| ᠪᠥᠬᠦ ᠰᠢᠶᠠᠨ ᠤ ᠴᠠᠬᠢᠯᠭᠠᠨ ᠱᠠᠲᠤ ᠶᠢᠨ ᠶᠠᠰᠤ ᠴᠢᠨᠠᠷ ᠤᠨ ᠠᠮᠤᠷ ᠲᠦᠪᠰᠢᠨ ᠢ ᠤᠯᠠᠮ ᠨᠢᠭᠡ ᠠᠯᠬᠤᠮ | ᠴᠢᠩᠭᠠᠳᠬᠠᠵᠤ᠂ ᠴᠠᠬᠢᠯᠭᠠᠨ ᠱᠠᠲᠤ ᠶᠢᠨ ᠬᠠᠮᠠᠭᠠᠯᠠᠯᠲᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠴᠠᠬᠢᠯᠭᠠᠨ | ᠱᠠᠲᠤ ᠶᠢᠨ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠠᠷᠢᠯᠭᠠᠬᠤ ᠶᠢᠨ ᠲᠥᠯᠥᠭᠡ᠂ ᠨᠢᠩᠴᠧᠩ ᠰᠢᠶᠠᠨ | 2020 ᠣᠨ ᠤ ᠴᠠᠬᠢᠯᠭᠠᠨ ᠱᠠᠲᠤ ᠶᠢᠨ ᠠᠮᠤᠷ ᠲᠦᠪᠰᠢᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ | ᠥᠷᠨᠢᠭᠦᠯᠪᠡ᠃ ᠪᠥᠬᠦ ᠰᠢᠶᠠᠨ ᠤ ᠴᠠᠬᠢᠯᠭᠠᠨ ᠱᠠᠲᠤ ᠬᠡᠷᠡᠭᠯᠡᠬᠦ 79 ᠨᠢᠭᠡᠴᠢ᠂ ᠴᠠᠬᠢᠯᠭᠠᠨ ᠱᠠᠲᠤ ᠬᠠᠮᠠᠭᠠᠯᠠᠬᠤ 8 | ᠨᠢᠭᠡᠴᠢ ᠪᠣᠯᠪᠠᠰᠤᠷᠠᠭᠤᠯᠤᠯ ᠳᠤ ᠣᠷᠣᠯᠴᠠᠪᠠ᠃ ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠡᠩ ᠲᠡᠷᠢᠭᠦᠨ ᠳᠤ | 2020 ᠣᠨ ᠤ ᠴᠠᠭᠠᠨ ᠰᠠᠷ᠎ᠠ ᠠᠴᠠ ᠨᠠᠰᠢᠬᠢ ᠴᠠᠬᠢᠯᠭᠠᠨ ᠱᠠᠲᠤ ᠶᠢᠨ ᠠᠮᠤᠷ ᠲᠦᠪᠰᠢᠨ ᠤ ᠠᠵᠢᠯ ᠢ ᠳ᠋ᠦᠩᠨᠡᠨ | ᠡᠷᠭᠢᠴᠡᠭᠦᠯᠵᠦ᠂ ᠣᠳᠣᠬᠠᠨ ᠳᠤ ᠴᠠᠬᠢᠯᠭᠠᠨ ᠱᠠᠲᠤ ᠬᠡᠷᠩᠯᠡᠬᠦ ᠨᠢᠭᠡᠴᠢ ᠳᠤ ᠣᠷᠣᠰᠢᠵᠤ ᠪᠠᠶᠢᠭ᠎ᠠ ᠭᠤᠤᠯ | ᠠᠰᠠᠭᠤᠳᠠᠯ ᠢ ᠳᠤᠷᠠᠳᠴᠤ᠂ ᠲᠠᠷᠠᠭᠠᠴᠢ ᠶᠢᠨ ᠠᠯᠬᠤᠮ ᠤᠨ ᠴᠠᠬᠢᠯᠭᠠᠨ ᠱᠠᠲᠤ ᠶᠢᠨ ᠠᠮᠤᠷ ᠲᠦᠪᠰᠢᠨ ᠤ | ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ | ᠠᠮᠤᠷ ᠲᠦᠪᠰᠢᠨ ᠢ ᠬᠢᠨᠠᠨ ᠪᠠᠶᠢᠴᠠᠭᠠᠬᠤ ᠲᠠᠰᠤᠭ ᠤᠨ ᠳᠠᠷᠤᠭ᠎ᠠ ᠠᠴᠠ ︽ ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ︾᠂ ︽ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠬᠠᠮᠢᠶᠠᠷᠤᠯᠲᠠ ᠶᠢᠨ ᠲᠦᠷᠢᠮ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠠᠷᠭ᠎ᠠ︾ ᠶᠢ ᠨᠠᠷᠢᠨ ᠲᠠᠶᠢᠯᠪᠤᠷᠢᠯᠠᠪᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ | ᠬᠢᠨᠠᠨ ᠪᠠᠶᠢᠴᠠᠭᠠᠯᠲᠠ ᠶᠢᠨ ᠲᠠᠰᠤᠭ ᠤᠨ ᠠᠵᠢᠯᠲᠠᠨ ᠠᠴᠠ ᠴᠠᠬᠢᠯᠭᠠᠨ ᠱᠠᠲᠤ ᠬᠡᠷᠡᠭᠯᠡᠬᠦ ᠨᠢᠭᠡᠴᠢ ᠳᠤ ︽ᠤᠯᠠᠭᠠᠨᠬᠠᠳᠠ | ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ | ᠰᠢᠰᠲ᠋ᠧᠮ︾ ᠤᠨ ᠬᠠᠮᠢᠶ᠎ᠠ ᠪᠥᠬᠦᠶ ᠠᠭᠤᠯᠭ᠎ᠠ ᠶᠢ ᠲᠠᠶᠢᠯᠪᠤᠷᠢᠯᠠᠪᠠ᠃ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠡᠯ᠎ᠡ | ᠴᠠᠬᠢᠯᠭᠠᠨ ᠱᠠᠲᠤ ᠬᠡᠷᠡᠭᠯᠡᠬᠦ ᠨᠢᠭᠡᠴᠢ ᠣᠳᠣᠬᠠᠨ ᠤ ᠠᠮᠤᠷ ᠲᠦᠪᠰᠢᠨ ᠤ ᠪᠠᠶᠢᠳᠠᠯ ᠢ ᠲᠣᠳᠣᠷᠬᠠᠶ ᠲᠠᠨᠢᠵᠤ᠂ | ᠠᠰᠠᠭᠤᠳᠠᠯ ᠳᠤ ᠵᠥᠪ ᠢᠶᠠᠷ ᠬᠠᠨᠳᠤᠬᠤ ᠬᠡᠷᠩᠳᠡᠢ᠃ ᠡᠯ᠎ᠡ ᠴᠠᠬᠢᠯᠭᠠᠨ ᠱᠠᠲᠤ ᠶᠢᠨ ᠠᠷᠠᠴᠢᠯᠠᠨ ᠬᠠᠮᠠᠭᠠᠯᠠᠬᠤ | ᠨᠢᠭᠡᠴᠢ ᠨᠦᠭᠦᠳ ᠠᠷᠠᠴᠢᠯᠠᠨ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠬᠢᠯᠭᠠᠨ | ᠱᠠᠲᠤ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ | ᠠᠵᠢᠯ ᠢ ᠰᠠᠶᠢᠲᠤᠷ ᠬᠢᠬᠦ ᠬᠡᠷᠡᠭᠲᠡᠶ ᠱᠠᠭᠠᠷᠳᠠᠪᠠ᠃ |