| | 2020 ᠣᠨ ᠤ 3 ᠰᠠᠷ᠎ᠠ ᠶᠢᠨ 31 ᠤ ᠡᠳᠦᠷ᠂ ᠨᠢᠩᠴᠧᠩ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠷᠠᠯ ᠤᠨ ᠬᠡᠷ ᠲᠤ᠂ ᠨᠢᠩᠴᠧᠩ ᠰᠢᠶᠠᠨ ᠤ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠨᠢᠩᠴᠧᠩ ᠰᠢᠶᠠᠨ ᠤ ᠴᠡᠩᠭᠡᠯᠲᠡᠶ ᠮᠣᠩᠭᠤᠯ ᠬᠡᠯᠡ | ᠰᠣᠶᠣᠯ ᠤᠨ ᠰᠤᠳᠤᠯᠭᠠᠨ ᠤ ᠲᠥᠪ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠰᠢᠯᠢᠳᠡᠭ | ᠪᠦᠳᠦᠭᠡᠯ ᠳᠤ ᠱᠠᠩᠨᠠᠯ ᠣᠯᠭᠤᠬᠤ ᠶᠤᠰᠤᠯᠠᠯ ᠶᠠᠪᠤᠬᠳᠠᠭᠤᠯᠪᠠ᠃ | | ᠲᠤᠰ ᠤᠳᠠᠭᠠᠨ ᠤ ᠰᠦᠯᠵᠢᠶᠡᠨ ᠤ ᠡᠬᠡ ᠪᠢᠴᠢᠭ ᠨᠢ ︽ᠦᠨᠳᠦᠰᠦᠲᠡᠨ ᠨᠦᠭᠦᠳ ᠪᠦᠯᠬᠦᠮᠳᠡᠨ᠂ ᠬᠢᠵᠢᠭ ᠢ | ᠢᠯᠠᠬᠤ︾ ᠪᠠᠷ ᠭᠤᠣᠯ ᠰᠡᠳᠤᠪ ᠪᠣᠯᠭᠠᠨ᠂ ᠰᠢᠶᠠᠨ ᠤ ᠲᠤᠳᠤᠨ᠎ᠠ ᠭᠠᠳᠠᠨᠠᠬᠢ ᠭᠤᠴᠢ ᠭᠠᠷᠤᠢ ᠪᠦᠳᠦᠭᠡᠯ ᠤᠨ | ᠲᠤᠮᠲᠠ ᠠᠴᠠ ᠰ᠊ · ᠬᠢᠴᠢᠶᠡᠯᠲᠦ᠂ ᠯᠢ ᠢᠦᠶ ᠴᠧᠩ ᠵᠡᠷᠭᠡ 12 ᠨᠥᠬᠦᠳ ᠤᠨ ᠪᠦᠳᠦᠭᠡᠯ ᠱᠠᠩᠨᠠᠯ ᠬᠦᠷᠲᠡᠪᠡ᠃ | ᠡᠳᠡᠭᠡᠷ ᠪᠦᠳᠦᠭᠡᠯ ᠨᠢ ᠲᠤᠰ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠶᠢ | ᠮᠡᠳᠡᠭᠡᠯᠡᠵᠦ᠂ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠤᠨ ᠬᠥᠮᠦᠨ ᠤ ᠰᠡᠳᠬᠢᠯ ᠢ ᠬᠥᠳᠡᠯᠭᠡᠮ᠎ᠡ ᠦᠢᠯᠡ | ᠠᠵᠢᠯᠯᠠᠭ᠎ᠠ ᠶᠢ ᠤᠬᠠᠭᠤᠯᠵᠤ᠂ ᠨᠠᠶᠢᠭᠡᠮ ᠤᠨ ᠢᠳᠡᠪᠬᠢ ᠬᠦᠴᠦᠨ ᠢ ᠢᠯᠡᠷᠡᠭᠦᠯᠵᠡᠶ᠃ | ᠨᠢᠩᠴᠧᠩ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠨᠢᠩᠴᠧᠩ ᠰᠢᠶᠠᠨ ᠤ | ᠴᠡᠩᠭᠡᠯᠲᠡᠶ ᠮᠣᠩᠭᠤᠯ ᠬᠡᠯᠡ ᠰᠣᠶᠣᠯ ᠤᠨ ᠰᠤᠳᠤᠯᠭᠠᠨ ᠤ ᠲᠥᠪ ᠠᠴᠠ ᠥᠷᠨᠢᠭᠦᠯᠦᠭᠰᠡᠨ ᠡᠨᠡ ᠬᠦ ᠠᠵᠢᠯᠯᠠᠭ᠎ᠠ ᠨᠢ | ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠢᠲᠡᠭᠡᠯ ᠵᠣᠷᠢᠭ ᠢ ᠢᠯᠡᠷᠡᠭᠦᠯᠵᠦ᠂ ᠨᠠᠮ ᠤᠨ ᠦᠨᠳᠦᠰᠦᠲᠡᠨ ᠤ ᠦᠭᠡ ᠬᠡᠯᠡ ᠦᠰᠦᠭ | ᠪᠢᠴᠢᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ ᠮᠣᠩᠭᠤᠯ ᠦᠭᠡ ᠬᠡᠯᠡ ᠰᠤᠶᠤᠯ ᠢ ᠤᠯᠠᠮᠵᠢᠯᠠᠨ | ᠵᠠᠯᠭᠠᠮᠵᠢᠯᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ | |