ᠨᠢᠩᠴᠧᠩ ᠰᠢᠶᠠᠨ ᠤ ᠳ᠋ᠤᠤ ᠰᠢᠤᠢ ᠭᠸᠦ᠂ ᠽᠢ ᠮᠧᠩ ᠬᠡᠦ ᠨᠠᠭᠤᠷ ᠤᠨ ᠦᠵᠡᠮᠵᠢ ᠶᠢᠨ ᠣᠷᠣᠨ ᠤ ᠲᠠᠪᠤᠨ ᠰᠠᠷ᠎ᠠ ᠶᠢᠨ ᠨᠢᠭᠡᠨ ᠤ ᠵᠤᠭᠠᠴᠠᠭᠰᠠᠳ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠲᠠᠪᠤ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2020/5/13
   ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠮᠠᠨ ᠤ ᠰᠢᠶᠠᠨ ᠤ ᠡᠯ᠎ᠡ ᠲᠣᠮᠣ ᠦᠵᠡᠮᠵᠢ ᠶᠢᠨ ᠣᠷᠣᠨ ᠨᠢ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠮᠤᠷ ᠲᠦᠪᠰᠢᠨ ᠡᠮᠬᠢ ᠵᠢᠷᠤᠮ ᠲᠠᠢ ᠰᠦᠯᠵᠢᠶᠡᠨ ᠤ ᠪᠣᠯᠵᠣᠭᠠᠲᠤ ᠵᠢᠭᠤᠯᠴᠢᠯᠠᠯ ᠢ ᠨᠡᠶᠢᠲᠡᠯᠡᠵᠦ᠂ ᠵᠢᠭᠤᠯᠴᠢᠳ ᠤᠨ ᠠᠩᠬᠠᠷᠤᠯ ᠢ ᠲᠠᠲᠠᠵᠠᠶ᠃    ᠠᠳᠡᠬᠢ ᠪᠣᠯ ᠳ᠋ᠤᠤ ᠰᠢᠤᠢ ᠭᠸᠦ 4A ᠦᠵᠡᠮᠵᠢ ᠶᠢᠨ ᠣᠷᠣᠨ᠂ ᠽᠢ ᠮᠧᠩ ᠬᠡᠦ ᠨᠠᠭᠤᠷ ᠤᠨ 4A ᠦᠵᠡᠮᠵᠢ ᠶᠢᠨ ᠣᠷᠣᠨ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠤᠶᠠᠷ ᠦᠵᠡᠮᠵᠢ ᠶᠢᠨ ᠣᠷᠣᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠲᠠᠰ ᠲᠡᠪᠰᠢᠭᠦᠯᠵᠦ᠂ ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠤ ᠠᠵᠢᠯᠲᠠᠨ ᠢᠶᠠᠨ ᠭᠦᠢᠴᠡᠳ ᠲᠤᠬᠢᠷᠠᠭᠤᠯᠵᠦ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ᠂ ᠴᠠᠭ ᠬᠤᠪᠢᠶᠠᠨ ᠤᠷᠢᠳᠴᠢᠯᠠᠨ ᠪᠣᠯᠵᠣᠬᠤ᠂ ᠬᠡᠰᠡᠭ ᠬᠤᠪᠢᠶᠠᠨ ᠡᠵᠡᠮᠳᠡᠬᠦ᠂ ᠲᠥᠷᠥᠯ ᠬᠤᠪᠢᠶᠠᠨ ᠬᠠᠮᠢᠶᠠᠷᠬᠤ ᠠᠷᠭ᠎ᠠ ᠶᠢ ᠠᠪᠴᠦ᠂ ᠳ᠋ᠤᠤ ᠰᠢᠤᠢ ᠭᠸᠦ ᠦᠵᠡᠮᠵᠢ ᠶᠢᠨ ᠣᠷᠣᠨ᠂ ᠽᠢ ᠮᠧᠩ ᠬᠡᠦ ᠨᠠᠭᠤᠷ ᠤᠨ ᠦᠵᠡᠮᠵᠢ ᠶᠢᠨ ᠣᠷᠣᠨ ᠤ ᠨᠡᠭᠡᠭᠡᠯᠲᠡ ᠶᠢᠨ ᠣᠷᠣᠨ ᠲᠣᠭᠤᠷᠢᠭ ᠬᠤᠪᠢᠶᠠᠨ ᠡᠵᠡᠮᠳᠡᠪᠡ᠃ ᠦᠵᠡᠮᠵᠢ ᠶᠢᠨ ᠣᠷᠣᠨ ᠳᠤ ᠤᠷᠤᠭᠰᠠᠨ ᠵᠢᠭᠤᠯᠴᠢᠯᠠᠭᠴᠢᠳ ᠢ ᠰᠠᠯᠭᠠᠨ ᠵᠢᠯᠣᠭᠤᠳᠴᠤ᠂ ᠪᠢᠯᠧᠲ ᠬᠤᠳᠠᠯᠳᠤᠬᠤ ᠴᠣᠩᠬᠤ ᠶᠢ ᠨᠡᠮᠡᠵᠦ ᠪᠢᠯᠧᠲ ᠬᠤᠳᠠᠯᠳᠤᠨ ᠠᠪᠬᠤ ᠵᠢᠭᠤᠯᠴᠢᠯᠠᠭᠴᠢᠳ ᠢ ᠨᠢᠭᠡᠳ ᠨᠢᠭᠡ ᠪᠠᠷ ᠪᠦᠷᠢᠳᠬᠡᠵᠦ ᠪᠡᠶ᠎ᠡ ᠶᠢᠨ ᠳᠤᠯᠠᠭᠠᠨ ᠢ ᠨᠢ ᠬᠡᠮᠵᠢᠪᠡ᠃ ᠪᠢᠯᠧᠲ ᠪᠠᠶᠢᠴᠠᠭᠠᠬᠤ ᠡᠭᠦᠳᠡ ᠶᠢ ᠨᠡᠮᠡᠭᠳᠡᠭᠦᠯᠵᠦ᠂ ᠪᠢᠯᠧᠲ ᠪᠠᠶᠢᠴᠠᠭᠠᠬᠤ ᠡᠭᠦᠳᠡ ᠪᠠᠷ ᠥᠩᠭᠡᠷᠡᠬᠦ ᠵᠤᠭᠠᠴᠠᠭᠰᠠᠳ ᠢ ᠨᠢᠭᠡ ᠨᠢᠭᠡ ᠪᠠᠷ ᠳᠠᠬᠢᠨ ᠨᠢᠭᠡ ᠤᠳᠠᠭ᠎ᠠ ᠪᠡᠶ᠎ᠡ ᠶᠢᠨ ᠳᠤᠯᠠᠭᠠᠨ ᠢ ᠨᠢ ᠬᠡᠮᠵᠢᠪᠡ᠃ ᠦᠵᠡᠮᠵᠢ ᠶᠢᠨ ᠣᠷᠣᠨ ᠢᠶᠠᠷ ᠲᠣᠭᠤᠷᠢᠨ ᠦᠵᠡᠬᠦ ᠬᠡᠰᠡᠭ ᠲᠣᠭᠤᠷᠢᠭ ᠪᠠ ᠰᠠᠯᠭᠠᠨ ᠲᠣᠬᠢᠷᠠᠭᠤᠯᠬᠤ ᠠᠵᠢᠯ ᠢ ᠨᠡᠮᠡᠭᠳᠡᠭᠦᠯᠵᠦ᠂ ᠵᠤᠭᠠᠴᠠᠭᠰᠠᠳ ᠤᠨ ᠲᠠᠷᠠᠬᠠᠶ ᠪᠤᠲᠠᠷᠬᠠᠶ ᠵᠢᠭᠤᠯᠴᠢᠯᠠᠬᠤ ᠶᠢ ᠦᠨᠡᠨ ᠬᠦ ᠪᠠᠲᠤᠯᠠᠪᠠ᠃     5 ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ 15000 ᠵᠤᠭᠠᠴᠠᠭᠰᠠᠳ ᠢ ᠠᠮᠤᠷ ᠲᠦᠪᠰᠢᠨ ᠢᠶᠠᠷ ᠭᠥᠯᠢᠶᠡᠨ ᠠᠪᠴᠤ᠂ ᠨᠢᠳᠤᠨᠤᠨ ᠤ 5 ᠰᠠᠷ᠎ᠠ ᠶᠢᠨ 1 ᠤ ᠡᠳᠦᠷ ᠤᠨ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号