| ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 27 ᠤ ᠴᠠᠬᠢᠯᠭᠠᠨ ᠮᠡᠳᠡᠭᠡ ᠠᠴᠠ | ︵ᠰᠤᠷᠪᠤᠯᠵᠢᠯᠠᠬᠴᠢ ᠵᠠᠩ ᠵᠦᠩ ᠰᠢᠶᠠ︶ ᠤᠮᠠᠷᠠᠳᠤ ᠬᠠᠭᠠᠰ ᠪᠦᠮᠪᠦᠷᠴᠡᠭ ᠡᠪᠤᠯ ᠤᠨ ᠤᠯᠠᠷᠢᠯ ᠳᠤ ᠤᠷᠤᠵᠤ᠂ ᠠᠭᠠᠷ | ᠤᠨ ᠲᠤᠯᠠᠭᠠᠨ ᠲᠠᠰᠤᠷᠠᠯᠳᠠ ᠦᠬᠡᠢ ᠪᠠᠭᠤᠷᠠᠬᠤ ᠶᠢ ᠲᠠᠭᠠᠯᠳᠤᠨ᠂ ᠰᠤᠳᠤᠯᠤᠬᠴᠢᠳ ᠠᠴᠠ ᠰᠢᠨ᠎ᠠ ᠲᠢᠳᠢᠮᠯᠢᠭ ᠸᠢᠷᠦ᠋ᠰ | ᠤᠨ ᠬᠠᠯᠳᠠᠪᠤᠷᠢᠯᠠᠯ ᠴᠢᠨᠠᠬᠰᠢᠳᠠ ᠰᠢᠷᠤᠬᠦᠰᠴᠤ ᠮᠡᠳᠡᠬᠦ ᠪᠤᠯᠤᠯᠴᠠᠭ᠎ᠠ ᠲᠠᠢ᠂ ᠡᠨᠡ ᠨᠢ ᠡᠪᠡᠳᠴᠢᠨ ᠤ ᠸᠢᠷᠦ᠋ᠰ ᠤᠨ | ᠲᠤᠰ ᠪᠠᠶ᠎ᠠ ᠶᠢᠨ ᠤᠨᠴᠠᠯᠢᠬ᠂ ᠬᠦᠮᠤᠰ ᠤᠨ ᠨᠡᠶᠢᠬᠡᠮ ᠤᠨ ᠶᠠᠪᠤᠯᠴᠠᠭ᠎ᠠ ᠶᠢᠨ ᠤᠨᠴᠠᠯᠢᠬ ᠵᠡᠷᠬᠡ ᠤᠯᠠᠨ ᠡᠯᠧᠮᠧᠨ᠋ᠲ | ᠲᠠᠢ ᠬᠤᠯᠪᠤᠬᠳᠠᠯ ᠲᠠᠢ ᠬᠡᠵᠤ ᠰᠠᠨᠠᠭᠤᠯᠪᠠ᠃ | ᠮᠠᠰᠢ ᠤᠯᠠᠨ ᠠᠮᠢᠰᠬᠤᠯ ᠤᠨ ᠵᠠᠮ ᠤᠨ ᠡᠪᠡᠳᠴᠢᠨ ᠤ ᠸᠢᠷᠦ᠋ᠰ ᠡᠪᠤᠯ ᠲᠡᠯᠬᠡᠷᠡᠵᠤ ᠵᠤᠨ ᠠᠷᠢᠯᠬᠤ | ᠪᠠᠶᠢᠳᠠᠯ ᠲᠠᠢ ᠪᠠᠶᠢᠳᠠᠬ᠃ ᠠᠩᠭ᠍ᠯᠢ ᠶᠢᠨ ︽ᠪᠠᠶᠢᠭᠠᠯᠢ︾ ᠰᠡᠳᠬᠦᠯ ᠤᠨ ᠰᠦᠯᠵᠢᠶᠠᠨ ᠤ ᠦᠷᠳᠡᠭᠡ ᠤᠢᠢᠷ᠎ᠠ ᠶᠢᠨ ᠡᠳᠤᠷ | ᠤᠨ ᠨᠢᠭᠡᠨ ᠵᠠᠳᠠᠯᠤᠯᠳᠠ ᠶᠢᠨ ᠦᠬᠦᠯᠡᠯ ᠳᠡᠭᠡᠨ ᠤᠯᠠᠨ ᠰᠤᠳᠤᠯᠭᠠᠨ ᠤ ᠬᠦᠮᠤᠰ ᠤᠨ ᠦᠵᠡᠯᠳᠠ ᠠᠴᠠ ᠡᠰᠢ ᠲᠠᠳᠠᠵᠤ | ᠬᠡᠯᠡᠬᠦ ᠳᠡᠭᠡᠨ᠂ ᠤᠳᠤᠬᠠᠨ ᠤ ᠡᠵᠡᠮᠰᠢᠭᠰᠡᠨ ᠮᠡᠳᠡᠭᠡ ᠵᠠᠩᠬᠢ ᠠᠴᠠ ᠦᠵᠡᠪᠡᠯ᠂ ᠰᠢᠨ᠎ᠠ ᠲᠢᠳᠢᠮᠯᠢᠭ ᠸᠢᠷᠦ᠋ᠰ ᠨᠢ | ᠬᠠᠯᠳᠠᠪᠤᠷᠢᠳᠦ ᠳᠠᠬᠰᠢᠭᠤᠷ ᠤᠨ ᠡᠪᠡᠳᠴᠢᠨ ᠤ ᠸᠢᠷᠦ᠋ᠰ ᠰᠢᠭ ᠤᠯᠠᠷᠢᠯ ᠤᠨ ᠴᠢᠨᠠᠷᠳᠠᠢ ᠲᠡᠯᠬᠡᠷᠡᠬᠦ ᠸᠢᠷᠦ᠋ᠰ | ᠪᠤᠯᠬᠤ ᠪᠠᠷ ᠮᠠᠭᠠᠳᠯᠠᠬᠤ ᠨᠢ ᠲᠡᠩᠳᠡᠬᠦᠤ ᠡᠷᠳᠡ ᠪᠠᠶᠢᠨ᠎ᠠ᠂ ᠬᠡᠪᠡᠴᠤ ᠡᠪᠤᠯ ᠤᠨ ᠤᠯᠠᠷᠢᠯ ᠳᠤ ᠠᠭᠠᠷ ᠤᠨ ᠲᠤᠯᠠᠭᠠᠨ | ᠪᠠᠭᠤᠷᠠᠬᠤ ᠨᠢ ᠸᠢᠷᠦ᠋ᠰ ᠤᠨ ᠲᠡᠯᠬᠡᠷᠡᠬᠦ ᠳᠤ ᠨᠤᠴᠤᠭᠰᠠᠠ ᠭᠠᠯ ᠲᠡᠬᠡᠷ᠎ᠠ ᠲᠤᠰᠤ ᠨᠡᠮᠡᠭᠰᠡᠡ ᠰᠢᠭ ᠪᠠᠶᠢᠵᠤ᠂ | ᠢᠷᠡᠬᠡᠳᠤᠢ ᠶᠢᠨ ᠬᠡᠳᠤᠨ ᠰᠠᠷ᠎ᠠ ᠳᠤ ᠤᠮᠠᠷᠠᠳᠤ ᠬᠠᠭᠠᠰ ᠪᠦᠮᠪᠦᠷᠴᠡᠭ ᠤᠨ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠠᠵᠢᠯ ᠨᠡᠩ ᠬᠠᠳᠠᠭᠤ ᠪᠡᠷᠬᠡ ᠪᠤᠯᠤᠨ᠎ᠠ ᠬᠡᠵᠡᠢ᠃ | ᠠᠮᠧᠷᠢᠺᠠ ᠶᠢᠨ ᠰᠲ᠋ᠠᠨᠹᠦᠷᠳ᠋ ᠶᠡᠭᠡ ᠰᠤᠷᠭᠠᠭᠤᠯᠢ ᠶᠢᠨ ᠪᠢᠴᠢᠯ ᠠᠮᠢᠳᠤ ᠪᠤᠳᠠᠰ ᠤᠨ ᠡᠷᠳᠡᠮᠳᠡᠨ ᠳ᠋ᠠᠶᠢᠸᠢᠰ · | ᠯᠸᠢᠢᠷᠮᠠᠨ ᠤ ᠦᠵᠡᠬᠦ ᠪᠠᠷ᠂ ᠰᠢᠨ᠎ᠠ ᠲᠢᠳᠢᠮᠯᠢᠭ ᠸᠢᠷᠦ᠋ᠰ ᠨᠢ ᠢᠷᠡᠬᠦ ᠬᠡᠳᠤᠨ ᠰᠠᠷ᠎ᠠ ᠳᠤ ︽ᠢᠳᠡᠪᠬᠢᠯᠢᠭ | ᠬᠤᠭᠤᠴᠠᠭᠠᠨ︾ ᠳᠤ ᠤᠷᠤᠬᠤ ᠪᠤᠯᠤᠨ᠎ᠠ᠃ ᠤᠯᠠᠮ ᠠᠴᠠ ᠤᠯᠠᠨ ᠬᠡᠷᠡᠴᠢ ᠳᠤ ᠢᠯᠡᠷᠡᠬᠦᠯᠦᠭᠰᠡᠨ ᠢᠶᠠᠷ᠂ ᠡᠪᠤᠯ ᠤᠨ | ᠤᠯᠠᠷᠢᠯ ᠤᠨ ᠠᠭᠠᠷ ᠤᠨ ᠲᠤᠯᠠᠭᠠᠨ ᠤ ᠪᠠᠭᠤᠷᠠᠯᠳᠠ ᠨᠢ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ | ᠬᠢᠵᠢᠭ ᠤᠨ ᠪᠠᠶᠢᠳᠠᠯ ᠤᠨ ᠨᠡᠩ ᠶᠡᠭᠡ ᠬᠡᠪᠴᠢᠶ᠎ᠠ ᠪᠡᠷᠦᠷᠪᠢᠰᠤᠨ ᠲᠡᠯᠬᠡᠷᠡᠬᠦ ᠶᠢ ᠠᠬᠢᠭᠤᠯᠵᠤ ᠮᠡᠳᠡᠨ᠎ᠠ ᠬᠡᠵᠡᠢ᠃ | ᠤᠳᠤᠬᠠᠨ ᠳᠤ ᠲᠤᠷᠰᠢᠯᠳᠠ ᠶᠢᠨ ᠲᠠᠰᠤᠬ ᠤᠨ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠰᠢᠨ᠎ᠠ | ᠲᠢᠳᠢᠮᠯᠢᠭ ᠸᠢᠷᠦ᠋ᠰ ᠨᠢ ᠬᠠᠭᠤᠷᠠᠢ᠂ ᠬᠦᠢᠳᠡᠨ ᠤᠷᠴᠢᠨ ᠲᠤᠭᠤᠷᠢᠨ ᠳᠤ᠂ ᠢᠯᠠᠩᠭᠤᠶ᠎ᠠ ᠨᠠᠷᠠᠨ ᠤ ᠬᠡᠷᠡᠯ ᠰᠢᠭᠤᠳ | ᠲᠤᠰᠬᠤ ᠦᠬᠡᠢ ᠤᠷᠴᠢᠨ ᠲᠤᠭᠤᠷᠢᠨ ᠳᠤ ᠠᠮᠠᠷᠬᠠᠨ ᠦᠷᠡᠵᠢᠨ ᠠᠮᠢᠳᠤᠷᠠᠨ᠎ᠠ᠃ ᠠᠮᠧᠷᠢᠺᠠ ᠶᠢᠨ ᠫᠠᠷᠢᠨᠰᠳᠦ᠋ᠨ ᠶᠡᠭᠡ | ᠰᠤᠷᠭᠠᠭᠤᠯᠢ ᠶᠢᠨ ᠠᠮᠢᠳᠤ ᠪᠤᠳᠠᠰ ᠤᠨ ᠡᠷᠳᠡᠮᠳᠡᠨ ᠳ᠋ᠢᠯᠦ᠋ᠨ · ᠮᠧᠯᠢᠰ᠂ ᠤᠮᠠᠷᠠᠳᠤ ᠬᠠᠭᠠᠰ ᠪᠦᠮᠪᠦᠷᠴᠡᠭ ᠤᠨ ᠡᠪᠤᠯ | ᠤᠨ ᠤᠯᠠᠷᠢᠯ ᠳᠤ᠂ ᠬᠡᠷ ᠢᠶᠠᠨ ᠲᠤᠯᠠᠭᠠᠯᠠᠬᠤ ᠵᠡᠷᠬᠡ ᠠᠴᠠ ᠪᠤᠯᠵᠤ ᠬᠡᠷ ᠳᠤᠳᠤᠷᠠᠬᠢ ᠲᠤᠯᠠᠭᠠᠨ ᠤ ᠬᠡᠮᠵᠢᠶ᠎ᠠ 20 | ᠭᠷᠡᠳᠦ᠋ᠰ ᠤᠨ ᠤᠷᠴᠢᠮ ᠪᠠᠶᠢᠵᠤ᠂ ᠭᠡᠷ ᠳᠤᠳᠤᠷᠠᠬᠢ ᠠᠭᠤᠷ ᠠᠮᠢᠰᠬᠤᠯ ᠬᠠᠭᠤᠷᠠᠢ᠂ ᠵᠢᠪᠠᠷ ᠨᠡᠪᠳᠡᠷᠡᠬᠦ ᠨᠦᠬᠦᠴᠠᠯ | ᠮᠠᠭᠤ ᠪᠤᠯᠵᠤ᠂ ︽ᠡᠪᠤᠯ ᠤᠯᠠᠷᠢᠯ ᠤᠨ ᠬᠡᠷ ᠳᠤᠳᠤᠷᠠᠬᠢ ᠨᠦᠬᠦᠴᠠᠯ ᠨᠢ ᠸᠢᠷᠦ᠋ᠰ ᠤᠨ ᠲᠤᠭᠳᠠᠪᠤᠷᠢᠳᠤ ᠴᠢᠨᠠᠷ ᠲᠤ | ᠲᠦᠢᠯ ᠤᠨ ᠠᠰᠢᠬᠳᠠᠢ ᠪᠤᠯᠳᠠᠬ︾ ᠬᠡᠵᠤ ᠵᠠᠳᠠᠯᠤᠨ ᠬᠡᠯᠡᠪᠡ᠃ | ᠬᠡᠳᠦ᠋ᠢᠪᠡᠷ ᠤᠯᠠᠷᠢᠯ ᠤᠨ ᠬᠤᠪᠢᠷᠠᠯᠳᠠ ᠶᠢᠨ ᠡᠯᠧᠮᠧᠨ᠋ᠲ ᠨᠢ ᠰᠢᠨ᠎ᠠ ᠲᠢᠳᠢᠮᠯᠢᠭ ᠸᠢᠷᠦ᠋ᠰ ᠤᠨ | ᠬᠠᠯᠳᠠᠪᠤᠷᠢᠯᠠᠯ ᠢ ᠠᠬᠢᠭᠤᠯᠬᠤ ᠪᠤᠯᠪᠠᠴᠤ᠂ ᠢᠷᠡᠬᠡᠳᠤᠢ ᠶᠢᠨ ᠨᠢᠬᠡ ᠬᠤᠭᠤᠴᠠᠭᠠᠨ ᠳᠤ ᠰᠢᠨ᠎ᠠ ᠲᠢᠳᠢᠮᠯᠢᠭ ᠠᠭᠤᠰᠬᠢᠨ | ᠦᠷᠪᠢᠰᠤᠯ ᠤᠨ ᠬᠢᠵᠢᠭ ᠤᠨ ᠪᠠᠶᠢᠳᠠᠯ ᠤᠨ ᠲᠡᠯᠬᠡᠷᠡᠬᠦ ᠶᠢᠨ ᠭᠤᠤᠯ ︽ᠠᠬᠢᠭᠤᠯᠤᠬᠴᠢ︾ ᠨᠢ ᠮᠦᠨ ᠯᠠ ᠬᠢᠯᠪᠠᠷᠬᠠᠨ | ᠬᠠᠯᠳᠠᠪᠤᠷᠢᠯᠠᠬᠤ ᠬᠦᠮᠤᠰ ᠪᠤᠯᠤᠨ᠎ᠠ ᠬᠡᠵᠤ ᠲᠤᠰᠬᠠᠢ ᠮᠡᠷᠬᠡᠵᠢᠯᠳᠠᠳ ᠵᠢᠭᠠᠵᠤ ᠭᠠᠷᠭᠠᠪᠠ᠃ ᠫᠡᠷᠢᠨᠰᠳᠦ᠋ᠨ ᠶᠡᠭᠡ | ᠰᠤᠷᠭᠠᠭᠤᠯᠢ ᠶᠢᠨ ᠲᠠᠬᠤᠯ ᠡᠪᠡᠳᠴᠢᠨ ᠤ ᠡᠷᠳᠡᠮᠳᠡᠨ ᠯᠸᠢᠢᠴᠢᠶ᠋ᠮᠧᠷ · ᠪᠸᠢᠢᠺᠧ᠂ ᠤᠳᠤᠬᠠᠨ ᠳᠤ ᠦᠯᠡᠮᠵᠢ | ᠤᠯᠠᠨ ᠬᠦᠮᠤᠰ ᠲᠤ ᠰᠢᠨ᠎ᠠ ᠲᠢᠳᠢᠮᠯᠢᠭ ᠸᠢᠷᠦ᠋ᠰ ᠠᠮᠠᠷᠬᠠᠨ ᠬᠠᠯᠳᠠᠪᠤᠷᠢᠯᠠᠵᠤ ᠪᠠᠶᠢᠨ᠎ᠠ᠃ ᠡᠨᠡ ᠨᠢ ᠤᠳᠠᠯ | ᠦᠬᠡᠢ ᠵᠤᠨ ᠤ ᠤᠯᠠᠷᠢᠯ ᠳᠤ ᠤᠷᠤᠬᠤ ᠡᠮᠤᠨᠡᠳᠤ ᠬᠠᠭᠠᠰ ᠪᠦᠮᠪᠦᠷᠴᠡᠭ ᠤᠨ ᠤᠯᠤᠰ ᠲᠤ ᠠᠪᠴᠤ ᠬᠡᠯᠡᠭᠰᠡᠨ | ᠴᠤ ᠬᠦᠮᠤᠰ ᠰᠡᠷᠡᠮᠵᠢ ᠪᠠᠨ ᠦᠯᠤ ᠰᠤᠯᠠᠷᠠᠭᠤᠯᠵᠤ ᠪᠤᠯᠬᠤ ᠶᠢ ᠬᠠᠷᠠᠭᠤᠯᠵᠤ ᠪᠠᠶᠢᠨ᠎ᠠ ᠬᠡᠵᠤ ᠬᠡᠯᠡᠪᠡ᠃ | | ᠲᠤᠷᠤᠨ᠎ᠠ |