| ᠦᠨᠳᠦᠰᠦᠨ ᠱᠠᠲᠤᠨ ᠤ ᠲᠡᠦᠬᠡ ᠶᠢᠨ ᠳᠤᠷᠠᠰᠬᠠᠯᠲᠤ ᠵᠤᠶᠢᠯᠡᠰ ᠤᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠮᠠᠨ ᠤ ᠰᠢᠶᠠᠨ 2020 ᠣᠨ ᠤ ᠪᠥᠬᠦ ᠰᠢᠶᠠᠨ ᠤ ᠲᠡᠦᠬᠡ ᠶᠢᠨ | ᠳᠤᠷᠠᠰᠬᠠᠯᠲᠤ ᠵᠤᠶᠢᠯᠡᠰ ᠤᠨ ᠬᠠᠮᠠᠭᠠᠯᠠᠯᠲᠠ ᠶᠢᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠰᠢᠶᠠᠨ ᠤ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠲᠠ ᠶᠢᠨ | ᠮᠦᠽᠧᠶ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠰᠢᠶᠠᠨ ᠤ ᠲᠡᠦᠬᠡ ᠶᠢᠨ ᠳᠤᠷᠠᠰᠬᠠᠯᠲᠤ ᠵᠤᠶᠢᠯᠡᠰ ᠤᠨ | ᠬᠠᠮᠠᠭᠠᠯᠠᠯᠲᠠ ᠶᠢᠨ ᠲᠥᠪ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃ ᠪᠦᠬᠦ ᠰᠢᠶᠠᠨ ᠤ ᠡᠯ᠎ᠡ ᠪᠠᠯᠭᠠᠰᠤ᠂ | ᠰᠢᠶᠠᠩ᠂ ᠵᠡᠭᠡᠯᠢ ᠭᠤᠳᠤᠮᠵᠢ ᠶᠢᠨ ᠰᠣᠶᠣᠯ ᠤᠨ ᠥᠷᠲᠡᠭᠡᠨ ᠤ ᠳᠠᠷᠤᠭ᠎ᠠ᠂ ᠦᠯᠵᠡᠶᠢᠳᠤ ᠨᠤᠮᠤᠨ ᠭᠦᠷᠳᠤᠨ | ᠰᠦᠮ᠎ᠡ ᠶᠢᠨ ᠬᠠᠮᠢᠶᠠᠷᠤᠯᠲᠠ ᠶᠢᠨ ᠭᠠᠵᠠᠷ᠂ ᠡᠯ᠎ᠡ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠨᠢᠭᠡᠴᠢ ᠶᠢᠨ ᠬᠠᠮᠠᠭᠠᠯᠠᠭᠴᠢ ᠨᠡᠶᠢᠳᠡ 60 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃ | ᠶᠣᠰᠣᠯᠠᠯ ᠳᠡᠭᠡᠷ᠎ᠡ᠂ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ︽ᠨᠢᠩᠴᠧᠩ ᠰᠢᠶᠠᠨ ᠤ ᠲᠡᠦᠬᠡ ᠶᠢᠨ ᠳᠤᠷᠠᠰᠬᠠᠯᠲᠤ ᠵᠤᠶᠢᠯᠡᠰ ᠤᠨ ᠳᠠᠷᠤᠭ᠎ᠠ ᠶᠢᠨ ᠲᠦᠷᠢᠮ ᠤᠨ | ᠠᠵᠢᠯ ᠤᠨ ᠲᠥᠰᠦᠯ︾ ᠢ ᠤᠩᠰᠢᠨ ᠨᠡᠶᠢᠲᠡᠯᠡᠵᠦ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ | ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠪᠥᠬᠦ | ᠰᠢᠶᠠᠨ ᠤ ᠲᠡᠦᠬᠡ ᠶᠢᠨ ᠳᠤᠷᠠᠰᠬᠠᠯᠲᠤ ᠵᠤᠶᠢᠯᠡᠰ ᠤᠨ ᠬᠠᠮᠠᠭᠠᠯᠠᠯᠲᠠ ᠶᠢᠨ ᠠᠵᠢᠯ ᠢ ᠳ᠋ᠦᠩᠨᠡᠬᠦ ᠶᠢᠨ ᠬᠠᠮᠲᠤ | ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠵᠦ᠂ ᠲᠡᠦᠬᠡ ᠶᠢᠨ ᠳᠤᠷᠠᠰᠬᠠᠯᠲᠤ ᠵᠤᠶᠢᠯᠡᠰ ᠤᠨ | ᠬᠠᠮᠠᠭᠠᠯᠠᠯᠲᠠ ᠶᠢᠨ ᠠᠵᠢᠯᠲᠠᠨ ᠤ ᠡᠳᠦᠷ ᠲᠤᠲᠤᠮ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠪᠠ ᠲᠣᠭᠤᠷᠢᠨ | ᠪᠠᠶᠢᠴᠠᠭᠠᠬᠤ ᠲᠠᠰ ᠳᠠᠷᠠᠭᠠᠯᠠᠯ ᠳᠤ ᠬᠠᠮᠢᠶ᠎ᠠ ᠪᠥᠬᠦᠶ ᠱᠠᠭᠠᠷᠳᠠᠯᠭ᠎ᠠ ᠳᠤᠷᠠᠳᠤᠭᠰᠠᠨ ᠪᠥᠭᠡᠳ ᠬᠠᠮᠠᠭᠠᠯᠠᠭᠴᠢ ᠯᠤᠭ᠎ᠠ ︽ | 2021 ᠣᠨ ᠤ ᠬᠠᠮᠠᠭᠠᠯᠠᠭᠴᠢ ᠶᠢᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃ ᠲᠣᠰ | ᠤᠳᠠᠭᠠᠨ ᠤ ᠪᠣᠯᠪᠠᠰᠤᠷᠠᠭᠤᠯᠤᠯ ᠳᠤ ᠤᠯᠠᠭᠠᠨᠬᠠᠳᠠ ᠬᠤᠲᠠ ᠶᠢᠨ ᠮᠦᠽᠧᠶ᠂ ᠤᠯᠠᠭᠠᠨᠬᠠᠳᠠ ᠬᠤᠲᠠ ᠶᠢᠨ ᠲᠡᠦᠬᠡ ᠶᠢᠨ | ᠳᠤᠷᠠᠰᠬᠠᠯᠲᠤ ᠵᠤᠶᠢᠯᠡᠰ ᠤᠨ ᠲᠣᠪᠴᠢᠶ᠎ᠠ ᠶᠢᠨ ᠭᠤᠷᠪᠠᠨ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ︽ | ᠲᠡᠦᠬᠡ ᠶᠢᠨ ᠳᠤᠷᠠᠰᠬᠠᠯᠲᠤ ᠵᠤᠶᠢᠯᠡᠰ ᠬᠠᠭᠤᠴᠢ ᠰᠤᠳᠤᠯᠤᠯ ᠤᠨ ᠦᠨᠳᠦᠰᠦᠨ ᠮᠡᠳᠡᠯᠭᠡ︾᠂ ︽ᠲᠡᠦᠬᠡ ᠶᠢᠨ | ᠳᠤᠷᠠᠰᠬᠠᠯᠲᠤ ᠵᠤᠶᠢᠯᠡᠰ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠲᠠᠶᠢᠯᠤᠮᠵᠢ︾᠂ ︽ᠲᠡᠦᠬᠡ ᠶᠢᠨ ᠳᠤᠷᠠᠰᠬᠠᠯᠲᠤ | ᠵᠤᠶᠢᠯᠡᠰ ᠤᠨ ᠠᠮᠤᠷ ᠲᠦᠪᠰᠢᠨ ᠢ ᠲᠣᠭᠤᠷᠢᠨ ᠪᠠᠶᠢᠴᠠᠭᠠᠬᠤ ᠲᠦᠢᠮᠣᠴᠢᠯᠠᠯ︾ ᠵᠡᠷᠭᠡ ᠲᠤᠰᠬᠠᠶ ᠮᠡᠷᠭᠡᠵᠢᠯ ᠤᠨ | ᠪᠣᠯᠪᠠᠰᠤᠷᠠᠭᠤᠯᠤᠯ ᠬᠢᠯᠭᠡᠵᠦ᠂ ᠪᠣᠯᠪᠠᠰᠤᠷᠠᠭᠤᠯᠤᠯ ᠳᠤ ᠤᠷᠤᠯᠴᠠᠬᠰᠠᠳ ᠲᠡᠦᠬᠡ ᠶᠢᠨ ᠳᠤᠷᠠᠰᠬᠠᠯᠲᠤ ᠵᠤᠶᠢᠯᠡᠰ ᠢ | ᠤᠯᠠᠮ ᠨᠢᠭᠡ ᠠᠯᠬᠤᠮ ᠣᠶᠢᠯᠠᠭᠠᠵᠤ᠂ ᠲᠡᠦᠬᠡ ᠶᠢᠨ ᠳᠤᠷᠠᠰᠬᠠᠯᠲᠤ ᠵᠤᠶᠢᠯᠡᠰ ᠢ ᠬᠠᠮᠠᠭᠠᠯᠠᠵᠤ᠂ ᠲᠡᠦᠬᠡ ᠶᠢᠨ | ᠳᠤᠷᠠᠰᠬᠠᠯᠲᠤ ᠵᠤᠶᠢᠯᠡᠰ ᠢ ᠬᠠᠮᠠᠭᠠᠯᠠᠬᠤ ᠬᠠᠮᠢᠶ᠎ᠠ ᠪᠥᠬᠦᠶ ᠮᠡᠳᠡᠯᠭᠡ ᠶᠢ ᠡᠵᠡᠮᠰᠢᠪᠡ᠃ | | | | ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠷᠮᠠᠰᠢᠭᠤᠯᠬᠤ ᠬᠢᠵᠠᠭᠠᠷᠯᠠᠬᠤ | ᠲᠣᠭᠲᠠᠴᠠ ᠲᠣᠭᠲᠠᠭᠠᠵᠤ᠂ ᠲᠡᠦᠬᠡ ᠶᠢᠨ ᠳᠤᠷᠠᠰᠬᠠᠯᠲᠤ ᠵᠤᠶᠢᠯᠡᠰ ᠤᠨ ᠬᠠᠮᠠᠭᠠᠯᠠᠯᠲᠠ ᠶᠢᠨ ᠠᠵᠢᠯᠲᠠᠨ ᠳᠤ ᠣᠨ ᠤ | ᠰᠢᠯᠭᠠᠨ ᠦᠨᠡᠯᠡᠯᠲᠡ ᠬᠢᠵᠦ᠂ ᠣᠨ ᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠥᠬᠡᠶ᠂ ᠬᠡᠪ ᠤᠨ ᠶᠣᠰᠣᠭᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠳᠭᠡᠵᠦ ᠳᠡᠶᠢᠯᠬᠦ ᠥᠬᠡᠶ ᠬᠠᠮᠠᠭᠠᠯᠠᠯᠲᠠ ᠶᠢᠨ ᠠᠵᠢᠯᠲᠠᠨ ᠢ ᠴᠠᠭ ᠲᠤᠬᠠᠶ ᠳᠤᠨᠢ | ᠤᠷᠢᠬᠤ ᠪᠠᠨ ᠪᠤᠯᠢᠬᠤ ᠪᠤᠶᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠬᠢᠯᠭᠡᠨ᠎ᠡ᠃ ᠡᠴᠦᠰ ᠲᠤ᠂ ᠬᠠᠮᠠᠭᠠᠯᠠᠬᠤ | ᠠᠵᠢᠯᠲᠠᠨ ᠠᠵᠢᠯ ᠤᠨ ᠬᠠᠯᠠᠭᠤᠨ ᠰᠡᠳᠬᠢᠯᠭᠡ ᠪᠠᠨ ᠢᠮᠠᠭᠲᠠ ᠪᠠᠷᠢᠮᠲᠠᠯᠠᠵᠤ᠂ ᠠᠵᠢᠯ ᠤᠨ ᠪᠠᠶᠢᠷᠢ ᠪᠠᠨ ᠪᠠᠲᠤ | ᠰᠠᠬᠢᠵᠤ᠂ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠵᠦ᠂ ᠲᠡᠦᠬᠡ ᠶᠢᠨ ᠳᠤᠷᠠᠰᠬᠠᠯᠲᠤ ᠵᠤᠶᠢᠯᠡᠰ ᠤᠨ | ᠬᠠᠮᠠᠭᠠᠯᠠᠯᠲᠠ ᠶᠢᠨ ᠬᠦᠴᠦᠷᠬᠡᠭ ᠰᠢᠶᠠᠨ ᠢ ᠬᠠᠮᠲᠤ ᠪᠠᠷ ᠴᠣᠭᠴᠠᠯᠠᠵᠤ᠂ ᠪᠥᠬᠦ ᠰᠢᠶᠠᠨ ᠤ ᠲᠡᠦᠬᠡ ᠶᠢᠨ ᠳᠤᠷᠠᠰᠬᠠᠯᠲᠤ | ᠵᠤᠶᠢᠯᠡᠰ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠪᠥᠬᠦ ᠰᠢᠶᠠᠨ ᠤ ᠲᠡᠦᠬᠡ ᠶᠢᠨ ᠳᠤᠷᠠᠰᠬᠠᠯᠲᠤ | ᠵᠤᠶᠢᠯᠡᠰ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠵᠤ᠂ ᠳᠠᠬᠢᠨ ᠰᠢᠨ᠎ᠡ ᠲᠦᠪᠰᠢᠨ ᠳᠤ ᠬᠦᠷᠭᠡᠬᠦ ᠪᠠᠷ | ᠴᠢᠷᠮᠠᠶᠢᠬᠤ ᠬᠡᠷᠡᠭᠲᠡᠶ ᠭᠡᠵᠦ ᠱᠠᠭᠠᠷᠳᠠᠪᠠ᠃ |