| | ᠴᠢᠩᠭ᠎ᠠ ᠬᠦᠴᠦᠳᠡᠢ ᠲᠤᠯᠠᠭᠠᠨ ᠴᠢᠬᠢᠭᠯᠢᠭ ᠬᠡᠢ ᠶᠢᠨ ᠤᠷᠤᠰᠬᠠᠯ ᠪᠠ ᠬᠦᠢᠳᠡᠨ ᠠᠭᠠᠷ ᠤᠨ ᠬᠠᠮᠳᠤ ᠶᠢᠨ | ᠨᠦᠯᠦᠭᠡᠯᠡᠯ ᠠᠴᠠ ᠪᠤᠯᠵᠦ 11 ᠳ᠋ᠤᠭᠡᠷ ᠰᠠᠷ᠎ᠠ ᠶᠢᠨ 17 ᠤ ᠤᠷᠤᠢ ᠠᠴᠠ 19 ᠤ ᠡᠳᠦᠷ ᠪᠤᠯᠳᠠᠯ᠎ᠠ᠂ ᠤᠯᠠᠭᠠᠨᠬᠠᠳᠠ | ᠬᠤᠳᠠ ᠳᠤ ᠴᠢᠩᠭ᠎ᠠ ᠬᠦᠴᠦᠳᠡᠢ ᠪᠤᠷᠤᠭᠠᠨ ᠴᠠᠰᠤ ᠲᠠᠢ ᠴᠠᠭ ᠠᠭᠤᠷ ᠢᠯᠡᠷᠡᠵᠦ᠂ ᠲᠦᠰᠦᠪᠯᠡᠭᠰᠡᠨ ᠢᠶᠠᠷ ᠪᠦᠬᠦ | ᠬᠤᠳᠠ ᠶᠢᠨ ᠶᠡᠬᠡᠩᠬᠢ ᠬᠡᠰᠡᠭ ᠭᠠᠵᠠᠷ ᠤᠷᠤᠨ ᠤ ᠬᠤᠷᠠᠮᠳᠤᠯ ᠲᠤᠨᠤᠳᠠᠰᠤᠨ ᠤ ᠬᠡᠮᠵᠢᠶ᠎ᠡ 25 ᠮᠢᠯᠢᠮᠧᠲᠷ ᠠᠴᠠ | 30 ᠮᠢᠯᠢᠮᠧᠲᠷ ᠬᠦᠷᠴᠦ᠂ ᠡᠬᠦᠨ ᠳᠤ ᠲᠤᠮᠳᠠ ᠤᠮᠠᠷᠠᠳᠤ ᠬᠡᠰᠡᠭ ᠤᠨ ᠭᠠᠵᠠᠷ ᠤᠷᠤᠨ ᠳᠤ ᠴᠠᠰᠤ ᠤᠷᠤᠬᠤ ᠪᠠᠷ | ᠭᠤᠤᠯᠳᠠᠭᠤᠯᠵᠦ᠂ ᠴᠠᠰᠤᠨ ᠤ ᠬᠡᠮᠵᠢᠶ᠎ᠡ ᠴᠠᠰᠤᠨ ᠰᠢᠭᠤᠷᠭ᠎ᠠ ᠪᠤᠶᠤ ᠶᠡᠭᠡ ᠴᠠᠰᠤᠨ ᠰᠢᠭᠤᠷᠭ᠎ᠠ ᠶᠢᠨ ᠬᠡᠮᠵᠢᠶᠡᠨ ᠳᠤ | ᠬᠦᠷᠴᠦ᠂ ᠡᠮᠦᠨ᠎ᠡ ᠬᠡᠰᠡᠭ ᠤᠨ ᠭᠠᠵᠠᠷ ᠤᠷᠤᠨ ᠳᠤ ᠪᠤᠷᠤᠭᠠᠨ ᠴᠠᠰᠤ ᠬᠤᠯᠢᠯᠳᠤᠨ ᠤᠷᠤᠬᠤ ᠪᠤᠶᠤ ᠬᠠᠶᠢᠯᠤᠩᠬᠢ | ᠴᠠᠰᠤ ᠤᠷᠤᠵᠦ᠂ ᠲᠤᠨᠤᠳᠠᠰᠤᠨ ᠤ ᠬᠠᠮᠤᠭ ᠴᠢᠩᠭ᠎ᠠ ᠦᠶ᠎ᠡ ᠪᠤᠯ 18 ᠤ ᠤᠷᠤᠢ ᠠᠴᠠ 19 ᠤ ᠦᠦᠷ ᠬᠦᠷᠳᠡᠯ᠎ᠡ᠃ | ᠴᠠᠰᠤ ᠪᠤᠶᠤ ᠬᠦᠢᠳᠡᠨ ᠠᠭᠤᠷ ᠠᠮᠢᠰᠬᠤᠯ ᠤᠨ ᠨᠦᠯᠦᠭᠡ ᠠᠴᠠ ᠪᠤᠯᠵᠦ᠂ 18 ᠤ ᠡᠳᠦᠷ ᠠᠴᠠ 19 ᠤ ᠡᠳᠦᠷ | ᠪᠤᠯᠳᠠᠯ᠎ᠠ ᠪᠦᠬᠦ ᠬᠤᠳᠠ ᠶᠢᠨ ᠲᠤᠯᠠᠭᠠᠨ ᠤ ᠬᠡᠮᠵᠢᠶ᠎ᠡ 8 ᠠᠴᠠ 10 ᠭᠷᠠᠳᠦ᠋ᠰ ᠲᠤᠷᠤᠭᠰᠢᠯᠠᠬᠤ ᠮᠦᠷᠳᠡᠭᠡᠨ 5 ᠲᠡᠰ | ᠤᠷᠴᠢᠮ ᠤᠨ ᠶᠡᠭᠡ ᠰᠠᠯᠬᠢ ᠰᠠᠯᠬᠢᠯᠠᠨ᠎ᠠ᠃ | ᠤᠯᠠᠨ ᠲᠦᠮᠡᠨ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠲᠤᠰ ᠤᠳᠠᠭᠠᠨ ᠤ ᠴᠠᠰᠤ ᠪᠤᠶᠤ ᠲᠤᠯᠠᠭᠠᠨ ᠤ | ᠬᠡᠮᠵᠢᠶ᠎ᠡ ᠲᠤᠷᠤᠭᠰᠢᠯᠬᠤ ᠠᠭᠤᠷ ᠠᠮᠢᠰᠬᠤᠯ ᠤᠨ ᠵᠠᠮ ᠬᠠᠷᠢᠯᠴᠠᠭ᠎ᠠ᠂ ᠲᠦᠬᠦᠭᠡᠷᠦᠮᠵᠢᠳᠦ ᠲᠠᠷᠢᠶᠠᠯᠠᠩ ᠵᠢᠴᠢ | ᠲᠠᠷᠢᠶᠠᠯᠠᠩ ᠮᠠᠯ ᠠᠵᠤ ᠠᠬᠤᠢ ᠳᠤ ᠦᠵᠡᠬᠦᠯᠬᠦ ᠨᠦᠯᠦᠭᠡ ᠶᠢ ᠴᠢᠩᠭ᠎ᠠ ᠨᠢᠮᠪᠠᠢ ᠠᠩᠬᠠᠷᠴᠤ ᠠᠵᠢᠭᠯᠠᠬᠤ ᠬᠡᠷᠡᠭᠳᠡᠢ᠃ | ︵ᠨᠠᠶᠢᠷᠠᠭᠤᠯᠤᠭᠴᠢ᠄ ᠠᠶᠥᠩᠭᠠ ︶ |