ᠰᠦᠯᠵᠢᠶ᠎ᠡ ᠶᠢᠨ ᠨᠢᠭᠤᠴᠠ ᠶᠢ ᠬᠠᠮᠠᠭᠠᠯᠠᠬᠤ ᠳᠦᠷᠢᠮ
ᠨᠡᠶᠢᠲᠡᠯᠡᠭᠰᠡᠨ ᠴᠠᠭ᠄
2020/3/27
     ᠨᠢᠭᠡ᠂ ᠨᠠᠮ ᠪᠤᠯᠤᠨ ᠣᠯᠣᠰ ᠤᠨ ᠠᠰᠢᠭ ᠳᠣᠰᠠ ᠶᠢ ᠠᠯᠢᠪᠠ ᠠᠴᠠ ᠡᠷᠬᠢᠮ ᠳᠤ ᠦᠵᠡᠵᠦ᠂ ᠨᠢᠭᠤᠴᠠ ᠶᠢ  ᠬᠠᠮᠠᠭᠠᠯᠠᠬᠤ ᠠᠵᠢᠯ ᠢ ᠴᠠᠭ ᠢᠮᠠᠭᠳᠠ ᠠᠩᠬᠠᠷᠴᠣ᠂ ᠣᠯᠣᠰ ᠲᠦᠷᠦ ᠶᠢᠨ ᠬᠠᠷᠢᠭᠤᠴᠠᠯᠭᠠᠲᠤ ᠣᠪᠣᠷ ᠢᠶᠠᠷ  ᠬᠠᠨᠳᠣᠵᠣ᠂ ᠦᠢᠯᠡ ᠠᠵᠢᠯᠯᠠᠭ᠎ᠠ ᠶᠢᠨ ᠢᠶᠠᠨ ᠵᠠᠷᠴᠢᠮ ᠪᠤᠯᠭᠠᠨ ᠪᠠᠷᠢᠮᠲᠠᠯᠠᠨ᠎ᠠ᠃      ᠬᠤᠶᠠᠷ᠂ ᠠᠯᠢᠪᠠ ᠡᠬᠡ ᠪᠢᠴᠢᠭ ᠢ ᠨᠡᠶᠢᠲᠡᠯᠡᠬᠦ ᠳᠤ ᠣᠯᠣᠰ ᠭᠡᠷ ᠤᠨ ᠨᠢᠭᠤᠴᠠ ᠲᠠᠢ ᠬᠤᠯᠪᠤᠭᠳᠠᠬᠤ ᠡᠰᠡᠬᠦ   ᠶᠢ ᠴᠢᠩᠭ᠎ᠠ ᠬᠢᠨᠠᠵᠣ᠂ ︽ᠨᠢᠭᠤᠴᠠ ᠶᠢ ᠬᠠᠮᠠᠭᠠᠯᠠᠬᠤ ᠬᠠᠤᠯᠢ︾ ᠶᠢ ᠡᠷᠡᠰ ᠵᠢᠷᠣᠮᠯᠠᠨ᠎ᠠ᠃      ᠭᠤᠷᠪᠠ᠂ ᠡᠬᠡ ᠪᠢᠴᠢᠭ ᠨᠠᠶᠢᠷᠠᠭᠤᠯᠬᠤ ᠳᠤ ᠪᠠᠨ ᠨᠢᠭᠤᠴᠠ ᠶᠢ ᠬᠠᠮᠠᠭᠠᠯᠠᠬᠤ ᠳᠦᠷᠢᠮ ᠳᠣᠭᠲᠠᠭᠠᠯ ᠢ  ᠵᠦᠷᠢᠴᠡᠬᠦ ᠠᠵᠢᠯᠯᠠᠭ᠎ᠠ ᠶᠢ ᠡᠷᠡᠰ ᠬᠢᠴᠢᠶᠡᠵᠦ᠂ ᠣᠰᠣᠯ ᠭᠠᠷᠭᠠᠪᠠᠯ ᠬᠠᠷᠢᠭᠤᠴᠠᠯᠭ᠎ᠠ ᠶᠢ ᠨᠡᠬᠡᠮᠵᠢᠯᠡᠨ᠎ᠡ᠃       ᠳᠦᠷᠪᠡ᠂ ᠡᠬᠡ ᠪᠢᠴᠢᠭ ᠢ ᠨᠡᠶᠢᠲᠡᠯᠡᠬᠦ ᠳᠤ ᠪᠠᠨ ᠭᠤᠷᠪᠠᠨ ᠬᠢᠨᠠᠯᠲᠠ ᠶᠢ ᠴᠢᠩᠭ᠎ᠠ ᠪᠠᠷᠢᠮᠲᠠᠯᠠᠵᠣ᠂ ᠳᠣᠷ᠎ᠠ ᠳᠠᠪᠠ ᠪᠠᠷ ᠪᠠᠨ ᠡᠬᠡ ᠪᠢᠴᠢᠭ ᠨᠡᠶᠢᠲᠡᠯᠡᠬᠦ ᠶᠢ ᠴᠢᠩᠭ᠎ᠠ ᠬᠤᠷᠢᠭᠯᠠᠵᠣ᠂ ᠬᠠᠷᠢᠭᠤᠴᠯᠠᠭ᠎ᠠ ᠠᠯᠳᠠᠬᠤ ᠶᠢ ᠴᠠᠭ ᠢᠮᠠᠭᠲᠠ  ᠠᠩᠬᠠᠷᠣᠨ᠎ᠠ᠃       ᠳᠠᠪᠤ᠂ ᠣᠨᠴᠠ ᠴᠢᠬᠤᠯᠠ ᠣᠴᠢᠷ ᠢ ᠬᠠᠮᠢᠶ᠎ᠠ ᠪᠦᠬᠦᠢ ᠬᠤᠪᠢᠳᠠᠨ ᠬᠠᠷᠢᠭᠤᠴᠠᠵᠣ ᠪᠠᠶᠢᠭ᠎ᠠ ᠣᠳᠣᠷᠢᠳᠣᠯᠭ᠎ᠠ   ᠳᠤ ᠬᠠᠷᠢᠭᠤ ᠮᠡᠳᠡᠬᠦᠯᠦᠨ ᠵᠢᠭᠠᠪᠣᠷᠢ ᠠᠪᠴᠣ ᠪᠤᠳᠠᠳᠠᠢ ᠪᠠᠷ ᠭᠦᠢᠴᠡᠳᠬᠡᠨ᠎ᠡ᠃      ᠵᠢᠷᠭᠤᠭ᠎ᠠ᠂ ᠡᠬᠡ ᠪᠢᠴᠢᠭ ᠢ ᠴᠢᠩᠭ᠎ᠠ ᠬᠠᠮᠢᠶᠠᠷᠴᠣ᠂ ᠳᠠᠩᠰᠠ ᠡᠪᠬᠡᠮᠡᠯ ᠢ ᠴᠢᠩᠭ᠎ᠠ ᠬᠤᠷᠢᠶᠠᠨ ᠬᠠᠳᠠᠭᠠᠯᠠᠵᠣ  ᠂ ᠨᠢᠭᠤᠴᠠ ᠳᠤ ᠬᠤᠯᠪᠤᠭᠳᠠᠬᠤ ᠤᠴᠢᠷ ᠶᠠᠪᠤᠳᠠᠯ ᠭᠠᠷᠬᠤ ᠶᠢ ᠣᠨᠴᠠ ᠰᠡᠷᠭᠡᠶᠢᠯᠡᠨ᠎ᠡ᠃       ᠳᠣᠯᠤᠭ᠎ᠠ᠂ ᠰᠦᠯᠵᠢᠶ᠎ᠡ ᠶᠢᠨ ᠨᠢᠭᠤᠴᠠ ᠨᠤᠮᠧᠷ ᠢ ᠴᠢᠩᠭ᠎ᠠ ᠬᠠᠮᠢᠶᠠᠷᠴᠣ᠂ ᠪᠤᠰᠣᠳ ᠶᠠᠮᠠᠷᠪᠠ ᠬᠦᠮᠦᠨ ᠳᠤ  ᠮᠡᠳᠡᠭᠦᠯᠵᠦ ᠪᠤᠯᠬᠤ ᠦᠭᠡᠢ᠃ ᠵᠦᠷᠢᠴᠡᠭᠰᠡᠳ ᠠᠴᠠ ᠬᠠᠷᠢᠭᠤᠴᠠᠯᠭ᠎ᠠ ᠨᠡᠬᠡᠮᠵᠢᠯᠡᠵᠦ᠂ ᠬᠡᠷᠡᠭ ᠣᠴᠢᠷ ᠭᠠᠷᠪᠠᠯ  ᠴᠢᠩᠭ᠎ᠠ ᠪᠠᠷ ᠰᠢᠢᠳᠪᠦᠷᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号