ᠨᠢᠩᠴᠧᠩ ᠰᠢᠶᠠᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠳᠣᠯᠣᠳᠤᠭᠠᠷ ᠬᠤᠭᠤᠴᠠᠭᠠᠨ ᠤ ︽ᠬᠥᠬᠡ ᠲᠦᠳᠡᠭ︾ ᠤᠷᠠᠨ ᠤᠩᠰᠢᠯᠭ᠎ᠠ ᠶᠢᠨ ᠤᠷᠤᠯᠳᠤᠭᠠᠨ ᠠᠮᠵᠢᠯᠳᠠᠳᠠᠢ ᠶᠠᠪᠤᠭᠳᠠᠪᠠ
ᠨᠡᠶᠢᠲᠡᠯᠡᠭᠰᠡᠨ ᠴᠠᠭ᠄
2020/11/27
    ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠰᠤᠷᠤᠬᠴᠢᠳ ᠤᠨ ᠮᠣᠩᠭᠤᠯ ᠬᠡᠯᠡ ᠪᠢᠴᠢᠭ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠦᠨᠳᠦᠰᠦᠲᠡᠨ ᠤ ᠰᠢᠯᠢᠳᠡᠭ ᠰᠣᠶᠣᠯ ᠢ ᠰᠠᠶᠢᠳᠤᠷ ᠤᠯᠠᠮᠵᠢᠯᠠᠨ ᠵᠠᠯᠭᠠᠮᠵᠢᠯᠠᠭᠤᠯᠤᠨ᠂ ᠤᠷᠠᠨ ᠲᠣᠳᠣ ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠵᠦ᠂ ᠪᠠᠭᠰᠢ ᠰᠤᠷᠤᠭᠴᠢᠳ ᠤᠨ ᠤᠷᠠᠨ ᠲᠣᠳᠣ ᠤᠩᠰᠢᠬᠤ ᠳᠠᠳᠬᠠᠯ ᠪᠠ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂  ᠤᠶᠢᠷ᠎ᠠ ᠶᠢᠨ ᠡᠳᠤᠷ᠂ ᠨᠢᠩᠴᠧᠩ ᠰᠢᠶᠠᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠮᠣᠩᠭᠤᠯ ᠬᠡᠯᠡ ᠪᠢᠴᠢᠭ ᠤᠨ ᠲᠤᠭᠤᠶᠢᠯᠠᠩ ᠰᠤᠷᠤᠭᠴᠢᠳ ᠢ ᠵᠣᠬᠢᠶᠠᠨ ᠪᠠᠶᠢᠭᠤᠯᠤᠨ ᠳᠣᠯᠣᠳᠤᠭᠠᠷ ᠬᠤᠭᠤᠴᠠᠭᠠᠨ ᠤ ︽ᠬᠥᠬᠡ ᠲᠦᠳᠡᠭ︾ ᠤᠷᠠᠨ ᠤᠩᠰᠢᠯᠭ᠎ᠠ ᠶᠢᠨ ᠤᠷᠤᠯᠳᠤᠭᠠᠨ ᠢ ᠡᠷᠬᠢᠯᠡᠪᠡ᠃  
    ᠲᠤᠰ ᠤᠳᠠᠭᠠᠨ ᠤ ᠤᠷᠤᠯᠳᠤᠭᠠᠨ ᠨᠢ ᠦᠨᠳᠦᠰᠦᠲᠡᠨ ᠤ ᠦᠭᠡ ᠬᠡᠯᠡ ᠰᠣᠶᠣᠯ ᠢ ᠪᠠᠳᠠᠷᠠᠭᠤᠯᠤᠨ ᠵᠠᠯᠭᠠᠮᠵᠢᠯᠠᠭᠰᠠᠨ ᠢᠶᠠᠷ ᠪᠠᠷᠠᠬᠤ ᠦᠭᠡᠢ᠂ ᠯᠠᠪᠳᠠᠭᠤᠨ ᠪᠠᠲᠤᠲᠠᠶ ᠤᠷᠤᠭᠰᠢᠯᠠᠨ ᠳᠠᠪᠰᠢᠬᠤ ᠢᠲᠡᠭᠡᠯ ᠵᠣᠷᠢᠭ ᠢ ᠨᠡᠮᠡᠭᠳᠡᠭᠦᠯᠵᠦ᠂ ᠰᠤᠷᠤᠭᠴᠢᠳ ᠤᠨ ᠮᠣᠩᠭᠤᠯ ᠬᠡᠯᠡᠨ ᠤ ᠬᠤᠷᠠᠮᠳᠤᠭᠤᠯᠤᠯ ᠢ ᠪᠠᠶᠠᠯᠢᠭᠵᠢᠭᠤᠯᠵᠤ᠂ ᠪᠠᠭᠰᠢ ᠰᠤᠷᠤᠭᠴᠢᠳ ᠲᠤ ᠭᠤᠸ᠎ᠠ ᠰᠠᠶᠢᠬᠠᠨ ᠤ ᠳᠠᠭᠠᠰᠢᠶᠠᠯ ᠬᠦᠷᠲᠡᠭᠡᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号