨ ᠬᠠᠷᠢᠨ ᠳᠦᠷᠢᠮ  ᠲᠣᠭᠲᠠᠭᠠᠯ ᠤᠨ  ᠲᠤᠳᠠᠭᠤᠳᠠᠯ ᠢ  ᠠᠰᠢᠭᠯᠠᠨ᠂  ᠳᠡᠭᠡᠷ᠎ᠡ  ᠳᠣᠣᠷ᠎ᠠ  ᠬᠤᠭᠤᠷᠣᠨᠳᠣ ᠪᠠᠨ  ᠰᠥᠯᠪᠡᠭᠡᠯᠳᠦᠵᠦ᠂ ᠤᠯᠤᠰ ᠤᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦ ᠶᠢ ᠶᠡᠭᠡ ᠪᠠᠷ ᠮᠡᠬᠡᠯᠡᠨ ᠠᠪᠴᠤ᠂ ᠤᠯᠤᠰ ᠤᠨ  ᠦᠨᠳᠦᠰᠦᠨ  ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠢ ᠬᠦᠨᠳᠦ ᠨᠣᠴᠢᠲᠠᠶ ᠬᠤᠬᠢᠷᠠᠭᠤᠯᠤᠨ᠂ ᠠᠷᠠᠳ ᠣᠯᠠᠨ ᠤ  ᠲᠤᠰ  ᠪᠡᠶ᠎ᠡ ᠶᠢᠨ  ᠠᠰᠢᠭ ᠲᠤᠰᠠ ᠶᠢ ᠬᠤᠬᠢᠷᠠᠭᠤᠯᠵᠤ ᠪᠠᠶᠢᠨ᠎ᠠ᠃         ﹇ᠬᠡᠷᠡᠭ ᠤᠨ ᠵᠢᠱᠢᠶ᠎ᠡ ᠨᠢᠭᠡ﹈᠄ ᠪᠤᠰᠤᠳ ᠤᠨ ᠡᠮᠨᠡᠯᠭᠡ ᠶᠢᠨ ᠳᠠᠭᠠᠳᠬᠠᠯ ᠤᠨ  ᠺᠠᠷᠲ ᠢ  ᠬᠠᠭᠤᠷᠮᠠᠭᠯᠠᠨ  ᠬᠡᠷᠡᠭᠯᠡᠵᠦ᠂ ᠶᠡᠭᠡ ᠬᠡᠮᠵᠢᠶ᠎ᠡ ᠤ ᠡᠮ ᠠᠪᠤᠪᠠ         ᠯᠢ ᠣᠪᠣᠭᠲᠤ ᠬᠢᠭᠡᠳ ᠯᠢ×× ᠪᠣᠯ ᠡᠴᠢᠭᠡ ᠬᠦᠦ ᠶᠢᠨ ᠬᠠᠷᠢᠴᠠᠭ᠎ᠠ ᠲᠠᠢ᠂ 2016 ᠣᠨ ᠠᠴᠠ 2018  ᠣᠨ ᠪᠣᠯᠲᠠᠯ᠎ᠠ᠂ ᠬᠤᠶᠠᠭᠤᠯᠠ ᠴᠧᠩ ᠣᠪᠣᠭᠲᠤ ᠵᠡᠷᠭᠡ ᠬᠥᠮᠦᠰ ᠤᠨ ᠡᠮ ᠡᠮᠨᠡᠯᠭᠡ ᠶᠢᠨ  ᠳᠠᠭᠠᠳᠬᠠᠯ ᠤᠨ  ᠺᠠᠷᠲ ᠢ  ᠴᠤᠭᠯᠠᠭᠤᠯᠵᠤ᠂ ᠡᠮᠨᠡᠯᠭᠡ ᠳᠤ ᠣᠴᠢᠵᠤ  ᠨᠡᠷ᠎ᠡ  ᠪᠤᠷᠤᠭᠤᠯᠠᠨ  ᠡᠮᠨᠡᠭᠦᠯᠦᠭᠡᠳ  ᠶᠡᠭᠡ  ᠬᠡᠮᠵᠢᠶᠡᠨ ᠤ  ᠵᠣᠷ ᠤᠨ  ᠡᠮ ᠢ  ᠬᠤᠳᠠᠯ ᠢᠶᠠᠷ  ᠭᠠᠷᠭᠠᠨ ᠠᠪᠤᠭᠰᠠᠨ ᠤ ᠳᠠᠷᠠᠭ᠎ᠠ ᠦᠨ᠎ᠡ ᠨᠡᠮᠡᠵᠦ ᠭᠠᠳᠠᠭᠰᠢ ᠬᠤᠳᠠᠯᠳᠤᠭᠠᠳ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ  ᠰᠠᠭᠤᠷᠢ ᠮᠥᠩᠭᠦ ᠶᠢ 103 ᠲᠦᠮᠡ ᠭᠠᠷᠤᠶ ᠲᠥᠭᠦᠷᠢᠭ ᠮᠡᠬᠡᠯᠡᠨ ᠠᠪᠤᠪᠠ᠃ ᠰᠢᠭᠦᠬᠦ ᠬᠤᠷᠢᠶ᠎ᠠ ᠰᠢᠭᠦᠬᠦ ᠪᠠᠷ ᠳᠠᠮᠵᠢᠭᠠᠳ᠂ ᠲᠤᠰ ᠬᠤᠶᠠᠷ ᠬᠦᠮᠦᠨ ᠪᠣᠳᠠᠲᠤ ᠶᠠᠪᠤᠳᠠᠯ ᠢ ᠬᠤᠳᠠᠯ ᠢᠶᠠᠷ ᠵᠣᠬᠢᠶᠠᠨ᠂ ᠦᠨᠡᠨ ᠪᠠᠶᠢᠳᠠᠯ ᠢ ᠨᠢᠭᠤᠨ ᠳᠠᠯᠳᠠᠯᠠᠵᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ  ᠠᠪᠤᠭᠰᠠᠨ  ᠲᠤᠭ᠎ᠠ  ᠬᠡᠮᠵᠢᠶ᠎ᠡ ᠨᠢ  ᠣᠨᠴᠠᠭᠠᠢ  ᠯᠤᠲᠤ  ᠶᠡᠭᠡ  ᠤᠴᠢᠷ ᠠᠴᠠ᠂ ᠲᠡᠭᠦᠨ ᠤ ᠦᠢᠯᠡ ᠠᠵᠢᠯᠯᠠᠭ᠎ᠠ ᠨᠢ ᠮᠡᠬᠡᠯᠡᠭᠰᠡᠨ ᠶᠠᠯ᠎ᠠ ᠪᠤᠯᠵᠤ ᠪᠦᠷᠢᠯᠳᠦᠵᠦ᠂  ᠬᠠᠤᠯᠢ  ᠶᠣᠰᠣᠭᠠᠷ  ᠰᠢᠳᠬᠡᠬᠦ  ᠬᠡᠷᠡᠭᠲᠡᠶ  ᠭᠡᠵᠦ ᠦᠵᠡᠪᠡ᠃  ᠯᠢ  ᠣᠪᠣᠭᠲᠤ ᠶᠢ  11  ᠵᠢᠯ  ᠬᠤᠭᠤᠴᠠᠭ᠎ᠠ ᠲᠠᠢ  ᠬᠤᠷᠢᠬᠤ ᠪᠠᠷ  ᠰᠢᠳᠬᠡᠵᠦ᠂  ᠯᠢ×× ᠢ  ᠶᠢᠰᠦᠨ   ᠵᠢᠯ ᠬᠤᠭᠤᠴᠠᠭ᠎ᠠ ᠲᠠᠢ ᠬᠤᠷᠢᠬᠤ ᠪᠠᠷ ᠰᠢᠳᠬᠡᠪᠡ᠃                  ﹇ᠬᠡᠷᠡᠭ ᠤᠨ ᠵᠢᠱᠢᠶ᠎ᠡ ᠬᠤᠶᠠᠷ﹈ ᠡᠮ ᠡᠮᠨᠡᠯᠭᠡ ᠶᠢᠨ ᠳᠠᠭᠠᠳᠬᠠᠯ ᠤᠨ  ᠺᠠᠷᠲ ᠢ  ᠶᠡᠭᠡ  ᠬᠡᠮᠵᠢᠶ᠎ᠡ ᠪᠠᠷ  ᠴᠤᠭᠯᠠᠭᠤᠯᠵᠤ᠂ ᠪᠤᠰᠤᠳ ᠬᠥᠮᠦᠨ ᠤ ᠮᠡᠬᠡᠯᠡᠯ ᠬᠢᠬᠦ ᠳᠤ ᠬᠠᠩᠭᠠᠪᠠ         ᠲᠢᠶᠠᠨ ᠣᠪᠣᠭᠲᠤ 2015 ᠣᠨ ᠠᠴᠠ 2018 ᠣᠨ ᠪᠣᠯᠲᠠᠯᠠᠬᠢ ᠬᠤᠭᠤᠴᠠᠭᠠᠨ ᠳᠤ᠂ ᠵᠠᠩ  ᠣᠪᠣᠭᠲᠤ  ᠵᠡᠷᠭᠡ 10 ᠭᠠᠷᠤᠶ  ᠬᠥᠮᠦᠨ ᠤ  ᠡᠮᠨᠡᠯᠭᠡ ᠶᠢᠨ  ᠳᠠᠭᠠᠳᠬᠠᠯ ᠤᠨ  ᠺᠠᠷᠲ ᠢ  ᠴᠤᠭᠯᠠᠭᠤᠯᠵᠤ᠂  ᠪᠤᠰᠤᠳ ᠬᠦᠮᠦᠨ ᠤ ᠡᠮᠨᠡᠯᠭᠡ ᠶᠢᠨ ᠬᠤᠷᠢᠶᠠᠨ ᠳᠤ ᠣᠴᠢᠵᠤ ᠬᠠᠭᠤᠷᠮᠠᠭ  ᠨᠡᠷ᠎ᠡ ᠪᠠᠷ  ᠶᠡᠭᠡ  ᠬᠡᠮᠵᠢᠶᠡᠨ ᠤ  ᠡᠮ ᠤᠨ  ᠵᠦᠢᠯ  ᠭᠠᠷᠭᠠᠵᠤ  ᠠᠪᠬᠤ ᠳᠤ  ᠬᠠᠩᠭᠠᠨ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ 23 ᠲᠦᠮᠡ  ᠭᠠᠷᠤᠶ  ᠲᠥᠭᠦᠷᠢᠭ  ᠮᠡᠬᠡᠯᠡᠨ  ᠠᠪᠤᠪᠠ᠃ ᠰᠢᠭᠦᠬᠦ ᠬᠤᠷᠢᠶ᠎ᠠ ᠰᠢᠭᠦᠬᠦ ᠪᠠᠷ ᠳᠠᠮᠵᠢᠭᠠᠳ᠂ ᠲᠢᠶᠠᠨ  ᠣᠪᠣᠭᠲᠤ  ᠪᠤᠰᠤᠳ  ᠬᠥᠮᠦᠨ ᠤ  ᠡᠮ  ᠡᠮᠨᠡᠯᠭᠡ ᠶᠢᠨ  ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠭᠰᠡᠨ ᠬᠤᠯᠪᠣᠭᠳᠠᠯ ᠪᠦᠬᠦᠢ ᠶᠠᠯᠠᠲᠤ ᠠᠵᠢᠯᠯᠠᠭ᠎ᠠ ᠶᠢ  ᠲᠣᠳᠣᠷᠬᠠᠶ  ᠮᠡᠳᠡᠵᠦ  ᠪᠠᠶᠢᠭᠠᠳ  ᠮᠥᠨ  ᠯᠡ ᠲᠡᠭᠦᠨ ᠳᠤ ᠡᠮᠨᠡᠯᠭᠡ ᠶᠢᠨ ᠳᠠᠭᠠᠳᠬᠠᠯ ᠤᠨ  ᠺᠠᠷᠲ  ᠬᠠᠩᠭᠠᠵᠠᠢ᠂  ᠲᠡᠭᠦᠨ ᠤ  ᠡᠨᠡ  ᠬᠦ  ᠦᠢᠯᠡ  ᠠᠵᠢᠯᠯᠠᠭ᠎ᠠ ᠨᠢ  ᠨᠢᠭᠡᠨᠲᠡ ᠮᠡᠬᠡᠯᠡᠭᠰᠡᠨ ᠶᠠᠯ᠎ᠠ ᠪᠤᠯᠵᠤ ᠪᠦᠷᠢᠯᠳᠦᠭᠰᠡᠨ ᠠᠴᠠ᠂ ᠬᠠᠤᠯᠢ ᠶᠣᠰᠣᠭᠠᠷ ᠰᠢᠳᠬᠡᠬᠦ ᠬᠡᠷᠡᠭᠲᠡᠶ ᠭᠡᠵᠦ ᠦᠵᠡᠪᠡ᠃ ᠲᠢᠶᠠᠨ  ᠣᠪᠣᠭᠲᠤ ᠨᠢᠭᠡᠨᠲᠡ ᠪᠦᠬᠦ  ᠬᠤᠬᠢᠷᠠᠯ ᠢ  ᠲᠦᠯᠦᠵᠦ  ᠥᠭᠭᠦᠭᠰᠡᠨ  ᠪᠣᠯᠬᠤᠷ  1 ᠵᠢᠯ  ᠪᠦᠭᠡᠳ10  ᠰᠠᠷ᠎ᠠ   ᠶᠢᠨ  ᠬᠤᠭᠤᠴᠠᠭ᠎ᠠ ᠲᠠᠢ ᠬᠤᠷᠢᠬᠤ ᠪᠠᠷ ᠰᠢᠳᠬᠡᠪᠡ᠃         ﹇ᠬᠠᠥᠯᠢ ᠶᠠᠷᠢᠬᠤ﹈ ᠪᠡᠭᠡᠵᠢᠩ ᠬᠤᠲᠠ ᠶᠢᠨ ᠬᠤᠶᠠᠳᠤᠭᠠᠷ ᠳᠤᠮᠳᠠ  ᠵᠡᠷᠭᠡ ᠶᠢᠨ  ᠠᠷᠠᠳ ᠤᠨ  ᠰᠢᠭᠦᠬᠦ  ᠬᠤᠷᠢᠶᠠᠨ ᠤ ᠡᠷᠡᠭᠦᠤ ᠶᠢᠨ ᠬᠡᠷᠡᠭ ᠤᠨ ᠬᠤᠶᠠᠳᠤᠭᠠᠷ ᠲᠢᠩᠬᠢᠮ ᠤᠨ ᠳᠠᠷᠤᠭ᠎ᠠ ᠲᠠᠨ ᠶᠢᠨ ᠰᠥᠩ ᠲᠠᠨᠢᠯᠴᠠᠭᠤᠯᠬᠤ ᠳᠠᠭᠠᠨ᠂  ᠡᠮ ᠡᠮᠨᠡᠯᠭᠡ ᠶᠢᠨ ᠳᠠᠭᠠᠳᠬᠠᠯ ᠤᠨ ᠺᠠᠷᠲ ᠲᠠᠢ ᠬᠤᠯᠪᠣᠭᠳᠠᠭᠰᠠᠨ ᠶᠠᠯ᠎ᠠ ᠬᠢᠬᠦ ᠠᠷᠭ᠎ᠠ ᠮᠠᠶ᠋ᠢᠭ ᠠᠴᠠ ᠦᠵᠡᠪᠡᠯ᠂ ᠨᠢᠭᠡᠳᠦᠭᠡᠷ ᠲᠤ ᠪᠤᠰᠤᠳ ᠤᠨ  ᠡᠮ ᠡᠮᠨᠡᠯᠭᠡ ᠶᠢᠨ  ᠳᠠᠭᠠᠳᠬᠠᠯ ᠤᠨ  ᠺᠠᠷᠲ ᠢ  ᠬᠠᠭᠤᠷᠮᠠᠭᠯᠠᠨ  ᠬᠡᠷᠡᠭᠯᠡᠵᠦ᠂  ᠶᠡᠭᠡ  ᠬᠡᠮᠵᠢᠶ᠎ᠡ ᠪᠠᠷ  ᠡᠮ  ᠭᠠᠷᠭᠠᠨ᠎ᠠ᠃   ᠦᠢᠯᠡ ᠠᠵᠢᠯᠯᠠᠭᠠᠳᠠᠨ ᠨᠢ  ᠳᠡᠭᠡᠷ᠎ᠡ  ᠡᠲᠡᠭᠡᠳ ᠢᠶᠠᠷ ᠢᠶᠠᠨ  ᠳᠠᠮᠵᠢᠨ  ᠪᠤᠰᠤᠳ ᠤᠨ  ᠡᠮᠨᠡᠯᠭᠡ ᠶᠢᠨ  ᠳᠠᠭᠠᠳᠬᠠᠯ ᠤᠨ  ᠺᠠᠷᠲ ᠢ  ᠶᠡᠭᠡ ᠬᠡᠮᠵᠢᠶ᠎ᠡ ᠪᠠᠷ ᠴᠤᠭᠯᠠᠭᠤᠯᠤᠨ᠂ ᠡᠮᠨᠡᠯᠭᠡ ᠶᠢᠨ ᠬᠤᠷᠢᠶᠠᠨ ᠳᠤ ᠨᠡᠷ᠎ᠡ ᠪᠤᠷᠤᠭᠤᠯᠠᠨ ᠡᠪᠡᠳᠴᠢᠨ ᠦᠵᠡᠭᠦᠯᠬᠦ᠂ ᠠᠳᠠᠯᠢ  ᠨᠢᠭᠡᠨ  ᠡᠮ ᠡᠮᠨᠡᠯᠭᠡ ᠶᠢᠨ ᠳᠠᠭᠠᠳᠬᠠᠯ ᠤᠨ ᠺᠠᠷᠲ ᠢᠶᠠᠨ ᠠᠪᠴᠤ ᠠᠳᠠᠯᠢ ᠪᠤᠰᠤ ᠡᠮᠴᠢᠯᠡᠭᠡᠨ ᠤ ᠪᠠᠶᠢᠭᠤᠯᠤᠮᠵᠢ ᠠᠴᠠ ᠶᠡᠭᠡ ᠬᠡᠮᠵᠢᠶ᠎ᠡ ᠪᠠᠷ  ᠡᠮ ᠪᠢᠴᠢᠬᠦᠯᠵᠦ ᠠᠪᠬᠤ᠂ ᠡᠰᠡᠬᠦᠯ᠎ᠡ ᠠᠳᠠᠯᠢ ᠨᠢᠭᠡᠨ ᠡᠮᠨᠡᠯᠭᠡ ᠶᠢᠨ ᠳᠠᠭᠠᠳᠬᠠᠯ ᠤᠨ  ᠺᠠᠷᠲ ᠢᠶᠠᠷ  ᠣᠯᠠᠨ  ᠡᠭᠦᠳᠡᠨ  ᠡᠮᠨᠡᠯᠭᠡ ᠶᠢᠨ ᠰᠠᠯᠠᠭ᠎ᠠ ᠰᠠᠯᠠᠭ᠎ᠠ ᠲᠠᠰᠤᠭ ᠤᠨ ᠡᠮ  ᠪᠢᠴᠢᠬᠦᠯᠵᠦ ᠠᠪᠬᠤ ᠵᠡᠷᠭᠡ ᠪᠠᠶᠢᠳᠠᠯ ᠲᠠᠢ᠂ ᠶᠡᠷᠦ ᠳᠡᠭᠡᠨ  ᠵᠢᠷᠦᠬᠡ  ᠲᠠᠷᠢᠬᠢᠨ ᠤ  ᠴᠢᠰᠤᠨ ᠰᠤᠳᠠᠯ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠶᠠᠰᠤᠨ ᠤ ᠰᠠᠯᠠᠭᠠᠨ ᠤ ᠬᠤᠯᠪᠣᠭᠳᠠᠯ  ᠪᠦᠬᠦᠢ  ᠤᠵᠢᠭ ᠴᠢᠨᠠᠷᠲᠠᠢ ᠡᠪᠡᠳᠴᠢᠨ ᠳᠤ ᠬᠡᠷᠡᠭᠯᠡᠬᠦ ᠡᠮ ᠪᠣᠯᠣᠨ᠎ᠠ᠂ ᠡᠳᠡᠭᠡᠷ ᠳᠠᠬᠢᠨ ᠬᠠᠤᠯᠢ ᠪᠤᠰᠤ ᠪᠠᠷ ᠡᠮ ᠤᠨ ᠵᠦᠢᠯ  ᠬᠤᠳᠠᠯᠳᠤᠨ  ᠠᠪᠳᠠᠭ ᠲᠤᠤᠷᠡᠳᠦ ᠤᠷᠤᠰᠬᠠᠯ ᠤᠨ ᠶᠠᠯᠠᠲᠤ  ᠡᠲᠡᠭᠡᠳ ᠲᠤ  ᠦᠨ᠎ᠡ  ᠨᠡᠮᠡᠵᠦ  ᠬᠤᠳᠠᠯᠳᠤᠨ  ᠥᠭᠳᠡᠭ᠃  ᠬᠤᠶᠠᠳᠤᠭᠠᠷ ᠲᠤ᠂  ᠶᠡᠭᠡ ᠬᠡᠮᠵᠢᠶᠡᠨ ᠤ ᠡᠮ ᠡᠮᠨᠡᠯᠭᠡ ᠶᠢᠨ ᠳᠠᠭᠠᠳᠬᠠᠯ ᠤᠨ ᠺᠠᠷᠲ ᠴᠤᠭᠯᠠᠭᠤᠯᠤᠨ᠎ᠠ᠃ ᠦᠢᠯᠡ  ᠠᠵᠢᠯᠯᠠᠭᠠᠳᠠᠨ  ᠪᠤᠰᠤᠳ  ᠬᠥᠮᠦᠨ  ᠡᠮ ᠡᠮᠨᠡᠯᠭᠡ ᠶᠢᠨ ᠳᠠᠭᠠᠳᠬᠠᠯ ᠤᠨ ᠺᠠᠷᠲ ᠬᠡᠷᠡᠭᠯᠡᠵᠦ ᠨᠡᠷ᠎ᠡ ᠪᠤᠷᠤᠭᠤᠯᠠᠨ  ᠡᠪᠡᠳᠴᠢᠨ  ᠦᠵᠡᠭᠦᠯᠬᠦ  ᠵᠡᠷᠭᠡ   ᠨᠢ  ᠮᠡᠬᠡᠯᠡᠬᠦ  ᠶᠠᠯᠠᠲᠤ ᠠᠵᠢᠯᠯᠠᠭ᠎ᠠ ᠬᠢᠵᠦ ᠪᠠᠶᠢᠬᠤ ᠶᠢ ᠲᠣᠳᠣᠷᠬᠠᠶ ᠮᠡᠳᠡᠵᠦ  ᠪᠠᠶᠢᠭᠠᠳ  ᠶᠡᠭᠡ  ᠬᠡᠮᠵᠢᠶᠡᠨ ᠤ  ᠡᠮᠨᠡᠯᠭᠡ ᠶᠢᠨ  ᠳᠠᠭᠠᠳᠬᠠᠯ ᠤᠨ  ᠺᠠᠷᠲ ᠴᠤᠭᠯᠠᠭᠤᠯᠵᠤ ᠪᠤᠰᠤᠳ ᠬᠥᠮᠦᠨ ᠳᠤ ᠬᠡᠷᠡᠭᠯᠡᠭᠦᠯᠦᠨ᠂ ᠡᠮᠨᠡᠯᠭᠡ ᠶᠢᠨ ᠳᠠᠭᠠᠳᠬᠠᠯ ᠤᠨ ᠺᠠᠷᠲ ᠤᠨ ᠲᠦᠷᠢᠶᠡᠰᠦᠨ  ᠮᠥᠩᠭᠦ  ᠪᠤᠶᠤ ᠶᠠᠯᠠᠲᠤ ᠠᠵᠢᠯᠯᠠᠭ᠎ᠠ ᠶᠢᠨ ᠬᠤᠪᠢᠳᠠᠯ ᠮᠥᠩᠭᠦ ᠣᠯᠳᠠᠭ᠃         ᠨᠢᠭᠡ ᠳᠤ  ᠬᠤᠪᠢ  ᠬᠥᠮᠦᠨ ᠤ  ᠪᠡᠶ᠎ᠡ ᠪᠠᠷ ᠢᠶᠠᠨ  ᠬᠦᠷᠴᠦ  ᠡᠪᠡᠳᠴᠢᠨ   ᠦᠵᠡᠭᠦᠯᠬᠦ   ᠠᠷᠭ᠎ᠠ   ᠬᠡᠮᠵᠢᠶ᠎ᠡ ᠪᠠᠨ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ  ᠬᠥᠮᠦᠵᠢᠯ ᠢ ᠴᠢᠩᠭᠠᠳᠬᠠᠨ᠂  ᠡᠮ  ᠡᠮᠨᠡᠯᠭᠡ ᠶᠢᠨ  ᠳᠠᠭᠠᠳᠬᠠᠯ ᠤᠨ  ᠺᠠᠷᠲ ᠢ  ᠲᠣᠭᠲᠠᠭᠠᠯ ᠠᠴᠠ  ᠵᠥᠷᠢᠴᠡᠨ   ᠵᠢᠭᠡᠯᠡᠭᠦᠯᠦᠭᠰᠡᠨ   ᠪᠤᠶᠤ ᠳᠦᠷᠢᠶᠡᠰᠦᠯᠡᠭᠦᠯᠦᠭᠰᠡᠨ ᠺᠠᠷᠲ ᠡᠵᠡᠮᠰᠢᠭᠴᠢ ᠳᠤ  ᠵᠠᠰᠠᠭ  ᠵᠠᠬᠢᠷᠭᠠᠨ ᠤ  ᠰᠢᠳᠬᠡᠯ  ᠥᠭᠬᠦ  ᠡᠷᠴᠢᠮ ᠢᠶᠠᠨ  ᠴᠢᠩᠭᠠᠷᠠᠭᠤᠯᠵᠤ᠂ ᠪᠠᠶᠢᠳᠠᠯ ᠢ ᠨᠢ ᠦᠵᠡᠵᠦ ᠪᠠᠶᠢᠭᠠᠳ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠬᠦᠷᠲᠡᠬᠦ ᠶᠢ ᠨᠢ ᠬᠡᠰᠡᠭ ᠬᠤᠭᠤᠴᠠᠭᠠᠨ ᠳᠤ ᠲᠦᠷ ᠵᠣᠭᠰᠣᠭᠠᠬᠤ ᠰᠢᠳᠬᠡᠯ ᠥᠭᠴᠦ᠂ ᠶᠠᠯ᠎ᠠ ᠪᠣᠯᠵᠣ  ᠪᠦᠷᠢᠯᠳᠦᠭᠰᠡᠨ  ᠪᠠᠶᠢᠪᠠᠯ  ᠡᠷᠡᠭᠦᠤ ᠶᠢᠨ  ᠬᠠᠷᠢᠭᠤᠴᠠᠯᠭ᠎ᠠ  ᠨᠡᠬᠡᠮᠵᠢᠯᠡᠬᠦ ᠬᠡᠷᠡᠭᠲᠡᠶ︔ ᠬᠤᠶᠠᠷ ᠲᠤ ᠡᠮ ᠡᠮᠨᠡᠯᠭᠡ ᠶᠢᠨ ᠳᠠᠭᠠᠳᠬᠠᠯ ᠤᠨ ᠡᠮ ᠥᠭᠬᠦ ᠲᠣᠭᠲᠠᠭᠠᠯ ᠢ ᠴᠢᠩᠭ᠎ᠠ ᠲᠤᠭᠤᠰᠢᠯᠠᠭᠤᠯᠵᠤ᠂ ᠡᠮᠴᠢ ᠶᠢᠨ ᠡᠮ ᠪᠢᠴᠢᠵᠦ ᠦᠭᠬᠦ ᠳᠤ ᠪᠠᠨ ᠪᠡᠶ᠎ᠡ ᠶᠢᠨ ᠭᠠᠷᠤᠯ ᠢ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠣᠷᠣᠯᠠᠨ  ᠡᠮ ᠠᠪᠴᠤ ᠥᠭᠭᠦᠭᠰᠡᠨ ᠪᠠᠶᠢᠳᠠᠯ ᠳᠤ᠂ ᠳᠦᠷᠢᠮ ᠲᠣᠭᠲᠠᠭᠠᠯ ᠤᠨ ᠲᠠᠯ᠎ᠠ ᠪᠠᠷ ᠣᠷᠣᠯᠠᠨ ᠡᠮ ᠠᠪᠤᠭᠴᠢ ᠶᠢᠨ  ᠪᠡᠶ᠎ᠡ ᠶᠢᠨ  ᠭᠠᠷᠤᠯ ᠢ ᠦᠯᠡᠳᠡᠭᠡᠵᠦ᠂ ᠨᠢᠭᠡ ᠤᠳᠠᠭ᠎ᠠ ᠶᠢᠨ ᠡᠮ ᠪᠢᠴᠢᠵᠤ ᠦᠭᠬᠦ ᠬᠡᠮᠵᠢᠶ᠎ᠡ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂  ᠨᠢᠭᠡ  ᠯᠡ ᠤᠳᠠᠭ᠎ᠠ ᠳᠡᠭᠡᠷ᠎ᠡ ᠶᠡᠭᠡ ᠬᠡᠮᠵᠢᠶ᠎ᠡ ᠪᠠᠷ ᠡᠮ ᠨᠡᠭᠡᠭᠡᠬᠦ ᠪᠠᠶᠢᠳᠠᠯ ᠢ  ᠠᠯᠢ  ᠴᠢᠳᠠᠬᠤ ᠪᠠᠷ  ᠰᠡᠷᠭᠡᠶᠢᠯᠡᠬᠦ  ᠬᠡᠷᠡᠭᠲᠡᠶ︔  ᠭᠤᠷᠪᠠ ᠳᠤ ᠡᠮᠨᠡᠯᠭᠡ ᠶᠢᠨ ᠬᠤᠷᠢᠶᠠᠨ ᠤ ᠡᠷᠬᠢᠨ ᠲᠣᠭᠤᠷᠢᠨ ᠪᠠ ᠡᠮ ᠤᠨ ᠳᠡᠯᠭᠡᠭᠦᠷ ᠤᠨ ᠬᠠᠤᠯᠢ  ᠬᠡᠷᠡᠭᠵᠢᠭᠦᠯᠦᠯᠲᠡ ᠶᠢᠨ  ᠪᠠᠶᠢᠴᠠᠭᠠᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠢ ᠮᠡᠬᠡᠯᠡᠭᠰᠡᠨ  ᠶᠠᠯᠠᠲᠤ  ᠠᠵᠢᠯᠯᠠᠭ᠎ᠠ ᠶᠢᠨ  ᠳᠡᠭᠡᠳᠦ  ᠤᠷᠤᠰᠬᠠᠯ᠂  ᠳᠤᠤᠷᠠᠳᠤ ᠤᠷᠤᠰᠬᠠᠯ ᠠᠴᠠ ᠶᠠᠯᠠᠲᠤ ᠠᠵᠢᠯᠯᠠᠭ᠎ᠠ ᠡᠭᠦᠰᠬᠦ ᠶᠢ ᠬᠤᠷᠢᠭᠯᠠᠬᠤ ᠬᠡᠷᠡᠭᠲᠡᠶ︔ ᠳᠥᠷᠪᠡ ᠳᠤ ᠰᠢᠨᠵᠢᠯᠡᠬᠦ ᠤᠬᠠᠭᠠᠨ  ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠡᠷᠡᠭᠦᠯ ᠪᠤᠰᠤ ᠡᠮᠨᠡᠯᠭᠡ ᠶᠢᠨ  ᠳᠠᠭᠠᠳᠬᠠᠯ ᠤᠨ  ᠺᠠᠷᠲ ᠢ  ᠰᠢᠯᠢᠨ  ᠰᠣᠩᠭᠤᠬᠤ  ᠪᠠ  ᠪᠠᠶᠢᠴᠠᠭᠠᠬᠤ ᠡᠷᠴᠢᠮ ᠢᠶᠠᠨ ᠴᠢᠩᠭᠠᠳᠬᠠᠨ᠂ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ᠂ ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ᠂ ᠺᠠᠷᠲ ᠡᠵᠡᠮᠰᠢᠭᠴᠢ ᠳᠤ ᠲᠣᠮᠣ ᠳ᠋ᠠᠶᠢᠲ᠋ᠠ ᠶᠢᠨ ᠬᠥᠳᠡᠯᠦᠩᠭᠦᠶ ᠬᠠᠮᠢᠶᠠᠷᠤᠯᠲᠠ ᠬᠢᠵᠦ᠂ ᠵᠠᠭᠪᠤᠷ ᠪᠠᠶᠢᠭᠤᠯᠤᠨ᠂ ᠬᠡᠪ ᠤᠨ ᠪᠤᠰᠤ ᠪᠠᠶᠢᠳᠠᠯ ᠢ ᠵᠠᠳᠠᠯᠤᠨ᠂ ᠬᠠᠮᠢᠶ᠎ᠠ ᠪᠦᠬᠦᠢ  ᠶᠠᠯᠠᠲᠤ  ᠠᠵᠢᠯᠯᠠᠭ᠎ᠠ ᠶᠢ  ᠴᠠᠭ  ᠲᠤᠬᠠᠶ ᠳᠤᠨᠢ  ᠣᠯᠵᠤ  ᠮᠡᠳᠡᠬᠦ ᠶᠢ  ᠦᠨᠡᠨᠬᠦ ᠪᠠᠲᠤᠯᠠᠬᠤ ᠬᠡᠷᠡᠭᠲᠡᠶ ᠭᠡᠵᠦ ᠲᠠᠨ  ᠶᠢᠨ ᠰᠦᠩ ᠰᠠᠨᠠᠭᠤᠯᠵᠠᠢ᠃ ︵ᠠᠷᠠᠳ ᠤᠨ ᠡᠳᠦᠷ ᠤᠨ  ᠰᠣᠨᠢᠨ ᠤ  ᠰᠤᠷᠪᠤᠯᠵᠢᠯᠠᠭᠴᠢ  ᠰᠢᠤᠢ ᠵᠢᠤᠸᠠᠨ︶                            
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号