| ᠰᠤᠷᠪᠤᠯᠵᠢᠯᠠᠭᠴᠢ ᠰᠣᠶᠣᠯ ᠵᠢᠭᠤᠯᠴᠢᠯᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠮᠥᠨ ᠬᠦ ᠪᠦᠬᠦ ᠳᠡᠯᠡᠬᠡᠶ ᠶᠢᠨ ᠬᠡᠪᠴᠢᠶᠡᠨ ᠳᠤ | ᠳᠡᠯᠭᠡᠷᠡᠵᠦ᠂ ᠬᠤᠶᠢᠰᠢᠳᠠ ᠶᠢᠨ ᠨᠢᠭᠡ ᠬᠤᠭᠤᠴᠠᠭᠠᠨ ᠳᠤ ᠣᠨᠴᠠᠭᠠᠶᠢᠯᠠᠨ ᠨᠠᠮᠤᠷ ᠡᠪᠦᠯ ᠤᠨ ᠤᠯᠠᠷᠢᠯ ᠳᠤ | ᠤᠯᠤᠰ ᠤᠨ ᠳᠣᠲᠣᠭᠠᠳᠤ ᠳᠤ ᠬᠡᠰᠡᠭ ᠪᠤᠰᠠᠭ ᠡᠪᠡᠳᠴᠢᠨ ᠤ ᠵᠢᠱᠢᠶ᠎ᠡ ᠢᠯᠡᠷᠡᠬᠦ᠂ ᠬᠡᠰᠡᠭ ᠭᠠᠵᠠᠷ ᠭᠡᠨᠡᠳᠲᠡ ᠬᠢᠵᠢᠭ | ᠡᠭᠦᠰᠬᠦ ᠲᠦᠭᠰᠢᠭᠦᠷᠢ ᠮᠥᠨ ᠣᠷᠣᠰᠢᠵᠤ ᠪᠠᠶᠢᠨ᠎ᠠ᠃ ᠨᠠᠮᠤᠷ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯ | ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ | ᠬᠢᠬᠦ ᠶᠢᠨ ᠲᠤᠰᠠᠳᠠ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ︽ᠨᠠᠮᠤᠷ ᠡᠪᠦᠯ ᠤᠨ | ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠰᠣᠶᠣᠯ ᠪᠣᠯᠤᠨ ᠵᠢᠭᠤᠯᠴᠢᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠳ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠤᠨ ᠳᠠᠬᠢᠨ | ᠳᠠᠪᠲᠠᠬᠤ ᠣᠨᠴᠠᠯᠢᠭ ᠲᠤ ᠴᠢᠭᠯᠡᠭᠦᠯᠵᠦ᠂ ᠣᠷᠣᠨ ᠬᠤᠪᠢᠶᠠᠨ ᠳᠡᠰ ᠬᠤᠪᠢᠶᠠᠬᠤ ᠵᠠᠷᠴᠢᠮ ᠢ ᠪᠠᠷᠢᠮᠲᠠᠯᠠᠨ᠂ | ᠵᠢᠭᠤᠯᠴᠢᠯᠠᠯ ᠤᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢᠨ | ᠵᠦᠭᠯᠡᠭᠦᠷ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠢᠳᠠᠪᠤᠷᠢᠵᠢᠭᠤᠯᠬᠤ᠂ ᠨᠢᠭᠡᠨᠲᠡ | ᠡᠵᠡᠩᠨᠡᠯᠲᠡ ᠶᠢᠨ ᠠᠵᠢᠯᠯᠠᠭ᠎ᠠ ᠪᠠᠨ ᠰᠡᠷᠭᠦᠭᠡᠭᠰᠡᠨ ᠵᠢᠭᠤᠯᠴᠢᠯᠠᠯ ᠤᠨ ᠠᠵᠤ ᠠᠬᠤᠶᠢᠯᠠᠯ ᠳᠠᠬᠢ ᠬᠢᠨᠠᠯᠲᠠ | ᠵᠢᠯᠣᠭᠤᠳᠤᠯᠭ᠎ᠠ ᠪᠠᠨ ᠴᠢᠩᠭᠠᠳᠬᠠᠨ᠂ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠳᠣᠨ ᠲᠠᠰ ᠤᠨ | ᠬᠤᠭᠤᠯᠠᠨ ᠭᠡᠷ᠂ ᠵᠢᠭᠤᠯᠴᠢᠯᠠᠯ ᠤᠨ ᠬᠤᠷᠢᠶ᠎ᠠ ᠵᠡᠷᠭᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠬᠡᠪᠰᠢᠭᠰᠡᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢ ᠭᠤᠤᠯᠳᠠᠯᠭ᠎ᠠ ᠲᠠᠢ ᠰᠢᠪᠠᠳᠠᠨ᠎ᠠ᠃ ᠵᠢᠭᠤᠯᠴᠢᠯᠠᠯ ᠤᠨ | ᠬᠤᠷᠢᠶ᠎ᠠ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ ᠠᠬᠤᠶᠢᠯᠠᠯ ᠤᠨ ᠬᠢᠯᠢ ᠪᠠᠷ ᠣᠷᠣᠵᠤ ᠭᠠᠷᠬᠤ | ᠪᠦᠯᠬᠦᠮ ᠤᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠪᠠᠭᠤᠳᠠᠯ︾ ᠤᠨ ᠲᠤᠬᠠᠶᠢᠯᠠᠭᠰᠠᠨ ᠠᠵᠢᠯ ᠢ ᠲᠦᠷ | ᠰᠡᠷᠭᠦᠭᠡᠬᠦ ᠥᠬᠡᠶ᠃ ᠡᠯ᠎ᠡ ᠭᠠᠵᠠᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢ | ᠤᠷᠤᠭᠰᠢ ᠰᠢᠯᠵᠢᠭᠦᠯᠵᠦ᠂ ᠠᠵᠢᠯ ᠤᠨ ᠪᠠᠶᠢᠷᠢ ᠳᠤ ᠭᠠᠷᠬᠤ ᠠᠵᠢᠯ ᠤᠨ ᠳᠦᠷᠢᠮᠵᠢᠯ ᠢ ᠴᠢᠩᠳᠠᠯᠠᠨ᠂ | ᠠᠵᠢᠯᠲᠠᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠶᠢ ᠴᠢᠩᠭᠠᠳᠬᠠᠵᠤ᠂ ᠲᠠᠯᠠᠪᠤᠷ | ᠭᠠᠵᠠᠷ ᠤᠨ ᠰᠠᠯᠬᠢ ᠨᠡᠪᠲᠡᠷᠡᠭᠦᠯᠦᠨ ᠠᠭᠠᠷ ᠰᠣᠯᠢᠬᠤ ᠪᠠ ᠠᠷᠢᠭᠤᠨ ᠴᠡᠪᠡᠷ ᠪᠠᠺᠲ᠋ᠧᠷᠢ ᠠᠷᠢᠭᠤᠳᠬᠠᠬᠤ᠂ | ᠬᠥᠮᠦᠨ ᠤ ᠤᠷᠤᠰᠬᠠᠯ ᠢ ᠡᠵᠡᠮᠳᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠢ᠃ | ︽ᠮᠡᠳᠡᠭᠳᠡᠯ︾ ᠳᠤ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠳ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠲᠤᠰ ᠭᠠᠵᠠᠷ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠦᠯ ᠢ | ᠲᠣᠭᠲᠠᠭᠠᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠪᠣᠯᠤᠨ ᠰᠢᠢᠳᠪᠦᠷᠢᠯᠡᠬᠦ ᠶᠠᠪᠤᠴᠠ ᠶᠢ ᠲᠣᠳᠣᠷᠬᠠᠶᠢᠯᠠᠨ᠂ ᠪᠡᠯᠡᠳᠬᠡᠬᠦ ᠪᠠᠷᠠᠭᠠᠳ | ᠬᠡᠷᠡᠭᠯᠡᠬᠦ ᠦᠭᠡᠢ ᠶᠢ ᠪᠣᠯᠬᠤ ᠠᠴᠠ ᠪᠢᠰᠢ᠂ ᠬᠡᠷᠡᠭᠯᠡᠬᠦ ᠭᠡᠳ ᠪᠡᠯᠡᠳᠬᠡᠯ ᠦᠭᠡᠢ ᠪᠠᠶᠢᠵᠤ ᠪᠣᠯᠬᠤ ᠦᠭᠡᠢ ᠭᠡᠵᠡᠢ᠃ | ︽ᠮᠡᠳᠡᠭᠳᠡᠯ︾ ᠳᠤ᠂ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ᠂ ᠠᠵᠢᠯ ᠲᠥᠷᠥᠯ ᠤᠨ ᠨᠡᠶᠢᠭᠡᠮᠯᠢᠭ᠂ ᠵᠢᠭᠤᠯᠴᠢᠯᠠᠯ ᠤᠨ ᠠᠵᠤ ᠠᠬᠤᠶᠢᠯᠠᠯ ᠤᠳ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠪᠣᠯᠪᠠᠰᠤᠷᠠᠭᠤᠯᠤᠯ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠬᠦ ᠠᠵᠢᠯ | ᠲᠥᠷᠥᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠬᠦ | ᠬᠡᠷᠡᠭᠲᠡᠶ᠃ ᠬᠠᠮᠢᠶ᠎ᠠ ᠪᠦᠬᠦᠢ ᠬᠥᠮᠦᠰ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠦᠷᠢᠮ ᠪᠠ | ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠡᠵᠡᠮᠰᠢᠵᠦ᠂ ᠡᠯ᠎ᠡ | ᠬᠦᠷᠢᠶ᠎ᠡ᠂ ᠡᠯ᠎ᠡ ᠠᠵᠢᠯ ᠤᠨ ᠪᠠᠶᠢᠷᠢ᠂ ᠡᠯ᠎ᠡ ᠭᠤᠭᠴᠤᠭ᠎ᠠ ᠳᠤ ᠴᠢᠩᠭ᠎ᠠ ᠵᠢᠷᠤᠮᠵᠢᠭᠤᠯᠤᠨ ᠠᠵᠢᠯᠯᠠᠭᠤᠯᠵᠤ᠂ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ | ᠭᠡᠵᠦ ᠱᠠᠭᠠᠷᠳᠠᠵᠠᠢ᠃ | ︽ᠮᠡᠳᠡᠭᠳᠡᠯ︾ ᠳᠤ ᠪᠠᠰᠠ᠂ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠬᠢᠨ ᠲᠤᠬᠠᠶ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ | ᠤᠳᠤᠷᠢᠳᠤᠯᠭ᠎ᠠ ᠳᠣᠤᠷ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ | ᠬᠡᠷᠡᠭᠲᠡᠢ᠃ ᠬᠢᠨᠠᠨ ᠵᠢᠯᠣᠭᠤᠳᠬᠤ ᠲᠣᠭᠲᠠᠴᠠ ᠶᠢ ᠪᠠᠶᠢᠭᠤᠯᠵᠤ᠂ ᠴᠢᠬᠤᠯᠠ ᠲᠠᠢ ᠦᠶ᠎ᠡ ᠳᠤ ᠭᠤᠤᠯᠳᠠᠯᠭ᠎ᠠ ᠲᠠᠢ | ᠭᠠᠵᠠᠷ ᠣᠷᠣᠨ᠂ ᠭᠤᠤᠯᠳᠠᠯᠭ᠎ᠠ ᠲᠠᠢ ᠵᠢᠭᠤᠯᠴᠢᠯᠠᠯ ᠤᠨ ᠠᠵᠤ ᠠᠬᠤᠶᠢᠯᠠᠯ ᠳᠤ ᠠᠵᠢᠯᠯᠠᠬᠤ ᠳᠤᠭᠤᠶᠢᠯᠠᠩ | ᠲᠣᠮᠢᠯᠠᠵᠤ᠂ ᠵᠢᠭᠤᠯᠴᠢᠯᠠᠯ ᠤᠨ ᠠᠵᠢᠯ ᠲᠥᠷᠥᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ | ᠴᠢᠩᠭᠠᠳᠬᠠᠨ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠵᠠᠢ᠃ | | ᠲᠤᠷᠤᠨ᠎ᠠ |