| ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠠᠵᠤ | ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠨᠢᠩᠴᠧᠩ | ᠰᠢᠶᠠᠨ ᠭᠤᠷᠪᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠥᠯᠥᠰᠥᠨ ᠠᠵᠢᠯᠴᠢᠨ ᠤ ᠴᠠᠯᠢᠩ ᠣᠯᠭᠤᠮᠵᠢ ᠶᠢ | ᠪᠠᠲᠣᠯᠠᠬᠤ ᠠᠵᠢᠯ ᠢ ᠰᠠᠶᠢᠲᠤᠷ ᠬᠢᠪᠡ᠃ | ᠨᠢᠭᠡ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ | ᠬᠦᠳᠡᠯᠮᠤᠷᠢᠴᠢᠳ ᠤᠨ ᠬᠠᠤᠯᠢ ᠲᠦᠷᠢᠮ ᠤᠨ ᠦᠵᠡᠯᠲᠡ ᠶᠢ ᠳᠡᠭᠡᠭᠰᠢᠯᠡᠭᠦᠯᠪᠡ᠃ ᠤᠬᠠᠭᠤᠯᠬᠤ ᠬᠠᠭᠤᠳᠠᠰᠤ | ᠲᠠᠷᠬᠠᠭᠠᠬᠤ᠂ ᠤᠬᠠᠭᠤᠯᠬᠤ ᠲᠡᠷᠭᠡ ᠬᠥᠳᠡᠯᠭᠡᠬᠦ᠂ ᠲᠤᠬᠠᠶ ᠶᠢᠨ ᠲᠠᠯᠠᠪᠠᠢ ᠳᠤ ᠠᠰᠠᠭᠤᠨ ᠯᠠᠪᠯᠠᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ︽ᠬᠥᠳᠡᠯᠮᠦᠷᠢ ᠶᠢᠨ ᠬᠠᠤᠯᠢ︾᠂ ︽ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠬᠥᠯᠥᠰᠥᠨ | ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ | ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠥᠷᠭᠡᠨ ᠤᠯᠠᠨ ᠬᠥᠳᠡᠯᠮᠤᠷᠢᠴᠢᠳ ᠤᠨ ᠬᠥᠳᠡᠯᠮᠦᠷᠢ ᠶᠢᠨ | ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ | ᠨᠡᠮᠡᠭᠳᠡᠭᠦᠯᠵᠦ᠂ ᠨᠡᠶᠢᠭᠡᠮ ᠳᠠᠶᠠᠭᠠᠷ ᠢᠶᠠᠨ ᠬᠠᠮᠲᠤᠪᠠᠷ ᠬᠠᠯᠠᠮᠵᠢᠯᠠᠬᠤ᠂ ᠳᠡᠮᠵᠢᠬᠦ ᠪᠠ ᠲᠡᠭᠦᠨ ᠳᠤ ᠤᠷᠤᠯᠴᠠᠬᠤ ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠪᠠ᠃ | ᠬᠤᠶᠠᠷ ᠲᠤ ᠡᠳᠦᠷ ᠲᠤᠲᠤᠮ ᠤᠨ ᠪᠠᠶᠢᠴᠠᠭᠠᠯᠲᠠ ᠪᠠᠨ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠪᠠ᠃ ︽ᠨᠢᠭᠡ ᠮᠥᠩᠭᠦ ᠭᠤᠷᠪᠠᠨ ᠳᠦᠷᠢᠮ︾ ᠤᠨ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠ ︽ᠬᠤᠶᠠᠷ ᠢ ᠰᠤᠭᠤᠴᠢᠨ᠂ ᠨᠢᠭᠡ ᠶᠢ ᠢᠯᠡ ᠪᠣᠯᠭᠠᠬᠤ︾ ᠠᠵᠢᠯ ᠤᠨ | ᠳᠦᠷᠢᠮ ᠲᠠᠢ ᠤᠶᠠᠯᠳᠤᠭᠤᠯᠤᠨ᠂ ᠬᠠᠷᠢᠶᠠᠲᠤ ᠣᠷᠣᠨ ᠤ ᠳᠣᠲᠣᠷᠠᠬᠢ 50 ᠭᠠᠷᠤᠶ ᠬᠥᠮᠦᠨ ᠬᠡᠷᠡᠭᠯᠡᠬᠦ ᠨᠢᠭᠡᠴᠢ ᠶᠢᠨ | ︽ᠬᠥᠳᠡᠯᠮᠦᠷᠢ ᠶᠢᠨ ᠬᠠᠤᠯᠢ︾᠂ ︽ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠲᠦᠷᠢᠮ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠪᠠᠶᠢᠴᠠᠭᠠᠪᠠ᠃ ᠬᠥᠮᠦᠨ ᠬᠡᠷᠡᠭᠯᠡᠬᠦ ᠨᠢᠭᠡᠴᠢ ᠶᠢᠨ ᠦᠨᠡᠨ ᠨᠡᠷ᠎ᠡ ᠶᠢᠨ ᠲᠦᠷᠢᠮ ᠤᠨ | ᠠᠵᠢᠯᠲᠠᠨ ᠤ ᠬᠠᠮᠢᠶᠠᠷᠤᠯᠲᠠ᠂ ᠬᠥᠳᠡᠯᠮᠦᠷᠢ ᠶᠢᠨ ᠭᠡᠷ᠎ᠡ ᠲᠣᠭᠲᠠᠬᠤ᠂ ᠴᠠᠯᠢᠩ ᠥᠭᠬᠦ ᠵᠢᠴᠢ ᠠᠵᠢᠯ ᠳᠤ ᠭᠠᠷᠬᠤ ᠶᠢ | ᠰᠢᠯᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠣᠳᠣ | ᠪᠣᠯᠲᠠᠯ᠎ᠠ᠂ ᠪᠦᠬᠦ ᠰᠢᠶᠠᠨ ᠤ ᠪᠠᠶᠢᠭᠤᠯᠵᠤ ᠪᠠᠶᠢᠭ᠎ᠠ ᠲᠥᠷᠥᠯ ᠵᠤᠶᠢᠯ ᠤᠨ ᠢᠨᠵᠧᠨᠧᠷᠢᠩ ᠲᠤ ᠣᠳᠣ 13420 | ᠬᠥᠯᠥᠰᠥᠨ ᠠᠵᠢᠯᠴᠢᠨ ᠲᠠᠢ ᠪᠠᠶᠢᠵᠦ᠂ ᠴᠠᠯᠢᠩ ᠢ ᠪᠠᠩᠬᠢ ᠠᠴᠠ 6366.4529 ᠲᠦᠮᠡᠨ ᠲᠥᠭᠦᠷᠢᠭ ᠣᠷᠣᠯᠠᠨ | ᠣᠯᠭᠤᠵᠠᠶ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠥᠳᠡᠯᠮᠦᠷᠢ ᠶᠢᠨ | ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ ᠴᠠᠭ | ᠲᠤᠬᠠᠶ ᠳᠤᠨᠢ ᠪᠠᠭᠤᠯᠭᠠᠵᠤ᠂ ᠪᠠᠷᠢᠯᠭ᠎ᠠ ᠪᠠᠷᠢᠬᠤ ᠠᠵᠤ ᠠᠬᠤᠶᠢᠯᠠᠯ ᠢ ᠰᠢᠮᠳᠠᠭᠤᠯᠤᠨ ᠬᠤᠭᠤᠴᠠᠭ᠎ᠠ ᠬᠢᠵᠠᠭᠠᠷᠯᠠᠨ | ᠴᠡᠭᠴᠡᠯᠡᠨ ᠵᠠᠰᠠᠭᠤᠯᠵᠠᠶ᠃ ᠴᠠᠯᠢᠩ ᠥᠷᠢᠲᠦᠬᠦ ᠠᠵᠢᠯᠯᠠᠭ᠎ᠠ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠪᠡ᠃ | ᠭᠤᠷᠪᠠ ᠳᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠠᠤᠯᠢ ᠶᠢ ᠵᠥᠷᠢᠴᠡᠭᠰᠡᠨ | ᠬᠡᠷᠡᠭ ᠢ ᠴᠢᠩᠭ᠎ᠠ ᠪᠠᠶᠢᠴᠠᠭᠠᠨ ᠰᠢᠢᠳᠪᠤᠷᠢᠯᠡᠪᠡ᠃ ︽ᠥᠷᠢ ᠰᠢᠷᠢ ᠶᠢ ᠵᠠᠰᠠᠵᠤ ᠴᠠᠯᠢᠩ ᠤᠯᠭᠤᠬᠤ ᠶᠢ ᠪᠠᠲᠤᠯᠠᠬᠤ︾ | ᠠᠵᠢᠯ ᠤᠨ ᠭᠤᠣᠯᠳᠠᠯᠭ᠎ᠠ ᠲᠠᠢ ᠤᠶᠠᠯᠳᠤᠭᠤᠯᠤᠨ᠂ ᠬᠥᠯᠥᠰᠥᠨ ᠠᠵᠢᠯᠴᠢᠨ ᠤᠲᠠᠰᠤ ᠢᠷᠡᠭᠦᠯᠬᠦ᠂ ᠰᠤᠷᠪᠤᠯᠵᠢᠯᠠᠭ᠎ᠠ | ᠬᠢᠬᠦ ᠵᠡᠷᠭᠡ ᠡᠷᠬᠡ ᠠᠰᠢᠭ ᠢᠶᠠᠨ ᠬᠠᠮᠠᠭᠠᠯᠠᠬᠤ ᠡᠯ᠎ᠡ ᠲᠥᠷᠥᠯ ᠤᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ | ᠬᠠᠯᠠᠭᠤᠨ ᠢᠶᠠᠷ ᠬᠦᠯᠢᠶᠡᠨ ᠠᠪᠴᠤ᠂ ᠬᠥᠯᠥᠰᠥᠨ ᠠᠵᠢᠯᠴᠢᠨ ᠤᠨ ᠠᠰᠠᠭᠤᠨ ᠯᠠᠪᠯᠠᠬᠤ᠂ ᠵᠠᠭᠠᠯᠳᠤᠬᠤ ᠪᠠ | ᠢᠯᠡᠴᠢᠯᠡᠨ ᠮᠡᠳᠡᠭᠦᠯᠬᠦ ᠶᠢ ᠬᠦᠯᠢᠴᠡᠩᠭᠦᠢ ᠪᠠᠷ ᠬᠠᠷᠢᠭᠤᠯᠵᠤ᠂ ᠬᠥᠯᠥᠰᠥᠨ ᠠᠵᠢᠯᠴᠢᠨ ᠤᠨ ᠳᠡᠭᠡᠭᠰᠢ ᠵᠠᠭᠠᠯᠳᠤᠭᠰᠠᠨ | ᠬᠡᠷᠡᠭ ᠢ ᠴᠢᠩᠭ᠎ᠠ ᠨᠢᠮᠪᠠᠶ ᠪᠠᠶᠢᠴᠠᠭᠠᠨ ᠰᠢᠢᠳᠪᠤᠷᠢᠯᠡᠵᠦ᠂ ᠬᠡᠷᠡᠭ ᠢ ᠬᠦᠯᠢᠶᠡᠨ ᠠᠪᠴᠤ ᠰᠢᠢᠳᠪᠤᠷᠢᠯᠡᠨ᠂ ᠬᠡᠷᠡᠭ ᠢ | ᠬᠠᠮᠲᠤ ᠳᠤᠨᠢ ᠳᠠᠭᠤᠰᠬᠠᠬᠤ ᠶᠢᠨ ᠬᠠᠮᠲᠤ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠰᠠᠶᠢᠲᠤᠷ ᠬᠢᠪᠡ᠃ ᠵᠢᠯ ᠤᠨ | ᠡᠬᠢᠨ ᠠᠴᠠ ᠨᠠᠰᠢ᠂ ᠴᠠᠯᠢᠩ ᠥᠷᠢᠲᠦᠬᠦ ᠬᠡᠷᠡᠭ ᠢ ᠨᠡᠶᠢᠲᠡ 21 ᠬᠦᠯᠢᠶᠡᠨ ᠠᠪᠴᠤ ᠵᠣᠬᠢᠴᠠᠭᠤᠯᠤᠨ | ᠰᠢᠢᠳᠪᠤᠷᠢᠯᠡᠵᠦ᠂ ᠬᠥᠳᠡᠯᠮᠦᠷᠢᠴᠢᠨ ᠤ ᠴᠠᠯᠢᠩ ᠢ 1000 ᠭᠠᠷᠤᠶ ᠲᠦᠮᠡᠨ ᠲᠥᠭᠦᠷᠢᠭ ᠨᠡᠬᠡᠮᠵᠢᠯᠡᠨ ᠠᠪᠴᠢᠷᠠᠵᠤ᠂ | ᠬᠥᠯᠥᠰᠥᠨ ᠠᠵᠢᠯᠴᠢᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠪᠠ ᠃ |