| ᠣᠳᠣᠬᠠᠨ ᠳᠤ᠂ ᠮᠠᠨ ᠤ ᠰᠢᠶᠠᠨ ᠨᠢᠭᠡᠨᠲᠡ ᠣᠶ ᠰᠢᠭᠤᠶ ᠶᠢᠨ ᠭᠠᠯ ᠤᠨ ᠠᠶᠤᠯ ᠶᠡᠬᠡᠲᠡᠶ ᠬᠤᠭᠤᠴᠠᠭᠠᠨ ᠳᠤ | ᠤᠷᠤᠪᠠ ᠃ ᠣᠶ ᠰᠢᠭᠤᠶ ᠶᠢᠨ ᠭᠠᠯ ᠤᠨ ᠠᠶᠤᠯ ᠢ ᠰᠡᠷᠭᠡᠶᠢᠯᠡᠬᠦ ᠪᠠᠶᠢᠳᠠᠯ ᠬᠦᠨᠳᠦ ᠬᠡᠴᠡᠭᠦᠤ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠠᠶᠤᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠦᠬᠦ ᠰᠢᠶᠠᠨ ᠤ ᠠᠷᠠᠳ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠶᠢᠨ ᠲᠤᠰᠠᠳᠠ᠂ | ᠲᠥᠷᠥ ᠶᠢᠨ ᠶᠠᠪᠤᠳᠠᠯ ᠤᠨ ᠬᠤᠷᠢᠶᠠᠨ ᠤ ︽ᠣᠶ ᠰᠢᠭᠤᠶ ᠶᠢᠨ ᠭᠠᠯ ᠤᠨ ᠠᠶᠤᠯ ᠢ ᠰᠡᠷᠭᠡᠶᠢᠯᠡᠬᠦ ᠳᠦᠷᠢᠮ︾ ᠪᠣᠯᠤᠨ | ᠥᠪᠡᠷᠲᠡᠭᠡᠨ ᠵᠠᠰᠠᠬᠤ ᠣᠷᠣᠨ ᠤ ︽ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠳᠦᠷᠢᠮ︾ | ᠂ ︽ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ | ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠰᠢᠶᠠᠨ ᠤ | ᠠᠷᠠᠳ ᠤᠨ ᠵᠠᠰᠠᠭ ᠤᠨ ᠣᠷᠳᠣᠨ ᠭᠠᠯ ᠢ ᠴᠠᠭᠠᠵᠠᠯᠠᠬᠤ ᠵᠠᠷᠯᠢᠭ ᠢ ᠨᠡᠶᠢᠲᠡᠯᠡᠪᠡ᠃ | ᠨᠢᠭᠡ᠂ ᠭᠠᠯ ᠢ ᠴᠠᠭᠠᠵᠠᠯᠠᠬᠤ ᠴᠠᠭ ᠬᠤᠭᠤᠴᠠᠭ᠎ᠠ | 2020 ᠣᠨ ᠤ 3 ᠰᠠᠷ᠎ᠠ ᠶᠢᠨ 18 ᠤ ᠡᠳᠦᠷ — 2020 ᠣᠨ ᠤ 5 ᠰᠠᠷ᠎ᠠ ᠶᠢᠨ 31 ᠤ ᠡᠳᠦᠷ | ᠬᠤᠶᠠᠷ᠂ ᠭᠠᠯ ᠢ ᠴᠠᠭᠠᠵᠠᠯᠠᠬᠤ ᠬᠡᠪᠴᠢᠶ᠎ᠡ | ᠪᠦᠬᠦ ᠰᠢᠶᠠᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠣᠷᠣᠨ | ᠭᠤᠷᠪᠠ᠂ ᠭᠠᠯ ᠢ ᠴᠠᠭᠠᠵᠠᠯᠠᠬᠤ ᠱᠠᠭᠠᠷᠳᠠᠯᠭ᠎ᠠ | 1.ᠭᠠᠯ ᠨᠣᠴᠤᠭᠠᠭᠤᠷ ᠵᠢᠴᠢ ᠰᠢᠳᠠᠮᠠᠳᠠᠬᠠᠢ ᠳᠡᠯᠪᠡᠷᠡᠮᠡᠳᠡᠬᠡᠢ ᠡᠳ᠋ ᠢ ᠣᠢ ᠰᠢᠭᠤᠶ ᠨᠤᠲᠤᠭ ᠪᠡᠯᠴᠢᠭᠡᠷ ᠤᠨ | ᠭᠠᠯ ᠤᠨ ᠠᠶᠤᠯ ᠢ ᠰᠡᠷᠭᠡᠶᠢᠯᠡᠬᠦ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | 2 . ᠵᠥᠪᠰᠢᠶᠡᠷᠡᠯ ᠦᠭᠡᠢ ᠪᠠᠷ ᠭᠠᠯ ᠤᠨ ᠠᠶᠤᠯ ᠢ ᠰᠡᠷᠭᠡᠶᠢᠯᠡᠬᠦ ᠣᠷᠣᠨ ᠳᠤ ᠳᠡᠯᠪᠡᠴᠢᠬᠦ᠂ ᠪᠠᠷᠢᠯᠭ᠎ᠠ ᠶᠢᠨ | ᠠᠵᠢᠯ ᠬᠢᠬᠦ ᠵᠡᠷᠭᠡ ᠶᠢ ᠴᠢᠩᠭ᠎ᠠ ᠴᠠᠭᠠᠵᠠᠯᠠᠬᠤ ᠬᠡᠷᠡᠭᠲᠡᠶ᠃ | 3 . ᠭᠠᠯ ᠤᠨ ᠠᠶᠤᠯ ᠢ ᠰᠡᠷᠭᠡᠶᠢᠯᠡᠬᠦ ᠣᠷᠣᠨ ᠳᠤ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠠᠲᠠᠷ | ᠰᠢᠲᠠᠭᠠᠬᠤ᠂ ᠬᠤᠭ ᠨᠣᠪᠰᠢ ᠰᠢᠲᠠᠭᠠᠬᠤ᠂ ᠲᠠᠷᠢᠶᠠᠨ ᠭᠠᠵᠠᠷ ︵ᠳᠠᠯᠠᠩ︶᠂ ᠡᠪᠡᠰᠦ ᠡᠰᠢ ᠰᠦᠷᠡᠯ ᠰᠢᠲᠠᠭᠠᠬᠤ᠂ | ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠭᠠᠯ ᠳᠤ ᠡᠭᠡᠭᠡᠬᠦ᠂ ᠬᠡᠭᠡᠷ᠎ᠡ ᠲᠤᠭᠤᠭᠠᠯᠠᠬᠤ ᠪᠠ | ᠬᠤᠸᠠᠷ ᠫᠤᠤᠵᠢᠩ᠂ ᠳᠡᠭᠳᠡᠭᠦᠷ ᠳ᠋ᠧᠩᠯᠦ ᠲᠠᠯᠪᠢᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ ᠃ | 4 . ᠭᠠᠯ ᠢ ᠴᠠᠭᠠᠵᠠᠯᠠᠬᠤ ᠬᠤᠭᠤᠴᠠᠭᠠᠨ ᠳᠤ᠂ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠪᠣᠯᠤᠨ | ᠠᠵᠤ ᠠᠬᠤᠶᠢᠯᠠᠯ ᠰᠢᠲᠠᠭᠠᠯᠭ᠎ᠠ ᠶᠢᠨ ᠴᠠᠭᠠᠰᠤ᠂ ᠲᠤᠶ᠋ᠢᠩ ᠤᠨ ᠵᠣᠭᠤᠰ ᠵᠡᠷᠭᠡ ᠹᠸᠣᠳᠠᠯ ᠤᠨ ᠮᠤᠬᠤᠷ ᠪᠢᠰᠢᠷᠡᠯ ᠤᠨ | ᠲᠠᠬᠢᠯᠭ᠎ᠠ ᠶᠢᠨ ᠬᠡᠷᠡᠭᠰᠡᠯ ︵ᠴᠠᠭᠠᠰᠤ᠂ ᠰᠦᠯᠢᠶᠣᠣ ᠦᠢᠯᠡᠳᠭᠦᠨ︶ ᠢ ᠦᠢᠯᠡᠳᠪᠤᠷᠢᠯᠡᠬᠦ᠂ ᠪᠥᠭᠡᠮ ᠢᠶᠠᠷ | ᠬᠤᠳᠠᠯᠳᠤᠬᠤ᠂ ᠪᠤᠷᠤᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠳᠥᠷᠪᠡ᠂ ᠣᠢ ᠰᠢᠭᠤᠶ ᠶᠢᠨ ᠭᠠᠯ ᠤᠨ ᠠᠶᠤᠯ ᠢ ᠰᠡᠷᠭᠡᠶᠢᠯᠡᠬᠦ ᠣᠷᠣᠨ ᠳᠤ ᠣᠷᠣᠬᠤ ᠲᠡᠷᠭᠡ ᠬᠥᠰᠬᠡ ᠪᠣᠯᠤᠨ | ᠬᠥᠮᠦᠰ ᠣᠢ ᠰᠢᠭᠤᠶ ᠶᠢᠨ ᠲᠦᠷ ᠴᠠᠭ ᠤᠨ ᠭᠠᠯ ᠤᠨ ᠠᠶᠤᠯ ᠢ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠶᠢᠨ | ᠳᠠᠩᠰᠠᠯᠠᠨ ᠪᠠᠶᠢᠴᠠᠭᠠᠯᠲᠠ ᠶᠢ ᠣᠬᠠᠮᠰᠠᠷ ᠠᠴᠠ ᠪᠠᠨ ᠬᠦᠯᠢᠶᠡᠬᠦ ᠬᠡᠷᠡᠭᠲᠡᠶ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ | ᠭᠡᠳ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃ | ᠲᠠᠪᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠠ ᠢᠷᠭᠡᠨ ᠤ ᠬᠡᠷᠡᠭ ᠤᠨ ᠠᠵᠢᠯᠯᠠᠭ᠎ᠠ ᠶᠢᠨ | ᠴᠢᠳᠠᠪᠤᠷᠢ ᠨᠢ ᠬᠢᠵᠠᠭᠠᠷᠲᠠᠶ ᠬᠥᠮᠦᠨ ᠰᠢᠭᠤᠶᠢᠲᠤ ᠣᠷᠣᠨ ᠳᠤ ᠣᠷᠣᠪᠠᠯ᠂ ᠬᠢᠨᠠᠨ ᠬᠠᠮᠠᠭᠠᠯᠠᠭᠴᠢ ᠨᠢ ᠬᠢᠨᠠᠨ | ᠬᠠᠮᠠᠭᠠᠯᠠᠬᠤ ᠡᠭᠦᠷᠭᠡ ᠪᠠᠨ ᠬᠦᠢᠴᠳᠭᠡᠬᠦ ᠬᠡᠷᠡᠭᠲᠡᠶ᠃ ᠣᠢ ᠰᠢᠭᠤᠶ ᠶᠢᠨ ᠡᠵᠡᠩᠨᠡᠨ ᠬᠠᠮᠢᠶᠠᠷᠴᠤ ᠬᠠᠮᠠᠭᠠᠯᠠᠬᠤ | ᠨᠢᠭᠡᠴᠢ ᠪᠣᠯᠤᠨ ᠬᠤᠪᠢ ᠬᠥᠮᠦᠨ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠦᠢᠴᠳᠭᠡᠬᠦ | ᠬᠡᠷᠡᠭᠲᠡᠶ᠃ | ᠵᠢᠷᠭᠤᠭ᠎ᠠ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ | ᠬᠠᠮᠢᠶᠠᠷᠤᠯᠲᠠ ᠶᠢᠨ ᠠᠯᠪᠠᠨ ᠭᠡᠷ︶ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ 24 ᠴᠠᠭ ᠤᠨ ᠵᠢᠵᠢᠭᠦᠷᠯᠡᠬᠦ ᠳᠦᠷᠢᠮ ᠢ ᠪᠠᠶᠢᠭᠤᠯᠤᠨ᠂ ᠬᠠᠷᠢᠭᠤᠴᠠᠯᠭᠠᠲᠠᠨ ᠢ | ᠲᠣᠭᠲᠠᠭᠠᠵᠤ ᠡᠭᠡᠯᠵᠢ ᠳᠠᠭᠠᠭᠤᠯᠤᠨ᠂ ᠭᠠᠯ ᠤᠨ ᠠᠶᠤᠯ ᠢ ᠰᠡᠷᠭᠡᠶᠢᠯᠡᠬᠦ ᠠᠵᠢᠯ ᠤᠨ ᠬᠥᠳᠡᠯᠦᠯ ᠪᠠᠶᠢᠳᠠᠯ ᠢ ᠴᠠᠭ | ᠲᠤᠬᠠᠶ ᠳᠤᠨᠢ ᠡᠵᠡᠮᠰᠢᠵᠦ᠂ ᠭᠠᠯ ᠲᠦᠢᠮᠡᠷ ᠭᠠᠷᠪᠠᠯ ᠳᠠᠷᠦ᠋ᠢᠬᠠᠨ ᠳᠡᠭᠡᠭᠰᠢ ᠮᠡᠳᠡᠭᠦᠯᠬᠦ ᠬᠡᠷᠡᠭᠲᠡᠶ᠂ ᠰᠠᠭᠠᠲᠠᠭᠠᠵᠤ | ᠪᠣᠯᠬᠤ ᠦᠭᠡᠶ᠃ ᠭᠠᠯ ᠲᠦᠢᠮᠡᠷ ᠭᠠᠷᠤᠭᠰᠠᠨ ᠦᠶ᠎ᠡ ᠳᠤ᠂ ᠭᠤᠤᠯ ᠬᠠᠷᠢᠭᠤᠴᠠᠯᠭᠠᠲᠠᠨ ᠡᠷᠬᠡᠪᠰᠢ ᠲᠤᠬᠠᠶ ᠶᠢᠨ | ᠭᠠᠵᠠᠷ ᠲᠤ ᠬᠦᠷᠴᠦ ᠭᠠᠯ ᠤᠨᠲᠠᠷᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠭᠠᠯ ᠤᠨ ᠠᠶᠤᠯ ᠰᠠᠶ᠋ᠢ | ᠡᠬᠦᠰᠭᠡ ᠱᠠᠲᠤᠨ ᠳᠤ ᠤᠨᠲᠠᠷᠠᠭᠠᠨ᠂ ︽ᠭᠠᠯ ᠭᠠᠷᠪᠠᠴᠦ ᠭᠠᠮᠰᠢᠭ ᠪᠣᠯᠬᠤ ᠦᠭᠡᠢ︾ ᠪᠠᠶᠢᠬᠤ ᠶᠢ ᠴᠢᠷᠮᠠᠶᠢᠨ | ᠪᠡᠶᠡᠯᠡᠭᠦᠯᠬᠦ ᠬᠡᠷᠡᠭᠲᠡᠶ᠃ ᠭᠠᠯ ᠤᠨᠲᠠᠷᠠᠭᠠᠭᠰᠠᠳ ᠤᠨ ᠰᠡᠷᠭᠡᠶᠢᠯᠡᠨ ᠬᠠᠮᠠᠭᠠᠯᠠᠯᠲᠠ ᠶᠢᠨ ᠠᠵᠢᠯ ᠢ ᠵᠡᠷᠭᠡ ᠳᠤᠨᠢ | ᠰᠠᠶᠢᠲᠤᠷ ᠬᠢᠵᠦ᠂ ᠭᠠᠯ ᠤᠨᠲᠠᠷᠠᠭᠠᠬᠤ ᠶᠠᠪᠤᠴᠠ ᠳᠤ ᠬᠥᠮᠦᠨ ᠦᠬᠦᠵᠦ ᠰᠢᠷᠬᠠᠲᠤᠬᠤ ᠠᠳᠡᠯ ᠭᠠᠷᠬᠤ ᠶᠢ ᠴᠢᠩᠭ᠎ᠠ | ᠰᠡᠷᠭᠡᠶᠢᠯᠡᠬᠦ ᠬᠡᠷᠡᠭᠲᠡᠶ᠃ | ᠳᠣᠯᠤᠭ᠎ᠠ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ | ᠬᠠᠮᠢᠶᠠᠷᠤᠯᠲᠠ ᠶᠢᠨ ᠠᠯᠪᠠᠨ ᠭᠡᠷ︶ ᠤ ᠣᠶ ᠰᠢᠭᠤᠶ ᠶᠢ ᠬᠠᠮᠠᠭᠠᠯᠠᠵᠤ ᠭᠠᠯ ᠤᠨ ᠠᠶᠤᠯ ᠢ ᠰᠡᠷᠭᠡᠶᠢᠯᠡᠬᠦ ᠴᠠᠭᠳᠠᠨ | ᠪᠠᠶᠢᠴᠠᠭᠠᠭᠴᠢ ᠪᠠ ᠣᠶ ᠰᠢᠭᠤᠶ ᠶᠢ ᠬᠠᠮᠠᠭᠠᠯᠠᠭᠴᠢ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ | ᠬᠦᠢᠴᠳᠭᠡᠵᠦ᠂ ᠣᠶ ᠰᠢᠭᠤᠶ ᠶᠢᠨ ᠣᠷᠣᠨ ᠤ ᠲᠣᠭᠤᠷᠢᠨ ᠬᠠᠮᠠᠭᠠᠯᠠᠬᠤ ᠠᠵᠢᠯ ᠢ ᠴᠢᠩᠭᠠᠳᠬᠠᠵᠦ᠂ ᠣᠶ ᠰᠢᠭᠤᠶ ᠶᠢᠨ | ᠭᠠᠯ ᠤᠨ ᠠᠶᠤᠯ ᠢ ᠰᠡᠷᠭᠡᠶᠢᠯᠡᠬᠦ ᠠᠶᠤᠯᠬᠦᠢ ᠶᠢᠨ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ | ᠭᠤᠤᠯᠳᠠᠯᠭ᠎ᠠ ᠲᠠᠢ ᠣᠶ ᠰᠢᠭᠤᠶ ᠶᠢᠨ ᠣᠷᠣᠨ᠂ ᠭᠤᠤᠯᠳᠠᠯᠭ᠎ᠠ ᠲᠠᠢ ᠭᠠᠵᠠᠷ ᠲᠤ ᠲᠤᠰᠬᠠᠶ ᠬᠥᠮᠦᠨ ᠲᠣᠮᠢᠯᠠᠨ ᠰᠠᠬᠢᠨ | ᠬᠠᠮᠠᠭᠠᠯᠠᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠴᠢ ᠶᠢ ᠣᠯᠵᠤ ᠮᠡᠳᠡᠪᠡᠯ ᠲᠡᠷᠡ ᠳᠠᠷᠤᠶ ᠳᠤᠨᠢ ᠬᠤᠷᠢᠭᠯᠠᠨ | ᠵᠣᠭᠰᠣᠭᠠᠬᠤ ᠶᠢᠨ ᠬᠠᠮᠲᠤ ᠣᠶ ᠰᠢᠭᠤᠶ ᠶᠢᠨ ᠭᠠᠯ ᠤᠨ ᠠᠶᠤᠯ ᠢ ᠰᠡᠷᠭᠡᠶᠢᠯᠡᠬᠦ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠨᠠᠢᠮᠠ᠂ ᠰᠢᠶᠠᠨ ᠤ ᠣᠶ ᠰᠢᠭᠤᠶ ᠶᠢᠨ ᠭᠠᠯ ᠤᠨᠲᠠᠷᠠᠭᠠᠬᠤ ᠲᠤᠰᠬᠠᠶ ᠠᠩᠭᠢ᠂ ᠪᠠᠯᠭᠠᠰᠤ ᠰᠢᠶᠠᠩ ᠵᠡᠭᠡᠯᠢ | ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠣᠶ ᠰᠢᠭᠤᠶ ᠶᠢᠨ ᠭᠠᠯ ᠤᠨᠲᠠᠷᠠᠭᠠᠬᠤ ᠠᠩᠭᠢ ᠲᠦᠪᠯᠡᠷᠡᠨ | ᠵᠠᠷᠯᠢᠭ ᠬᠦᠯᠢᠶᠡᠵᠦ᠂ ᠭᠠᠯ ᠤᠨᠲᠠᠷᠠᠭᠠᠬᠤ ᠭᠠᠮᠰᠢᠭ ᠠᠴᠠ ᠠᠪᠤᠷᠠᠬᠤ ᠪᠡᠯᠡᠳᠬᠡᠯ ᠢ ᠴᠠᠭ ᠲᠤᠬᠠᠶ ᠳᠤᠨᠢ ᠰᠠᠶᠢᠲᠤᠷ | ᠬᠢᠵᠦ᠂ ᠵᠢᠯᠣᠭᠤᠳᠬᠤ ᠪᠠᠶᠢᠷᠢᠨ ᠳᠤ ᠪᠠᠶᠢᠬᠤ᠂ ᠡᠩᠨᠡᠭᠡ ᠲᠦᠪᠯᠡᠷᠡᠭᠰᠡᠨ᠂ ᠴᠢᠮᠡᠭᠡ ᠨᠡᠪᠲᠡᠷᠡᠯᠭᠡ ᠰᠠᠭᠠᠳ ᠦᠭᠡᠶ | ᠨᠡᠪᠲᠡᠷᠡᠬᠦ᠂ ᠮᠠᠰᠢᠨ ᠪᠠᠭᠠᠵᠢ ᠪᠦᠷᠢᠨ᠂ ᠲᠤᠰᠤ ᠮᠠᠲ᠋ᠧᠷᠢᠶᠠᠯ ᠭᠦᠢᠴᠡᠳ᠂ ᠲᠡᠷᠭᠡ ᠬᠥᠰᠬᠡ ᠪᠡᠯᠡᠬᠡᠨ ᠪᠠᠶᠢᠬᠤ ᠶᠢ | ᠦᠨᠡᠨᠬᠦ ᠪᠡᠶᠡᠯᠡᠭᠦᠯᠵᠦ᠂ ᠭᠠᠯ ᠤᠨᠲᠠᠷᠠᠭᠠᠬᠤ ᠵᠠᠷᠯᠢᠭ ᠢ ᠣᠯᠤᠮᠠᠭᠴᠠ ᠳᠠᠷᠤᠶ ᠲᠦᠷᠭᠡᠨ ᠲᠤᠬᠠᠶ ᠶᠢᠨ ᠲᠠᠯᠠᠪᠠᠶ ᠳᠤ | ᠬᠦᠷᠴᠦ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠬᠡᠷᠡᠭᠲᠡᠶ᠃ | ᠶᠢᠰᠦ᠂ ᠲᠣᠰ ᠭᠠᠯ ᠢ ᠴᠠᠭᠠᠵᠠᠯᠠᠬᠤ ᠵᠠᠷᠯᠢᠭ ᠢ ᠵᠥᠷᠢᠴᠡᠭᠰᠡᠳ ᠢ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠤᠪᠴᠢᠶ᠎ᠠ᠂ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ ᠵᠡᠷᠭᠡ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾᠂ ︽ᠣᠢ ᠰᠢᠭᠤᠶ ᠶᠢᠨ ᠭᠠᠯ ᠤᠨ ᠠᠶᠤᠯ ᠢ ᠰᠡᠷᠭᠡᠶᠢᠯᠡᠬᠦ | ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ | ᠭᠠᠯ ᠤᠨ ᠠᠶᠤᠯ ᠢ ᠰᠡᠷᠭᠡᠶᠢᠯᠡᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ | ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠢᠳᠪᠤᠷᠢᠯᠡᠬᠦ ᠬᠡᠷᠩᠳᠡᠢ᠃ ᠶᠠᠯ᠎ᠠ ᠬᠢᠭᠰᠡᠨ | ᠰᠡᠵᠢᠭᠯᠡᠯᠲᠡᠶ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠬᠦ ᠬᠡᠷᠩᠳᠡᠢ᠃ | ᠠᠷᠪᠠ᠂ ᠪᠦᠬᠦ ᠰᠢᠶᠠᠨ ᠤ ᠥᠷᠭᠡᠨ ᠣᠯᠠᠨ ᠺᠠᠳ᠋ᠷ ᠣᠯᠠᠨ ᠲᠦᠮᠡᠨ ᠣᠢ ᠰᠢᠭᠤᠶ ᠨᠤᠲᠤᠭ ᠪᠡᠯᠴᠢᠭᠡᠷ ᠤᠨ | ᠭᠠᠯ ᠤᠨ ᠠᠶᠤᠯ ᠢ ᠰᠡᠷᠭᠡᠶᠢᠯᠡᠬᠦ ᠡᠯ᠎ᠡ ᠵᠤᠶᠢᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ | ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ᠂ ᠣᠢ ᠰᠢᠭᠤᠶ ᠶᠢᠨ ᠭᠠᠯ ᠲᠦᠢᠮᠡᠷ ᠤᠨ ᠪᠠᠶᠢᠳᠠᠯ ᠵᠢᠴᠢ ᠹᠧᠣᠳᠠᠯ ᠤᠨ | ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠵᠡᠷᠭᠡ ᠦᠢᠯᠡ ᠠᠵᠢᠯᠯᠠᠭ᠎ᠠ ᠶᠢ ᠣᠯᠵᠤ ᠮᠡᠳᠡᠨ᠂ | ᠰᠢᠶᠠᠨ ᠤ ᠭᠠᠯ ᠤᠨ ᠠᠶᠤᠯ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ᠂ ᠡᠯ᠎ᠡ ᠪᠠᠯᠭᠠᠰᠤ ᠰᠢᠶᠠᠩ ᠤᠨ | ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ︶ ᠪᠣᠯᠤᠨ ᠰᠢᠶᠠᠨ ᠤ | ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠬᠡᠷᠡᠭᠲᠡᠶ᠃ | | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠢᠯᠡᠴᠢᠯᠡᠨ ᠮᠡᠳᠡᠭᠦᠯᠬᠦ ᠤᠲᠠᠰᠤ᠄ 110 | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠲᠦᠭᠰᠢᠭᠦᠷᠢ ᠮᠡᠳᠡᠭᠦᠯᠬᠦ ᠤᠲᠠᠰᠤ᠄ 12119 | | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ | 4220315 | | | ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ᠄ ᠮᠠ ᠵᠠᠨ ᠭᠥᠸᠧ | 2020 ᠣᠨ ᠤ 3 ᠰᠠᠷ᠎ᠠ ᠶᠢᠨ 18 ᠤ ᠡᠳᠦᠷ | |