ᠨᠢᠩᠴᠧᠩ ᠰᠢᠶᠠᠨ ᠪᠥᠬᠦ ᠬᠦᠴᠦᠨ ᠢᠶᠠᠷ ᠢᠶᠠᠨ ᠴᠠᠰᠤ ᠠᠷᠢᠯᠭᠠᠵᠤ ᠰᠠᠭᠠᠳ ᠥᠬᠡᠶ ᠨᠡᠪᠲᠡᠷᠡᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2020/11/23
   ᠣᠶᠢᠷ᠎ᠠ ᠳᠤ ᠨᠢᠩᠴᠧᠩ ᠰᠢᠶᠠᠨ ᠳᠤ ᠶᠡᠭᠡ ᠴᠠᠰᠤ ᠣᠷᠣᠵᠤ᠂ ᠬᠠᠷᠢᠶ᠎ᠠ ᠣᠷᠣᠨ ᠤ ᠵᠠᠰᠠᠮᠠᠯ ᠵᠠᠮ ᠬᠦᠨᠳᠦ ᠨᠣᠴᠢᠲᠠᠶ ᠨᠥᠯᠥᠭᠡᠯᠡᠭᠳᠡᠵᠡᠶ᠃ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠪᠠ ᠠᠷᠠᠳ ᠣᠯᠠᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠨᠢᠩᠴᠧᠩ ᠰᠢᠶᠠᠨ ᠤ ᠵᠠᠮ ᠬᠠᠷᠢᠯᠴᠠᠭᠠᠨ ᠤ ᠰᠠᠯᠠᠭ᠎ᠠ ᠮᠥᠴᠢᠷ ᠳᠠᠷᠦ᠋ᠢᠬᠠᠨ ᠭᠡᠨᠡᠳᠲᠡ ᠶᠢᠨ ᠴᠠᠰᠤ ᠰᠢᠭᠤᠷᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠶᠤᠰᠤᠭᠠᠷ᠂ ᠵᠠᠮ ᠠᠷᠠᠴᠢᠯᠠᠨ ᠬᠠᠮᠠᠭᠠᠯᠠᠭᠴᠢᠳ ᠢ ᠵᠣᠬᠢᠶᠠᠨ ᠪᠠᠶᠢᠭᠤᠯᠤᠨ ᠤᠯᠤᠰ ᠤᠨ ᠵᠠᠮ 306 ᠱᠤᠭᠤᠮ ᠪᠣᠯᠤᠨ 508 ᠱᠤᠭᠤᠮ ᠲᠤ ᠴᠠᠰᠤ ᠰᠢᠭᠤᠷᠭᠠᠨ ᠢ ᠠᠷᠢᠯᠭᠠᠨ ᠰᠠᠭᠠᠳ ᠦᠭᠡᠶ ᠪᠠᠶᠢᠯᠭᠠᠬᠤ ᠠᠵᠢᠯᠯᠠᠭ᠎ᠠ ᠶᠢ ᠦᠷᠨᠢᠭᠦᠯᠪᠡ᠃ ᠣᠳᠣ ᠪᠣᠯᠲᠠᠯ᠎ᠠ᠂ ᠴᠠᠰᠦ ᠲᠦᠯᠬᠢᠬᠦ ᠮᠠᠰᠢᠨ᠂ ᠬᠤᠰᠤᠭᠤᠷ ᠲᠡᠷᠭᠡ ᠵᠡᠷᠭᠡ 15 ᠰᠠᠤᠷᠢ ᠴᠠᠰᠤ ᠠᠷᠢᠯᠭᠠᠬᠤ ᠮᠠᠰᠢᠨ᠂ 4 ᠰᠠᠤᠷᠢ ᠲᠠᠷᠢᠶᠠᠯᠠᠩ ᠤᠨ ᠮᠠᠰᠢᠨ᠂ 4 ᠰᠠᠤᠷᠢ ᠲᠣᠭᠤᠷᠢᠨ ᠪᠠᠶᠢᠴᠠᠭᠠᠬᠤ ᠮᠠᠰᠢᠨ ᠲᠡᠷᠭᠡ ᠶᠢ ᠬᠥᠳᠡᠯᠬᠡᠵᠦ᠂ 24 ᠲᠣᠨ ᠴᠠᠰᠤ ᠬᠠᠶᠢᠯᠤᠭᠤᠯᠤᠭᠴᠢ ᠡᠳ᠋ ᠰᠠᠴᠤᠵᠤ᠂ ᠬᠠᠯᠲᠤᠷᠢᠬᠤ ᠶᠢ ᠰᠡᠷᠭᠡᠶᠢᠯᠡᠬᠦ ᠡᠳ᠋ ᠢ 75 ᠭᠠᠷᠤᠶ ᠺᠥᠪ ᠮᠧᠲᠷ ᠰᠠᠴᠤᠵᠤ᠂ 110 ᠲᠦᠮᠡᠨ ᠲᠡᠭᠰᠢ ᠳᠥᠷᠪᠡᠯᠵᠢᠨ ᠮᠧᠲᠷ ᠴᠠᠰᠤ ᠶᠢ ᠠᠷᠢᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号