| ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 15 ᠤ ᠡᠳᠦᠷ ᠤᠨ ᠮᠡᠳᠡᠭᠡ | ︵ᠰᠤᠷᠪᠤᠯᠵᠢᠯᠠᠭᠴᠢ ᠴᠧᠨ ᠼᠦᠩ︶ ︽ᠲᠠᠮ ᠲᠠᠮᠠᠬᠢ︾ ᠲᠠᠲᠠᠬᠤ ᠨᠢ ᠪᠠᠰᠠ ᠥᠮᠡᠨ ᠳᠤ ᠨᠡᠷᠪᠡᠭᠳᠡᠬᠦ ᠲᠦᠭᠰᠢᠭᠦᠷᠢ ᠶᠢ | ᠨᠡᠮᠡᠭᠳᠡᠭᠦᠯᠦᠨ᠎ᠡ᠁ ᠤᠯᠤᠰ ᠤᠨ ᠥᠮᠡᠨ ᠡᠪᠡᠳᠴᠢᠨ ᠤ ᠲᠥᠪ ᠤᠨ ᠨᠡᠶᠢᠲᠡᠯᠡᠭᠰᠡᠨ ︽2019 ᠣᠨ ᠤ | ᠪᠥᠬᠦ ᠤᠯᠤᠰ ᠤᠨ ᠥᠮᠡᠨ ᠡᠪᠡᠳᠴᠢᠨ ᠤ ᠮᠡᠳᠡᠭᠦᠯᠦᠯᠲᠡ︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ | ᠮᠠᠨ ᠤ ᠣᠯᠣᠰ ᠤᠨ ᠰᠢᠨ᠎ᠡ ᠪᠠᠷ ᠡᠭᠦᠰᠦᠭᠰᠡᠨ ᠠᠭᠤᠰᠬᠢᠨ ᠥᠮᠡᠨ ᠡᠪᠡᠳᠴᠢᠲᠡᠨ ᠨᠢ ᠬᠤᠤᠷᠲᠤ ᠬᠠᠪᠤᠳᠠᠷ ᠲᠤ | ᠨᠡᠷᠪᠡᠭᠳᠡᠭᠰᠡᠨ ᠬᠥᠮᠦᠨ ᠤ ᠲᠤᠭ᠎ᠠ ᠶᠢᠨ 20.03% ᠶᠢ ᠡᠵᠡᠯᠡᠵᠦ᠂ ᠠᠭᠤᠰᠬᠢᠨ ᠥᠮᠡᠨ ᠠᠴᠠ ᠪᠣᠯᠵᠤ | ᠦᠬᠦᠭᠰᠡᠨ ᠬᠥᠮᠦᠨ ᠤ ᠲᠤᠭ᠎ᠠ ᠨᠢ ᠬᠤᠣᠷᠲᠤ ᠬᠠᠪᠤᠳᠠᠷ ᠠᠴᠠ ᠪᠣᠯᠵᠤ ᠦᠬᠦᠭᠰᠡᠨ ᠪᠦᠬᠦ ᠲᠣᠭᠠᠨ ᠤ 26. | 99% ᠶᠢ ᠡᠵᠡᠯᠡᠵᠦ᠂ ᠬᠤᠤᠷᠲᠤ ᠬᠠᠪᠤᠳᠠᠷ ᠤᠨ ᠲᠡᠷᠢᠭᠦᠨ ᠳᠤ ᠣᠷᠣᠵᠤ᠂ ᠠᠭᠤᠰᠬᠢᠨ ᠥᠮᠡᠨ ᠢ ᠰᠡᠷᠭᠡᠶᠢᠯᠡᠨ | ᠵᠠᠰᠠᠬᠤ ᠶᠢ ᠴᠢᠩᠭᠠᠳᠬᠠᠬᠤ ᠨᠢ ᠨᠢᠳᠦᠨ ᠡᠮᠦᠨ᠎ᠡ ᠲᠤᠯᠭᠠᠷᠠᠵᠤ ᠪᠠᠶᠢᠭ᠎ᠠ ᠠᠰᠠᠭᠤᠳᠠᠯ ᠪᠤᠯᠪᠠ᠃ ᠳᠤᠮᠳᠠᠳᠤ | ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠤᠨ ᠤᠳᠠᠭᠠᠨ ᠴᠢᠨᠠᠷᠲᠠᠶ ᠡᠪᠡᠳᠴᠢᠨ ᠤ | ᠲᠥᠪ ᠤᠨ ᠡᠷᠬᠢᠯᠡᠭᠴᠢ ᠡᠤ ᠵᠢᠩ ᠣᠶᠢᠷ᠎ᠠ ᠳᠤ ᠶᠠᠪᠤᠭᠳᠠᠭᠰᠠᠨ 2020 ᠣᠨ ᠤ ᠳᠤᠮᠳᠠᠳᠤ ᠤᠯᠤᠰ ᠤᠨ | ᠠᠭᠤᠰᠬᠢᠨ ᠤ ᠥᠮᠡᠨ ᠢ ᠰᠡᠷᠭᠡᠶᠢᠯᠡᠨ ᠵᠠᠰᠠᠬᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠳᠡᠭᠡᠷ᠎ᠡ ᠬᠡᠯᠡᠭᠰᠡᠨ ᠨᠢ᠂ | ᠲᠠᠮᠠᠬᠢ ᠲᠠᠲᠠᠬᠤ ᠪᠣᠯ ᠠᠭᠤᠰᠬᠢᠨ ᠥᠮᠡᠨ ᠳᠤ ᠨᠡᠷᠪᠡᠭᠳᠡᠬᠦ ᠬᠠᠮᠤᠭ ᠤᠨ ᠲᠣᠳᠣᠷᠬᠠᠶ᠂ ᠬᠠᠮᠤᠭ ᠤᠨ ᠠᠶᠣᠯ ᠲᠠᠢ | ᠡᠯᠧᠮᠧᠨ᠋ᠲ ᠪᠣᠯᠤᠨ᠎ᠠ᠃ ᠡᠭᠦᠨ ᠳᠤ ᠰᠠᠨᠠᠭᠠᠴᠢᠯᠠᠭ᠎ᠠ ᠲᠠᠢ ᠪᠠᠷ ᠲᠠᠮᠠᠬᠢ ᠲᠠᠲᠠᠬᠤ ᠪᠠ ᠳᠠᠮ ᠢᠶᠠᠷ ᠲᠠᠮᠠᠬᠢ ᠲᠠᠲᠠᠬᠤ | ᠪᠠᠭᠲᠠᠨ᠎ᠠ᠃ ᠬᠤᠯᠪᠣᠭᠳᠠᠯ ᠪᠥᠬᠦᠶ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠠᠮᠠᠬᠢ ᠲᠠᠲᠠᠭᠰᠠᠨ ᠠᠴᠠ | ᠪᠣᠯᠵᠣ ᠠᠭᠤᠰᠬᠢᠨ ᠤ ᠥᠮᠡᠨ ᠳᠤ ᠨᠡᠷᠪᠡᠭᠰᠡᠳ ᠨᠢ ᠪᠥᠬᠦ ᠪᠥᠮᠪᠥᠷᠴᠡᠭ ᠤᠨ ᠠᠭᠤᠰᠬᠢᠨ ᠥᠮᠡᠨ ᠡᠪᠡᠳᠴᠢᠲᠡᠨ | ᠤ 80%—85% ᠶᠢ ᠡᠵᠡᠯᠡᠵᠦ ᠪᠠᠶᠢᠨ᠎ᠠ᠃ ᠲᠡᠷᠡ ᠬᠡᠯᠡᠬᠦ ᠳᠡᠭᠡᠨ᠄ ᠲᠠᠮᠠᠬᠢ ᠲᠠᠲᠠᠬᠤ ᠠᠴᠠ ᠠᠭᠤᠰᠬᠢᠨ | ᠥᠮᠡᠨ ᠳᠤ ᠦᠵᠡᠭᠦᠯᠬᠦ ᠨᠥᠯᠥᠭᠡ ᠨᠢ ᠴᠠᠭ ᠬᠤᠭᠤᠴᠠᠭ᠎ᠠ ᠶᠢᠨ ᠨᠡᠮᠡᠭᠳᠡᠯ ᠢ ᠲᠠᠭᠠᠯᠳᠣᠨ ᠨᠡᠮᠡᠭᠳᠡᠨ᠎ᠡ᠂ ᠬᠡᠷᠪᠡ ᠴᠠᠭ | ᠲᠤᠬᠠᠢ ᠳᠤᠨᠢ ᠲᠠᠮᠠᠬᠢ ᠪᠠᠨ ᠵᠣᠭᠰᠣᠪᠠᠯ ᠨᠥᠯᠥᠭᠡ ᠨᠢ ᠵᠣᠬᠢᠴᠠᠩᠭᠤᠶ ᠪᠠᠷ ᠪᠠᠭᠠᠰᠬᠤ ᠪᠣᠯᠤᠨ᠎ᠠ᠃ | ᠡᠭᠦᠨ ᠠᠴᠠ ᠭᠠᠳᠠᠨ᠎ᠠ᠂ ᠠᠭᠠᠷ ᠤᠨ ᠪᠣᠬᠢᠷᠲᠤᠯ ᠨᠢ ᠮᠥᠨ ᠴᠦ ᠠᠭᠤᠰᠬᠢᠨ ᠥᠮᠡᠨ ᠤ ᠨᠢᠭᠡ ᠶᠡᠭᠡ ᠠᠶᠤᠯᠲᠤ | ᠰᠢᠯᠲᠠᠭᠠᠨ ᠪᠣᠯᠤᠨ᠎ᠠ᠂ ᠡᠭᠦᠨ ᠳᠤ ᠭᠡᠷ ᠤᠨ ᠭᠠᠳᠠᠨᠠᠬᠢ ᠪᠣᠬᠢᠷᠲᠤᠯ ᠨᠢ ᠭᠤᠤᠯᠳᠠᠭᠤ PM2.5 ᠶᠢᠨ ᠪᠣᠬᠢᠷᠲᠤᠯ | ᠪᠣᠯᠤᠨ᠎ᠠ᠃ ᠭᠡᠷ ᠳᠣᠲᠣᠷᠠᠬᠢ ᠪᠣᠬᠢᠷᠲᠤᠯ ᠨᠢ ᠭᠤᠣᠯᠳᠠᠭᠤ ᠭᠡᠷ ᠪᠦᠯᠢ ᠶᠢᠨ ᠰᠠᠯᠬᠢ ᠨᠡᠪᠲᠡᠷᠡᠬᠦ ᠦᠭᠡᠢ ᠠᠴᠠ ᠪᠣᠯᠵᠠᠢ᠃ | ᠢᠯᠠᠩᠭᠤᠶ᠎ᠠ ᠭᠡᠷ ᠪᠦᠯᠢ ᠶᠢᠨ ᠬᠠᠲᠠᠭᠤ ᠪᠡᠶᠡᠲᠦ ᠲᠦᠯᠡᠰᠢ ᠰᠢᠲᠠᠭᠠᠬᠤ ᠪᠠ ᠭᠠᠯ ᠲᠣᠭᠤᠭᠠᠨ ᠤ | ᠤᠲᠤᠭ᠎ᠠ ᠠᠴᠠ ᠪᠣᠯᠣᠭᠰᠠᠨ ᠭᠡᠷ ᠳᠣᠲᠣᠷᠠᠬᠢ ᠪᠤᠵᠠᠷᠲᠤᠯ ᠢ ᠠᠭᠤᠰᠬᠢᠨ ᠤ ᠥᠮᠡᠨ ᠡᠭᠦᠰᠭᠡᠬᠦ ᠠᠶᠤᠯᠲᠤ | ᠡᠯᠧᠮᠧᠨ᠋ᠲ ᠤᠨ ᠨᠢᠭᠡ ᠭᠡᠵᠦ ᠦᠵᠡᠳᠡᠭ᠃ | ᠦ᠋ ᠵᠢᠩ ᠬᠡᠯᠡᠬᠦ ᠳᠡᠭᠡᠨ᠂ ᠠᠷᠰᠧᠨ ᠠᠭᠤᠯᠤᠭᠰᠠᠨ ᠤᠤᠭᠤᠬᠤ ᠤᠰᠤ᠂ β — ᠬᠤᠯᠤᠤᠪᠠᠩ ᠤᠨ | ᠡᠳ᠋ ᠤᠨ ᠨᠥᠬᠦᠪᠥᠷᠢ ᠡᠳ᠋᠂ ᠡᠳ᠋ᠰᠢᠯᠡᠭᠦᠯᠣᠭ᠍ᠰᠡᠨ ᠮᠢᠬ᠎ᠠ ᠪᠠ ᠰᠫᠢᠷᠲ ᠤᠮᠳᠠᠭᠠᠨ ᠢ ᠣᠷᠳᠣ ᠬᠤᠭᠤᠴᠠᠭ᠎ᠠ ᠪᠠᠷ | ᠢᠳᠡᠵᠦ ᠤᠤᠭᠤᠪᠠᠯ ᠠᠭᠤᠰᠬᠢᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ᠃ ᠵᠣᠬᠢᠰᠲᠠᠶ ᠪᠡᠶ᠎ᠡ ᠶᠢᠨ | ᠲᠠᠮᠢᠷ ᠤᠨ ᠪᠣᠯᠪᠠᠰᠤᠷᠠᠯ ᠨᠢ ᠡᠨᠡ ᠬᠦ ᠠᠶᠤᠯ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠲᠡᠷᠡ ᠵᠢᠭᠠᠵᠤ | ᠭᠠᠷᠭᠠᠭᠰᠠᠨ ᠨᠢ᠂ ᠠᠭᠤᠰᠬᠢᠨ ᠥᠮᠡᠨ ᠭᠡᠬᠦ ᠡᠨᠡ ᠬᠦ ᠡᠪᠡᠳᠴᠢᠨ ᠨᠢ ᠪᠤᠰᠤᠳ ᠬᠠᠪᠤᠳᠠᠷ ᠲᠠᠢ ᠠᠳᠠᠯᠢ ᠪᠠᠷ | ᠪᠠᠰᠠ ᠨᠢᠭᠡ ᠵᠦᠢᠯ ᠤᠨ ᠰᠡᠷᠭᠡᠶᠢᠯᠡᠵᠦ ᠳᠡᠶᠢᠯᠬᠦ ᠡᠪᠡᠳᠴᠢᠨ ᠪᠣᠯᠤᠨ᠎ᠠ ᠭᠡᠵᠡᠢ᠃ | | ᠰᠤᠪᠤᠳ | |