| ᠲᠦᠷᠦᠭᠦᠬᠡᠨ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤᠲ᠋ᠥ᠋ᠪ | ︽ᠳᠤᠮᠳᠠᠳᠤ ᠤᠯᠤᠰ ᠤᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠤ ᠰᠡᠷᠭᠡᠶᠢᠯᠡᠬᠦ ᠲᠠᠷᠢᠯᠭ᠎ᠠ ᠶᠢᠨ ᠮᠡᠷᠭᠡᠵᠢᠯ ᠤᠨ | ᠵᠦᠭᠯᠡᠭᠦᠷ ︵2020 — 2021︶︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ | 2020 — 2021 ᠣᠨ ᠤ ᠬᠠᠯᠳᠠᠪᠤᠷᠢᠲᠤ ᠲᠠᠭᠰᠢᠭᠤᠷ ᠤᠨ ᠸᠠᠺᠼᠢᠨ ᠤ ᠲᠠᠷᠢᠯᠭ᠎ᠠ ᠶᠢᠨ | ᠰᠠᠨᠠᠭᠤᠯᠭ᠎ᠠ ᠶᠢ ᠳᠤᠷᠠᠳᠪᠠ᠃ ᠲᠤᠰᠬᠠᠶ ᠮᠡᠷᠭᠡᠵᠢᠯᠲᠡᠨ ᠰᠠᠨᠠᠭᠤᠯᠤᠭᠰᠠᠨ ᠨᠢ᠂ ᠰᠢᠨ᠎ᠡ ᠲᠢᠳᠢᠮᠯᠢᠭ ᠸᠠᠺᠼᠢᠨ ᠨᠢ | ᠠᠮᠤᠷ ᠲᠦᠪᠰᠢᠨ ᠤ ᠰᠢᠯᠭᠠᠨ ᠪᠠᠳᠣᠯᠠᠯᠳᠠ ᠪᠠᠷ ᠳᠡᠮᠵᠢᠨ ᠵᠢᠩᠬᠢᠨᠢ ᠪᠠᠷ ᠵᠠᠬ᠎ᠠ ᠳᠡᠯᠭᠡᠭᠦᠷ ᠲᠤ ᠭᠠᠷᠬᠤ ᠠᠴᠠ | ᠡᠮᠦᠨ᠎ᠡ᠂ ᠣᠯᠠᠨ ᠨᠡᠶᠢᠲᠡ ᠪᠠᠷ ᠢᠶᠠᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠳᠠᠷᠢᠵᠤ ᠪᠣᠯᠤᠨ᠎ᠠ᠃ | ︽ᠵᠦᠭᠯᠡᠭᠦᠷ︾ ᠲᠤ ᠵᠢᠭᠠᠵᠤ ᠭᠠᠷᠭᠠᠭᠰᠠᠨ ᠨᠢ᠂ ᠬᠠᠯᠳᠠᠪᠤᠷᠢᠲᠤ ᠲᠠᠭᠰᠢᠭᠤᠷ ᠤᠨ ᠸᠠᠺᠼᠢᠨ | ᠳᠠᠷᠢᠬᠤ ᠪᠣᠯ ᠬᠠᠯᠳᠠᠪᠤᠷᠢᠲᠤ ᠲᠠᠭᠰᠢᠭᠤᠷ ᠢ ᠰᠡᠷᠭᠡᠶᠢᠯᠡᠬᠦ ᠪᠦᠲᠦᠮᠵᠢᠲᠡᠶ ᠠᠷᠭ᠎ᠠ ᠪᠠᠷᠢᠯ ᠮᠥᠨ᠂ ᠬᠠᠯᠳᠠᠪᠤᠷᠢᠲᠤ | ᠲᠠᠭᠰᠢᠭᠤᠷ ᠲᠤ ᠬᠤᠯᠪᠣᠭᠳᠠᠬᠤ ᠡᠪᠡᠳᠴᠢᠨ ᠡᠮᠭᠡᠭ ᠠᠴᠠ ᠪᠣᠯᠤᠭᠰᠠᠨ ᠬᠤᠤᠷ ᠬᠥᠨᠥᠭᠡᠯ ᠵᠢᠴᠢ ᠡᠮᠴᠢᠯᠡᠭᠡᠨ ᠤ ᠡᠬᠢ | ᠪᠠᠶᠠᠯᠢᠭ ᠢ ᠡᠵᠡᠯᠡᠨ ᠬᠡᠷᠡᠭᠯᠡᠬᠦ ᠶᠢ ᠪᠠᠭᠠᠰᠬᠠᠵᠤ ᠪᠣᠯᠤᠨ᠎ᠠ᠃ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ | ᠬᠤᠷᠢᠭᠯᠠᠬᠤ ᠲᠥᠪ ᠤᠨ ᠠᠮᠢᠳᠤ ᠪᠣᠳᠠᠰ ᠤᠨ ᠠᠮᠤᠷ ᠲᠦᠪᠰᠢᠨ ᠤ ᠲᠡᠷᠢᠬᠦᠨ ᠲᠤᠰᠬᠠᠶ ᠮᠡᠷᠭᠡᠵᠢᠯᠲᠡᠨ ᠡᠤ | ᠬᠦᠶ ᠵᠧᠨ ᠢᠯᠡᠷᠬᠡᠶᠢᠯᠡᠬᠦ ᠳᠡᠭᠡᠨ᠂ ᠬᠠᠯᠳᠠᠪᠤᠷᠢᠲᠤ ᠲᠠᠭᠰᠢᠭᠤᠷ ᠤᠨ ᠸᠠᠺᠼᠢᠨ ᠨᠢ ᠰᠢᠨ᠎ᠡ ᠲᠢᠳᠢᠮᠯᠢᠭ ᠤᠨ | ᠸᠠᠺᠼᠢᠨ ᠲᠠᠢ ᠬᠠᠷᠰᠢᠯᠳᠤᠬᠤ ᠥᠬᠡᠶ᠂ ᠬᠤᠶᠠᠭᠤᠯᠠ ᠶᠢ ᠬᠠᠮᠲᠤ ᠳᠤᠨᠢ ᠬᠡᠷᠡᠭᠯᠡᠵᠦ ᠪᠣᠯᠤᠨ᠎ᠠ᠃ ᠡᠦ ᠬᠦᠢ | ᠵᠧᠨ ᠤ ᠦᠵᠡᠬᠦ ᠪᠠᠷ᠂ ᠬᠠᠯᠳᠠᠪᠤᠷᠢᠲᠤ ᠲᠠᠭᠰᠢᠭᠤᠷ ᠤᠨ ᠸᠠᠺᠼᠢᠨ ᠲᠠᠷᠢᠭᠰᠠᠨ ᠤ ᠳᠠᠷᠠᠭ᠎ᠠ ᠬᠡᠷᠪᠡ ᠲᠠᠬᠤᠯ | ᠲᠠᠭᠰᠢᠭᠤᠷ ᠠᠴᠠ ᠵᠠᠶᠢᠯᠠᠪᠠᠯ᠂ ᠨᠡᠩ ᠠᠮᠠᠷᠬᠠᠨ ᠡᠷᠡᠭᠦᠯ ᠮᠡᠨᠳᠦ ᠪᠠᠨ ᠪᠠᠲᠤᠯᠠᠵᠤ᠂ ᠪᠠᠰᠠ ᠬᠠᠯᠳᠠᠪᠤᠷᠢᠲᠤ | ᠲᠠᠭᠰᠢᠭᠤᠷ ᠲᠤ ᠨᠡᠷᠪᠡᠭᠳᠡᠬᠦ ᠬᠠᠯᠠᠭᠤᠷᠠᠯ ᠵᠡᠷᠭᠡ ᠡᠪᠡᠳᠴᠢᠨ ᠤ ᠢᠯᠡᠷᠡᠯ ᠠᠴᠠ ᠵᠠᠶᠢᠯᠠᠰᠬᠢᠵᠦ ᠪᠣᠯᠤᠨ᠎ᠠ᠃ | ᠣᠳᠣᠬᠠᠨ ᠤ ᠪᠦᠬᠦ ᠪᠥᠮᠪᠥᠷᠴᠡᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ | ᠶᠡᠭᠡ ᠠᠬᠤᠶ ᠪᠠᠢᠳᠠᠯ ᠳᠣᠣᠷ᠎ᠠ᠂ ᠡᠨᠡ ᠨᠢ ᠬᠤᠪᠢ ᠬᠥᠮᠦᠨ ᠳᠤ ᠠᠰᠢᠭᠲᠠᠢ ᠪᠠᠷ ᠪᠠᠷᠠᠬᠤ ᠦᠭᠡᠢ ᠡᠮᠴᠢᠯᠡᠭᠡᠨ ᠤ | ᠪᠠᠶᠢᠭᠤᠯᠤᠮᠵᠢ ᠶᠢᠨ ᠳᠠᠷᠤᠭᠠᠰᠤ ᠶᠢ ᠴᠤ ᠪᠠᠭᠠᠰᠬᠠᠨ᠎ᠠ᠃ | ︽ᠵᠦᠭᠯᠡᠭᠦᠷ︾ ᠲᠤ ᠰᠠᠨᠠᠭᠤᠯᠤᠭᠰᠠᠨ ᠢᠶᠠᠷ᠂ ᠬᠠᠯᠳᠠᠪᠤᠷᠢᠲᠤ ᠲᠠᠭᠰᠢᠭᠤᠷ ᠢ ᠤᠰᠠᠳᠬᠠᠬᠤ ᠸᠠᠺᠼᠢᠨ ᠨᠢ | ᠪᠤᠰᠤᠳ ᠢᠳᠡᠪᠬᠢᠵᠢᠭᠦᠯᠬᠦ ᠸᠠᠺᠼᠢᠨ ᠵᠢᠴᠢ ᠬᠤᠤᠷ ᠢ ᠪᠠᠭᠠᠰᠬᠠᠬᠤ ᠠᠮᠢᠳᠤ ᠸᠠᠺᠼᠢᠨ᠂ ᠵᠢᠱᠢᠶᠡᠯᠡᠪᠡᠯ | ᠠᠭᠤᠰᠬᠢᠨ ᠤ ᠦᠷᠪᠢᠰᠦᠯ ᠤᠨ ᠪᠠᠺᠲ᠋ᠧᠷᠢ ᠶᠢᠨ ᠸᠠᠺᠼᠢᠨ ᠵᠡᠷᠭᠡ ᠲᠠᠢ ᠬᠠᠮᠳᠣ ᠳᠤᠨᠢ ᠪᠡᠶ᠎ᠡ ᠶᠢᠨ ᠠᠳᠠᠯᠢ ᠪᠤᠰᠤ | ᠭᠠᠵᠠᠷ ᠲᠤ ᠳᠠᠷᠢᠵᠤ ᠪᠣᠯᠤᠨ᠎ᠠ᠂ ᠭᠡᠪᠡᠴᠦ ᠬᠠᠯᠳᠠᠪᠤᠷᠢᠲᠤ ᠲᠠᠭᠰᠢᠭᠤᠷ ᠤᠨ ᠬᠤᠤᠷ ᠢ ᠪᠠᠭᠠᠰᠬᠠᠬᠤ ᠠᠮᠢᠳᠤ | ᠸᠠᠺᠼᠢᠨ ᠳᠠᠷᠢᠭᠰᠠᠨ ᠤ ᠳᠠᠷᠠᠭ᠎ᠠ᠂ ᠡᠷᠬᠡᠪᠰᠢ 28 ᠡᠳᠦᠷ ᠠᠴᠠ ᠳᠡᠭᠡᠭᠰᠢ ᠠᠯᠤᠰᠯᠠᠪᠠᠯ ᠰᠠᠶ᠋ᠢ ᠪᠤᠰᠤᠳ ᠬᠤᠣᠷ | ᠪᠠᠭᠤᠷᠠᠭᠤᠯᠬᠤ ᠠᠮᠢᠳᠤ ᠸᠠᠺᠼᠢᠨ ᠳᠠᠷᠢᠵᠤ ᠪᠣᠯᠤᠨ᠎ᠠ᠃ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ | ᠬᠠᠯᠳᠠᠪᠤᠷᠢᠲᠤ ᠲᠠᠭᠰᠢᠭᠤᠷ ᠤᠨ ᠸᠠᠺᠼᠢᠨ ᠪᠠ ᠠᠭᠤᠰᠬᠢᠨ ᠦᠷᠪᠢᠰᠦᠯ ᠤᠨ ᠪᠠᠺᠲ᠋ᠧᠷᠢ ᠶᠢᠨ ᠸᠠᠺᠼᠢᠨ ᠢ | ᠬᠠᠮᠲᠤ ᠳᠤᠨᠢ ᠲᠠᠷᠢᠵᠤ ᠪᠣᠯᠤᠨ᠎ᠠ᠃ | ︽ᠵᠦᠭᠯᠡᠭᠦᠷ︾ ᠲᠤ᠂ ᠪᠥᠬᠦ ᠬᠥᠮᠦᠰ ᠬᠠᠯᠳᠠᠪᠤᠷᠢᠲᠤ ᠲᠠᠭᠰᠢᠭᠤᠷ ᠲᠤ ᠨᠡᠶᠢᠳᠡᠮ ᠠᠮᠠᠷᠬᠠᠨ | ᠬᠠᠯᠳᠠᠪᠤᠷᠢᠯᠠᠳᠠᠭ᠂ ᠬᠠᠷᠢᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠪᠣᠯ ᠠᠮᠤᠷ ᠲᠦᠪᠰᠢᠨ᠂ ᠪᠦᠲᠦᠮᠵᠢᠲᠡᠶ | ᠪᠠᠶᠢᠳᠠᠭ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠪᠦᠬᠦ ᠪᠥᠮᠪᠥᠷᠴᠡᠭ ᠲᠤ ᠳᠡᠯᠭᠡᠷᠡᠵᠦ ᠪᠠᠶᠢᠭ᠎ᠠ | ᠠᠬᠤᠶ ᠪᠠᠢᠳᠠᠯ ᠲᠠᠢ ᠤᠶᠠᠯᠳᠤᠭᠤᠯᠤᠨ᠂ ︽ᠵᠦᠭᠯᠡᠭᠦᠷ︾ ᠲᠤ ᠡᠩ ᠲᠡᠷᠢᠭᠦᠨ ᠳᠤ ᠲᠡᠰ ᠳᠠᠷᠠᠭᠠᠯᠠᠯ ᠢᠶᠠᠷ | ᠭᠤᠣᠯᠳᠠᠯᠭ᠎ᠠ ᠲᠠᠢ ᠪᠠ ᠠᠶᠤᠯ ᠲᠦᠭᠰᠢᠭᠦᠷᠢ ᠶᠡᠭᠡ ᠲᠠᠢ ᠬᠥᠮᠦᠰ ᠲᠤ ᠲᠠᠷᠢᠯᠭ᠎ᠠ ᠬᠢᠨ᠎ᠡ ᠭᠡᠵᠦ ᠲᠠᠨᠢᠯᠴᠠᠭᠤᠯᠪᠠ᠄ | ᠨᠢᠭᠡ ᠳᠤ ᠡᠮᠨᠡᠯᠭᠡ ᠶᠢᠨ ᠠᠵᠢᠯᠲᠠᠳ᠂ ᠡᠭᠦᠨ ᠳᠤ ᠡᠮᠴᠢᠯᠡᠭᠡᠨ ᠤ ᠠᠪᠤᠷᠠᠨ ᠵᠠᠰᠠᠬᠤ ᠠᠵᠢᠯᠳᠠᠨ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠠᠵᠢᠯᠳᠠᠨ᠂ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠠᠵᠢᠯᠳᠠᠨ︔ | ᠬᠤᠶᠠᠷ ᠲᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠣᠷᠳᠣ ᠬᠤᠭᠤᠴᠠᠭᠠᠨ ᠤ ᠰᠤᠪᠢᠯᠠᠯᠲᠠ ᠶᠢᠨ | ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ ᠵᠡᠷᠭᠡ ᠬᠦᠮᠤᠨ ᠤᠯᠠᠨᠲᠠᠢ ᠭᠠᠵᠠᠷ ᠤᠨᠬᠢᠯᠪᠠᠷᠬᠠᠨ ᠬᠠᠯᠳᠠᠪᠤᠷᠢᠯᠠᠬᠤ | ᠬᠦᠮᠤᠰ ᠵᠢᠴᠢ ᠠᠵᠢᠯᠲᠠᠨ ᠠᠵᠢᠯᠴᠢᠨ︔ ᠭᠤᠷᠪᠠ ᠳᠤ ᠭᠤᠤᠯᠳᠠᠯᠭ᠎ᠠ ᠲᠠᠢ ᠲᠠᠯᠠᠪᠤᠷ ᠤᠨ ᠬᠥᠮᠦᠰ᠂ ᠵᠢᠱᠢᠶᠡᠯᠡᠪᠡᠯ | ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠣᠯᠤᠨ ᠰᠣᠷᠣᠭᠴᠢ᠂ | ᠬᠤᠷᠢᠭᠤᠯ ᠤᠨ ᠭᠠᠵᠠᠷ ᠤᠨ ᠬᠤᠷᠢᠭᠳᠠᠯ ᠵᠢᠴᠢ ᠠᠵᠢᠯᠲᠠᠨ ᠠᠵᠢᠯᠴᠢᠨ ᠵᠡᠷᠭᠡ︔ ᠳᠥᠷᠪᠡ ᠳᠤ ᠬᠠᠯᠳᠠᠪᠤᠷᠢᠲᠤ | ᠲᠠᠭᠰᠢᠭᠤᠷ ᠤᠨ ᠲᠦᠭᠰᠢᠭᠦᠷᠢ ᠶᠡᠬᠡᠲᠡᠶ ᠪᠤᠰᠤᠳ ᠬᠥᠮᠦᠰ ᠲᠤ᠂ 60 ᠨᠠᠰᠤ ᠵᠢᠴᠢ ᠲᠡᠭᠦᠨ ᠠᠴᠠ ᠳᠡᠭᠡᠭᠰᠢᠬᠢ | ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ᠂ 6 ᠰᠠᠷ᠎ᠠ ᠠᠴᠠ 5 ᠨᠠᠰᠤᠨ ᠤ ᠬᠡᠤᠬᠡᠳ᠂ ᠠᠷᠬᠠᠭ ᠡᠪᠡᠳᠴᠢᠲᠡᠨ᠂ | 6 ᠰᠠᠷ᠎ᠠ ᠠᠴᠠ ᠳᠣᠷᠣᠭᠰᠢᠬᠢ ᠨᠢᠯᠬ᠎ᠠ ᠬᠡᠤᠬᠡᠳ ᠤᠨ ᠬᠡᠷ ᠪᠦᠯᠢ ᠶᠢᠨ ᠪᠦᠷᠢᠯᠳᠦᠭᠦᠨ ᠪᠠ ᠠᠰᠠᠷᠠᠭᠴᠢ ᠵᠢᠴᠢ | ᠵᠢᠷᠮᠦᠰᠦᠨ ᠡᠮᠡᠭᠲᠡᠶ ᠪᠤᠶᠤ ᠬᠠᠯᠳᠠᠪᠤᠷᠢᠲᠤ ᠲᠠᠭᠰᠢᠭᠤᠷ ᠤᠨ ᠤᠯᠠᠷᠢᠯ ᠳᠤ ᠵᠢᠷᠮᠦᠰᠦᠯᠡᠬᠦ ᠭᠡᠵᠦ ᠪᠠᠶᠢᠭ᠎ᠠ ᠡᠮᠡᠭᠲᠡᠶ | ᠵᠡᠷᠭᠡ ᠪᠠᠭᠲᠠᠨ᠎ᠠ᠃ 6 ᠰᠠᠷ᠎ᠠ ᠠᠴᠠ ᠶᠡᠭᠡ ᠮᠥᠷᠲᠡᠭᠡᠨ ᠴᠡᠭᠡᠷᠯᠡᠬᠦ ᠡᠪᠡᠳᠴᠢᠨ ᠦᠭᠡᠶ ᠬᠥᠮᠦᠰ ᠪᠦᠷ ᠬᠠᠯᠳᠠᠪᠤᠷᠢᠲᠤ | ᠲᠠᠭᠰᠢᠭᠤᠷ ᠤᠨ ᠸᠠᠺᠼᠢᠨ ᠲᠠᠷᠢᠵᠤ ᠪᠣᠯᠤᠨ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ ᠨᠠᠮᠤᠷ ᠡᠪᠦᠯ ᠤᠨ ᠤᠯᠠᠷᠢᠯ ᠳᠤ᠂ ᠮᠠᠨ ᠤ ᠤᠯᠤᠰ ᠲᠤ ᠪᠡᠭᠡᠵᠢᠩ ᠤᠨ | ᠺᠧ ᠰᠢᠩ ᠠᠮᠢᠳᠤ ᠪᠣᠳᠠᠰ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠱᠧᠨᠵᠧᠨ ᠤ ᠰᠠᠶᠢᠨᠤᠹᠢ ᠪᠠᠰᠳ᠋ | ᠠᠮᠢᠳᠤ ᠪᠣᠳᠠᠰ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠵᠡᠷᠭᠡ 9 ᠣᠶᠢᠯᠡᠳᠪᠣᠷᠢ ᠲᠠᠭᠰᠢᠭᠤᠷ ᠤᠨ ᠸᠠᠺᠼᠢᠨ | ᠬᠠᠩᠭᠠᠨ᠎ᠠ᠂ ᠣᠯᠠᠨ ᠢᠶᠠᠷ ᠢᠶᠠᠨ ᠡᠯ᠎ᠡ ᠭᠠᠵᠠᠷ ᠤᠨ ᠲᠤᠰᠬᠠᠶ ᠪᠠᠶᠢᠭᠤᠯᠤᠮᠵᠢ ᠳᠤ ᠬᠦᠷᠴᠦ ᠸᠠᠺᠼᠢᠨ ᠳᠠᠷᠢᠵᠤ | ᠪᠣᠯᠤᠨ᠎ᠠ᠃ | | ᠰᠤᠪᠤᠳ | ᠠᠷᠠᠳ ᠤᠨ ᠰᠦᠯᠵᠢᠶ᠎ᠡ |