| ᠬᠦᠳᠡᠭᠡ ᠲᠤᠰᠬᠤᠨ ᠳᠤ᠂ ᠲᠠᠷᠢᠶᠠᠨ ᠡᠮ ᠤᠨ ᠭᠠᠳᠠᠷ ᠪᠤᠭᠤᠳᠠᠯ ᠪᠠᠭᠯᠠᠭ᠎ᠠ ᠬᠠᠶᠠᠭᠳᠠᠮᠠᠯ ᠪᠤᠳᠠᠰ | ᠢᠯᠠᠩᠭᠤᠶ᠎ᠠ ᠲᠠᠷᠢᠶᠠᠨ ᠡᠮ ᠤᠨ ᠯᠣᠩᠬᠤ ᠬᠠ ᠶᠠ ᠦᠭᠡᠢ ᠬᠠᠷᠠᠭᠳᠠᠳᠠᠭ᠃ ᠲᠠᠷᠢᠶᠠᠨ ᠡᠮ ᠤᠨ ᠭᠠᠳᠠᠷ ᠪᠠᠭᠯᠠᠭ᠎ᠠ | ᠬᠠᠶᠠᠭᠳᠠᠮᠠᠯ ᠪᠤᠳᠠᠰ ᠨᠢ ᠶᠡᠷᠦᠳᠡ ᠶᠢᠨ ᠠᠮᠢᠳᠤᠷᠠᠯ ᠤᠨ ᠬᠤᠭ ᠨᠣᠪᠰᠢ ᠪᠢᠰᠢ᠂ ᠪᠣᠷᠣᠭᠠᠨ ᠤᠰᠤᠨ ᠳᠤ ᠤᠷᠤᠰᠬᠤ | ᠪᠤᠶᠤ ᠬᠠᠯᠠᠭᠤᠨ ᠨᠠᠷᠠᠨ ᠳᠤ ᠰᠢᠷᠠᠭᠳᠠᠪᠠᠯ᠂ ᠪᠤᠭᠤᠳᠠᠯ ᠪᠠᠭᠯᠠᠭ᠎ᠠ ᠪᠤᠶᠤ ᠯᠣᠩᠬᠤ ᠰᠠᠪᠠᠨ ᠳᠤ ᠨᠢ ᠦᠯᠡᠳᠡᠭᠰᠡᠨ | ᠦᠯᠡᠳᠡᠭᠳᠡᠯ ᠡᠮ ᠨᠢ ᠬᠦᠷᠦᠰᠦ ᠰᠢᠷᠤᠢ ᠭᠤᠤ ᠰᠤᠪᠠᠭ ᠲᠤ ᠰᠢᠩᠭᠡᠵᠦ᠂ ᠪᠣᠬᠢᠷᠳᠤᠯ ᠪᠣᠯᠳᠠᠭ᠃ | 2017 ᠣᠨ ᠳᠤ ᠵᠠᠰᠠᠪᠤᠷᠢ ᠣᠷᠣᠭᠤᠯᠤᠭᠰᠠᠨ ︽ᠲᠠᠷᠢᠶᠠᠨ ᠡᠮ ᠤᠨ ᠬᠠᠮᠢᠶᠠᠷᠤᠯᠲᠠ ᠶᠢᠨ | ᠳᠦᠷᠢᠮ︾ ᠳᠤ᠄ ︽ᠲᠠᠷᠢᠶᠠᠨ ᠡᠮ ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠨ ᠡᠮ ᠡᠵᠡᠩᠨᠡᠭᠴᠢ ᠠᠴᠠ ᠲᠠᠷᠢᠶᠠᠨ | ᠡᠮ ᠤᠨ ᠬᠠᠶᠠᠭᠳᠠᠮᠠᠯ ᠡᠳ᠋ ᠢ ᠡᠭᠡᠭᠦᠯᠦᠨ ᠬᠤᠷᠢᠶᠠᠪᠠᠯ ᠵᠣᠬᠢᠨ᠎ᠠ︾ ᠭᠡᠵᠦ ᠳᠤᠷᠠᠳᠤᠨ ᠭᠠᠷᠭᠠᠪᠠ᠃ ︽ᠳᠦᠷᠢᠮ︾ ᠳᠤ | ᠪᠠᠰᠠ᠂ ᠲᠠᠷᠢᠶᠠᠨ ᠡᠮ ᠤᠨ ᠬᠠᠶᠠᠭᠳᠠᠮᠠᠯ ᠪᠤᠳᠠᠰ ᠵᠡᠷᠭᠡ ᠶᠢ ᠠᠶᠤᠯᠲᠤ ᠪᠤᠳᠠᠰ ᠤᠨ ᠡᠵᠡᠩᠨᠡᠬᠦ ᠬᠢᠷᠢ ᠴᠢᠳᠠᠯ | ᠪᠦᠬᠦᠢ ᠨᠢᠭᠡᠴᠢ ᠳᠤ ᠳᠤᠰᠢᠶᠠᠨ ᠨᠢᠭᠡᠲᠦᠯᠲᠡᠢ ᠰᠢᠢᠳᠪᠦᠷᠢᠯᠡᠭᠦᠯᠵᠦ᠂ ᠰᠢᠢᠳᠪᠦᠷᠢᠯᠡᠬᠦ ᠵᠠᠷᠤᠳᠠᠯ ᠢ ᠬᠠᠷᠠᠭᠠᠯᠵᠠᠭᠰᠠᠨ | ᠲᠠᠷᠢᠶᠠᠨ ᠡᠮ ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠨ ᠡᠮ ᠡᠵᠡᠩᠨᠡᠭᠴᠢ ᠠᠴᠠ ᠡᠭᠦᠷᠭᠡᠯᠡᠨ᠎ᠡ᠃ ᠲᠠᠷᠢᠶᠠᠨ ᠡᠮ | ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠨ ᠡᠮ ᠡᠵᠡᠩᠨᠡᠭᠴᠢ ᠨᠢ ᠲᠣᠳᠣᠷᠬᠠᠢ ᠪᠤᠰᠤ ᠪᠣᠯ ᠰᠢᠢᠳᠪᠦᠷᠢᠯᠡᠬᠦ | ᠵᠠᠷᠤᠳᠠᠯ ᠢ ᠲᠤᠬᠠᠢ ᠶᠢᠨ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ | ᠵᠠᠰᠠᠭ ᠠᠴᠠ ᠵᠠᠷᠤᠯᠭ᠎ᠠ ᠪᠠᠷ ᠵᠢᠭᠰᠠᠭᠠᠨ᠎ᠠ ᠭᠡᠵᠦ ᠲᠣᠭᠲᠠᠭᠠᠵᠠᠢ᠃ ᠭᠡᠪᠡᠴᠦ ᠡᠵᠡᠩᠨᠡᠨ ᠪᠣᠷᠣᠯᠠᠭᠤᠯᠬᠤ ᠠᠷᠭ᠎ᠠ ᠵᠠᠮ᠂ | ᠡᠭᠡᠭᠦᠯᠦᠨ ᠬᠤᠷᠢᠶᠠᠬᠤ ᠰᠢᠰᠲ᠋ᠧᠮ ᠲᠡᠭᠦᠯᠳᠡᠷᠵᠢᠭᠡ ᠦᠭᠡᠢ ᠶᠢᠨ ᠳᠡᠭᠡᠷ᠎ᠡ ᠮᠠᠰᠢ ᠣᠯᠠᠨ ᠲᠠᠷᠢᠶᠠᠴᠢᠨ ᠡᠷᠦᠬᠡ ᠶᠢᠨ | ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠳᠤᠲᠠᠮᠠᠭ ᠠᠴᠠ᠂ ᠴᠥᠭᠡᠨ ᠪᠤᠰᠤ ᠭᠠᠵᠠᠷ ᠣᠷᠣᠨ ᠤ ᠲᠠᠷᠢᠶᠠᠨ | ᠡᠮ ᠤᠨ ᠬᠠᠶᠠᠭᠳᠠᠮᠠᠯ ᠪᠤᠳᠠᠰ ᠢ ᠪᠦᠲᠦᠮᠵᠢᠲᠡᠢ ᠪᠠᠷ ᠡᠭᠡᠬᠦᠯᠦᠨ ᠬᠤᠷᠢᠶᠠᠵᠤ ᠴᠢᠳᠠᠭᠰᠠᠨ ᠦᠭᠡᠢ᠃ | ᠵᠣᠬᠢᠶᠠᠭᠴᠢ ᠠᠴᠠ ᠰᠠᠨᠠᠭᠤᠯᠤᠭᠰᠠᠨ ᠨᠢ᠂ ᠬᠢᠨᠠᠯᠲᠠ ᠲᠠᠯᠪᠢᠵᠤ ᠰᠢᠷᠭᠠᠨ ᠪᠠᠶᠢᠴᠠᠭᠠᠬᠤ ᠪᠠᠨ ᠴᠢᠩᠭᠠᠳᠬᠠᠵᠤ | ᠂ ᠲᠠᠷᠢᠶᠠᠨ ᠡᠮ ᠦᠢᠯᠡᠳᠪᠦᠷᠢᠯᠡᠬᠦ ᠠᠵᠤ ᠠᠬᠤᠶᠢᠯᠠᠯ ᠪᠣᠯᠣᠨ ᠡᠵᠡᠩᠨᠡᠨ ᠪᠣᠷᠣᠯᠠᠭᠤᠯᠤᠭᠴᠢ ᠶᠢ ᠬᠢᠨᠠᠨ ᠬᠠᠮᠢᠶᠠᠷᠬᠤ | ᠪᠠᠨ ᠴᠢᠩᠭᠠᠳᠬᠠᠨ᠂ ᠪᠣᠷᠣᠯᠠᠭᠤᠯᠭ᠎ᠠ ᠶᠢᠨ ᠡᠬᠡ ᠳᠠᠩᠰᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ | ᠦᠢᠯᠡᠳᠪᠦᠷᠢᠯᠡᠬᠦ ᠠᠵᠤ ᠠᠬᠤᠶᠢᠯᠠᠯ ᠪᠠ ᠡᠵᠡᠩᠨᠡᠨ ᠪᠣᠷᠣᠯᠠᠭᠤᠯᠤᠭᠴᠢ ᠶᠢ ᠰᠢᠪᠠᠳᠠᠵᠤ ᠪᠠᠶᠢᠭᠠᠳ ᠪᠣᠷᠤᠯᠠᠭᠤᠯᠤᠭᠰᠠᠨ | ᠲᠤᠭ᠎ᠠ ᠲᠠᠢ ᠠᠳᠠᠯᠢᠬᠠᠨ ᠬᠡᠮᠵᠢᠶᠡᠨ ᠤ ᠲᠠᠷᠢᠶᠠᠨ ᠡᠮ ᠤᠨ ᠪᠤᠭᠤᠳᠠᠯ ᠪᠠᠭᠯᠠᠭ᠎ᠠ ᠶᠢ ᠡᠭᠡᠭᠦᠯᠦᠨ ᠬᠤᠷᠢᠶᠠᠯᠭᠠᠨ᠎ᠠ᠃ | ᠡᠭᠦᠨ ᠤ ᠬᠠᠮᠲᠤ᠂ ᠲᠠᠷᠢᠶᠠᠴᠢᠳ ᠲᠤ ᠣᠷᠴᠢᠨ ᠲᠣᠭᠤᠷᠢᠨ ᠢ ᠬᠠᠮᠠᠭᠠᠯᠠᠬᠤ ᠮᠡᠳᠡᠯᠭᠡ ᠶᠢ ᠤᠬᠠᠭᠤᠯᠬᠤ ᠪᠠᠨ | ᠴᠢᠩᠭᠠᠳᠬᠠᠵᠤ᠂ ᠲᠠᠷᠢᠶᠠᠨ ᠡᠮ ᠤᠨ ᠬᠠᠶᠠᠭᠳᠠᠮᠠᠯ ᠪᠤᠳᠠᠰ ᠢ ᠳᠤᠷ᠎ᠠ ᠲᠠᠪᠠ ᠪᠠᠷ ᠢᠶᠠᠨ ᠬᠠᠶᠠᠬᠤ ᠦᠢᠯᠡ ᠠᠵᠢᠯᠯᠠᠭ᠎ᠠ ᠶᠢ | ᠪᠠᠭᠠᠰᠬᠠᠨ᠎ᠠ᠃ | ︵ᠵᠢᠶᠠᠩᠰᠢ ᠮᠤᠵᠢ ᠶᠢᠨ ᠰᠢᠨ ᠢᠤᠢ ᠬᠤᠲᠠ ᠯᠢᠶᠣᠣ ᠬᠠᠢ ᠶᠢᠨ︶ | | ᠲᠤᠷᠤᠨ᠎ᠠ | | | |